ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠰᠤᠷᠠᠭ ᠵᠠᠩᠬᠢ
ᠬᠡᠷᠡᠭᠯᠡᠭᠡ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠠᠶ᠋ᠢᠮᠠᠭ ᠬᠤᠲᠠ᠎ᠶᠢᠨ ᠰᠣᠨᠣᠰᠬᠠᠯ
ᠮᠤᠵᠢ ᠵᠢᠨ ᠲᠠᠰ᠎ᠤᠨ ᠪᠣᠯᠪᠠᠰᠤᠨ ᠵᠢᠭᠤᠯᠴᠢᠯᠠᠯ᠎ᠤᠨ ᠵᠢᠱ᠌ᠢᠶ᠎ᠡ ᠦᠵᠡᠭᠦᠯᠬᠦ ᠨᠢᠭᠡᠴᠢ ᠵᠢᠨ ᠲᠤᠰᠬᠠᠶ ᠮᠡᠷᠭᠡᠵᠢᠯᠲᠡᠨ᠎ᠤ ᠰᠢᠯᠭ᠋ᠠᠷᠠᠭᠤᠯᠬᠤ ᠳᠤᠭᠤᠢ᠌ᠯᠠᠩ ᠰᠢᠯᠢ ᠵᠢᠨ ᠭᠣᠤᠯ ᠠᠢ᠌ᠮᠠᠭ᠎ᠲᠤ ᠬᠦᠷᠴᠦ ᠲᠤᠬᠠᠶ ᠵᠢᠨ ᠲᠠᠯᠠᠪᠠᠶ ᠵᠢᠨ ᠰᠢᠯᠭ᠋ᠠᠨ ᠦᠨᠡᠯᠡᠯᠲᠡ ᠥᠷᠨᠢᠭᠦᠯᠪᠡ
ᠨᠡᠶᠢᠲᠡᠯᠡᠭᠰᠡᠨ ᠴᠠᠭ᠄ 2022-04-29

    4 ᠳ᠋ᠦ᠍ᠭᠡᠷ ᠰᠠᠷ᠎ᠠ ᠵᠢᠨ 22᠎ᠤᠨ ᠡᠳᠦᠷ᠎ᠠᠴᠠ 24᠎ᠤ ᠡᠳᠦᠷ ᠪᠣᠯᠲᠠᠯ᠎ᠠ᠂ ᠮᠤᠵᠢ ᠵᠢᠨ ᠲᠠᠰ᠎ᠤᠨ ᠪᠣᠯᠪᠠᠰᠤᠨ ᠵᠢᠭᠤᠯᠴᠢᠯᠠᠯ᠎ᠤᠨ ᠵᠢᠱ᠌ᠢᠶ᠎ᠡ ᠦᠵᠡᠭᠦᠯᠬᠦ ᠨᠢᠭᠡᠴᠢ ᠵᠢᠨ ᠲᠤᠰᠬᠠᠶ ᠮᠡᠷᠭᠡᠵᠢᠯᠲᠡᠨ᠎ᠤ ᠦᠨᠡᠯᠡᠨ ᠬᠢᠨᠠᠬᠤ ᠳᠤᠭᠤᠢ᠌ᠯᠠᠩ ᠰᠢᠯᠢ ᠵᠢᠨ ᠭᠣᠤᠯ ᠠᠢ᠌ᠮᠠᠭ᠎ᠤᠨ ᠰᠢᠯᠢᠩᠬᠣᠲᠠ᠂ ᠳᠣᠯᠣᠨ ᠨᠠᠭᠤᠷ ᠰᠢᠶᠠᠨ᠎ᠳᠤ ᠭᠦᠨᠵᠡᠭᠡᠢ᠌ᠷᠡᠨ ᠰᠢᠯᠢ ᠵᠢᠨ ᠭᠣᠤᠯ᠎ᠤᠨ ᠶᠤᠸᠠᠨ ᠾᠧ ᠬᠣᠭᠣᠯᠠᠨ ᠬᠡᠷ᠂ ᠳᠣᠯᠣᠨ ᠨᠠᠭᠤᠷ᠎ᠤᠨ ᠦᠵᠡᠮᠵᠢ ᠵᠢᠨ ᠣᠷᠣᠨ᠎ᠤ ᠪᠣᠯᠪᠠᠰᠤᠨ ᠵᠢᠭᠤᠯᠴᠢᠯᠠᠯ᠎ᠤᠨ ᠵᠢᠱ᠌ᠢᠶ᠎ᠡ ᠦᠵᠡᠭᠦᠯᠬᠦ ᠨᠢᠭᠡᠴᠢ ᠵᠢ ᠡᠭᠦᠳᠦᠨ ᠪᠠᠢ᠌ᠭᠤᠯᠤᠭᠰᠠᠨ ᠪᠠᠢ᠌ᠳᠠᠯ᠎ᠢ ᠲᠤᠬᠠᠶ ᠵᠢᠨ ᠭᠠᠵᠠᠷ᠎ᠲᠤ᠎ᠨᠢ ᠰᠢᠯᠭ᠋ᠠᠨ ᠦᠨᠡᠯᠡᠬᠦ ᠠᠵᠢᠯ ᠥᠷᠨᠢᠭᠦᠯᠪᠡ᠃
      ᠬᠢᠨᠠᠨ ᠲᠣᠭᠲᠠᠭ᠋ᠠᠬᠤ ᠳᠤᠭᠤᠢ᠌ᠯᠠᠩ᠎ᠨᠢ ᠡᠭᠦᠳᠦᠨ ᠪᠠᠢ᠌ᠭᠤᠯᠬᠤ ᠨᠢᠭᠡᠴᠢ ᠵᠢᠨ ᠬᠠᠲᠠᠭᠤ ᠲᠣᠨᠣᠭ᠎ᠤᠨ ᠲᠣᠬᠢᠷᠠᠭᠤᠯᠤᠯᠲᠠ ᠵᠢᠨ ᠪᠠᠢ᠌ᠳᠠᠯ ᠪᠠ ᠵᠥᠭᠡᠯᠡᠨ ᠲᠣᠨᠣᠭ᠎ᠤᠨ ᠪᠠᠢ᠌ᠭᠤᠯᠤᠯᠲᠠ ᠵᠢᠨ ᠪᠠᠢ᠌ᠳᠠᠯ᠎ᠢ ᠲᠤᠬᠠᠶ ᠵᠢᠨ ᠭᠠᠵᠠᠷ᠎ᠲᠤ᠎ᠨᠢ ᠪᠠᠢ᠌ᠴᠠᠭ᠋ᠠᠨ ᠦᠵᠡᠬᠦ ᠵᠢᠨ ᠬᠠᠮᠲᠤ ᠬᠢᠨᠠᠨ ᠦᠨᠡᠯᠡᠬᠦ ᠰᠠᠭᠤᠳᠠᠯ᠎ᠤᠨ ᠬᠤᠷᠠᠯ ᠬᠤᠷᠠᠯᠳᠤᠭᠤᠯᠵᠤ᠂ ᠵᠢᠭᠤᠯᠴᠢᠯᠠᠯ᠎ᠤᠨ ᠠᠵᠤ ᠠᠬᠤᠢ᠌ᠯᠠᠯ᠎ᠢ ᠡᠭᠦᠳᠦᠨ ᠪᠠᠢ᠌ᠭᠤᠯᠬᠤ ᠠᠵᠢᠯ᠎ᠤᠨ ᠪᠣᠳᠠᠲᠠᠶ ᠪᠠᠢ᠌ᠳᠠᠯ᠎ᠤᠨ ᠲᠤᠬᠠᠶ ᠥᠪᠡᠰᠦᠪᠡᠨ ᠦᠨᠡᠯᠡᠭᠰᠡᠨ ᠬᠠᠷᠢᠭᠤ ᠮᠡᠳᠡᠭᠦᠯᠦᠯᠲᠡ ᠵᠢ ᠰᠣᠨᠣᠰᠪᠠ᠃
      ᠲᠠᠷᠠᠭ᠋ᠠᠴᠢ ᠵᠢᠨ ᠠᠯᠬᠤᠮ᠎ᠳᠤ᠂ ᠠᠢ᠌ᠮᠠᠭ᠂ ᠬᠣᠰᠢᠭᠤ ᠬᠣᠶᠠᠷ ᠱᠠᠲᠤᠨ᠎ᠤ ᠰᠣᠶᠣᠯ ᠪᠡᠶ᠎ᠡ ᠵᠢᠨ ᠲᠠᠮᠢᠷ ᠵᠢᠭᠤᠯᠴᠢᠯᠠᠯ ᠷᠠᠳᠢᠣ᠋ ᠲᠧᠯᠸᠢᠰ᠎ᠤᠨ ᠰᠠᠯᠠᠭ᠎ᠠ ᠮᠥᠴᠢᠷ᠎ᠨᠢ ᠲᠣᠰ ᠤᠳᠠᠭ᠋ᠠᠨ᠎ᠤ ᠰᠢᠯᠭ᠋ᠠᠨ ᠦᠨᠡᠯᠡᠭᠰᠡᠨ ᠲᠤᠷᠰᠢᠯᠭ᠎ᠠ ᠵᠢ ᠨᠠᠷᠢᠨ ᠬᠢᠨᠠᠮᠠᠭ᠋ᠠᠶ ᠰᠢᠩᠭᠡᠭᠡᠨ ᠠᠪᠴᠤ᠂ ᠡᠵᠡᠩᠨᠡᠯᠲᠡ᠎ᠨᠢ ᠵᠢᠷᠤᠮᠵᠢᠯ᠎ᠲᠠᠢ᠂ ᠦᠢᠯᠡᠴᠢᠯᠡᠭᠡ᠎ᠨᠢ ᠪᠣᠯᠪᠠᠰᠤᠨ᠂ ᠡᠨᠧᠷᠭᠢ ᠠᠷᠪᠢᠯᠠᠨ ᠣᠷᠴᠢᠨ ᠲᠣᠭᠣᠷᠢᠨ᠎ᠢ ᠬᠠᠮᠠᠭ᠋ᠠᠯᠠᠬᠤ ᠪᠣᠬᠢᠷᠲᠤᠯ ᠥᠬᠡᠶ ᠵᠢᠭᠤᠯᠴᠢᠯᠠᠯ᠎ᠤᠨ ᠠᠵᠤ ᠠᠬᠤᠢ᠌ᠯᠠᠯ᠎ᠢ ᠦᠷᠭᠦᠯᠵᠢᠯᠡᠨ ᠪᠣᠢ᠌ᠵᠢᠭᠤᠯᠤᠨ ᠪᠣᠶ ᠪᠣᠯᠭ᠋ᠠᠨ᠎ᠠ᠃

ᠢᠷᠡᠯᠲᠡ᠄ ᠰᠢᠯᠢ ᠵᠢᠨ ᠭᠣᠤᠯ ᠠᠢ᠌ᠮᠠᠭ᠎ᠤᠨ ᠰᠣᠶᠣᠯ ᠲᠠᠮᠢᠷ ᠵᠢᠭᠤᠯᠴᠢᠯᠠᠯ ᠷᠠᠳᠢᠣ᠋ ᠲᠧᠯᠸᠢᠰ᠎ᠤᠨ ᠲᠣᠪᠴᠢᠶ᠎ᠠ
          
ᠬᠠᠮᠢᠶ᠎ᠡ ᠪᠦᠬᠦᠢ ᠰᠣᠨᠢᠨ
《ᠳᠤᠮᠳᠠᠳᠤ ᠤᠯᠤᠰ᠎ᠤᠨ ᠬᠠᠭᠤᠴᠢ ᠰᠤᠳᠤᠯᠤᠯ — ᠬᠤᠩᠱ᠌ᠠᠨ ᠨᠡᠢ᠌ᠭᠡᠮ᠎ᠤᠨ ᠪᠣᠯᠪᠠᠰᠤᠨ᠎ᠤ ᠠᠬᠢᠴᠠ ᠵᠢᠨ ᠰᠤᠳᠤᠯᠭ᠋ᠠᠨ》᠎ᠤ ᠥᠪᠥᠷ ᠮᠣᠩᠭᠣᠯ ᠣᠷᠣᠨ᠎ᠤ ᠡᠷᠲᠡᠮ ᠰᠢᠨᠵᠢᠯᠡᠭᠡᠨ᠎ᠤ ᠠᠵᠢᠯ ᠪᠥᠬᠥ ᠲᠠᠯ᠎ᠠ᠎ᠪᠠᠷ ᠡᠬᠢᠯᠡᠪᠡ
ᠬᠢᠩᠭ᠋ᠠᠨ ᠠᠢ᠌ᠮᠠᠭ ᠵᠢᠭᠤᠯᠴᠢᠯᠠᠯ᠎ᠤᠨ ᠭᠣᠤᠯᠳᠠᠯᠭ᠎ᠠ᠎ᠲᠠᠢ ᠲᠥᠷᠥᠯ ᠵᠦᠢᠯ᠎ᠢ ᠲᠣᠬᠢᠷᠠᠭᠤᠯᠪᠠ
ᠰᠢᠯᠢ ᠵᠢᠨ ᠭᠣᠤᠯ ᠠᠢ᠌ᠮᠠᠭ᠎ᠤᠨ ᠨᠢᠭᠡᠨ ᠵᠠᠮ 《ᠬᠥᠳᠡᠭᠡ ᠲᠣᠰᠬᠣᠨ᠎ᠤ ᠳᠥᠷᠪᠡᠨ ᠴᠠᠭ᠎ᠤᠨ ᠰᠠᠢ᠌ᠨ ᠰᠠᠢ᠌ᠬᠠᠨ ᠥᠩᠭᠡ ᠦᠵᠡᠮᠵᠢ — ᠬᠠᠪᠤᠷ ᠲᠦᠯᠵᠢᠵᠦ ᠵᠣᠨ ᠪᠣᠢ᠌ᠵᠢᠬᠤ ᠲᠦᠮᠡᠨ ᠪᠣᠳᠠᠰ ᠭᠡᠭᠡᠨᠴᠢᠷ》 ᠪᠥᠬᠥ ᠤᠯᠤᠰ᠎ᠤᠨ ᠬᠥᠳᠡᠭᠡ ᠲᠣᠰᠬᠣᠨ᠎ᠤ ᠵᠢᠭᠤᠯᠴᠢᠯᠠᠯ᠎ᠤᠨ ᠰᠣᠳᠣᠨ ᠱᠤᠭᠤᠮ᠎ᠳᠤ ᠰᠣᠩᠭᠣᠭᠳᠠᠪᠠ
ᠦᠬᠠᠶ ᠬᠣᠲᠠ ᠵᠢᠨ ᠰᠣᠶᠣᠯ ᠪᠡᠶ᠎ᠡ ᠵᠢᠨ ᠲᠠᠮᠢᠷ ᠵᠢᠭᠤᠯᠴᠢᠯᠠᠯ ᠷᠠᠳᠢᠣ᠋ ᠲᠧᠯᠸᠢᠰ᠎ᠤᠨ ᠲᠣᠪᠴᠢᠶ᠎ᠠ 《5·19》 ᠳᠤᠮᠳᠠᠳᠤ ᠤᠯᠤᠰ᠎ᠤᠨ ᠵᠢᠭᠤᠯᠴᠢᠯᠠᠯ᠎ᠤᠨ ᠡᠳᠦᠷ᠎ᠤᠨ ᠠᠵᠢᠯᠯᠠᠭ᠎ᠠ ᠵᠢ ᠵᠣᠯᠭ᠋ᠠᠭᠤᠯᠬᠤ ᠬᠤᠷᠠᠯ ᠬᠤᠷᠠᠯᠳᠤᠭᠤᠯᠪᠠ
ᠦᠬᠠᠶ ᠬᠣᠲᠠ ᠵᠢᠨ ᠰᠣᠶᠣᠯ ᠷᠠᠳᠢᠣ᠋ ᠲᠧᠯᠸᠢᠰ᠎ᠤᠨ ᠦᠢᠯᠡᠰ᠎ᠤᠨ ᠬᠥᠭᠵᠢᠯᠲᠡ ᠵᠢᠨ ᠲᠥᠪ᠎ᠤᠨ ᠨᠣᠮ᠎ᠤᠨ ᠰᠠᠩ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢ ᠠᠬᠢᠭᠤᠯᠬᠤ ᠲᠦᠷᠢᠮ》᠎ᠤᠨ ᠤᠬᠠᠭᠤᠯᠭ᠎ᠠ ᠬᠥᠮᠦᠵᠢᠯ᠎ᠤᠨ ᠠᠵᠢᠯᠯᠠᠭ᠎ᠠ ᠦᠷᠨᠢᠭᠦᠯᠪᠡ
 
            