ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠰᠤᠷᠠᠭ ᠵᠠᠩᠬᠢ
ᠬᠡᠷᠡᠭᠯᠡᠭᠡ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠠᠶ᠋ᠢᠮᠠᠭ ᠬᠤᠲᠠ᠎ᠶᠢᠨ ᠰᠣᠨᠣᠰᠬᠠᠯ
ᠬᠢᠩᠭ᠋ᠠᠨ ᠠᠢ᠌ᠮᠠᠭ ᠵᠢᠭᠤᠯᠴᠢᠯᠠᠯ᠎ᠤᠨ ᠭᠣᠤᠯᠳᠠᠯᠭ᠎ᠠ᠎ᠲᠠᠢ ᠲᠥᠷᠥᠯ ᠵᠦᠢᠯ᠎ᠢ ᠲᠣᠬᠢᠷᠠᠭᠤᠯᠪᠠ
ᠨᠡᠶᠢᠲᠡᠯᠡᠭᠰᠡᠨ ᠴᠠᠭ᠄ 2022-04-29

     4 ᠳ᠋ᠦ᠍ᠭᠡᠷ ᠰᠠᠷ᠎ᠠ ᠵᠢᠨ 25᠎ᠤ ᠡᠳᠦᠷ᠂ ᠬᠢᠩᠭ᠋ᠠᠨ ᠠᠢ᠌ᠮᠠᠭ᠎ᠤᠨ ᠰᠣᠶᠣᠯ ᠵᠢᠭᠤᠯᠴᠢᠯᠠᠯ ᠪᠡᠶ᠎ᠡ ᠵᠢᠨ ᠲᠠᠮᠢᠷ᠎ᠤᠨ ᠰᠢᠰᠲ᠋ᠧᠮ ᠵᠢᠭᠤᠯᠴᠢᠯᠠᠯ᠎ᠤᠨ ᠭᠣᠤᠯᠳᠠᠯᠭ᠎ᠠ᠎ᠲᠠᠢ ᠲᠥᠷᠥᠯ ᠵᠦᠢᠯ᠎ᠤᠨ ᠲᠣᠬᠢᠷᠠᠭᠤᠯᠤᠯᠲᠠ ᠵᠢᠨ ᠬᠤᠷᠠᠯ᠎ᠢ ᠵᠣᠬᠢᠶᠠᠨ ᠪᠠᠢ᠌ᠭᠤᠯᠤᠨ ᠬᠤᠷᠠᠯᠳᠤᠭᠤᠯᠵᠤ᠂ ᠦᠨᠦ ᠵᠢᠯ᠎ᠤᠨ ᠬᠡᠷᠡᠭᠵᠢᠭᠦᠯᠦᠭᠰᠡᠨ ᠵᠢᠭᠤᠯᠴᠢᠯᠠᠯ᠎ᠤᠨ ᠭᠣᠤᠯᠳᠠᠯᠭ᠎ᠠ᠎ᠲᠠᠢ ᠲᠥᠷᠥᠯ ᠵᠦᠢᠯ᠎ᠢ ᠨᠢᠭᠡᠳ ᠨᠢᠭᠡ᠎ᠪᠠᠷ ᠡᠮᠬᠢᠯᠡᠪᠡ᠃ ᠠᠢ᠌ᠮᠠᠭ᠎ᠤᠨ ᠰᠣᠶᠣᠯ ᠵᠢᠭᠤᠯᠴᠢᠯᠠᠯ ᠪᠡᠶ᠎ᠡ ᠵᠢᠨ ᠲᠠᠮᠢᠷ᠎ᠤᠨ ᠲᠣᠪᠴᠢᠶ᠎ᠠ᠂ ᠡᠯ᠎ᠡ ᠬᠣᠰᠢᠭᠤ ᠰᠢᠶᠠᠨ ᠬᠣᠲᠠ ᠵᠢᠨ ᠰᠣᠶᠣᠯ ᠵᠢᠭᠤᠯᠴᠢᠯᠠᠯ ᠪᠡᠶ᠎ᠡ ᠵᠢᠨ ᠲᠠᠮᠢᠷ᠎ᠤᠨ ᠲᠤᠪᠴᠢᠶᠠᠨ᠎ᠤ ᠬᠠᠷᠢᠭᠤᠴᠠᠯᠭ᠋ᠠᠲᠠᠨ ᠬᠤᠷᠠᠯ᠎ᠳᠤ ᠣᠷᠣᠯᠴᠠᠪᠠ  ᠃
     2022 ᠣᠨ᠎ᠳᠤ᠂ ᠬᠢᠩᠭ᠋ᠠᠨ ᠠᠢ᠌ᠮᠠᠭ ᠵᠢᠭᠤᠯᠴᠢᠯᠠᠯ᠎ᠤᠨ ᠭᠣᠤᠯᠳᠠᠯᠭ᠎ᠠ᠎ᠲᠠᠢ ᠲᠥᠷᠥᠯ ᠵᠦᠢᠯ 40 ᠵᠢ ᠬᠡᠷᠡᠭᠵᠢᠭᠦᠯᠵᠦ᠂ ᠡᠭᠦᠨ᠎ᠳᠤ ᠤᠯᠠᠭ᠋ᠠᠨᠬᠣᠲᠠ 8᠂ ᠷᠠᠰᠢᠶᠠᠨ ᠬᠣᠲᠠ 12᠂ ᠬᠣᠷᠴᠢᠨ ᠪᠠᠷᠠᠭᠤᠨ ᠭᠠᠷᠤᠨ ᠡᠮᠦᠨᠡᠲᠦ ᠬᠣᠰᠢᠭᠤ 10᠂ ᠵᠠᠯᠠᠢ᠌ᠳ ᠬᠣᠰᠢᠭᠤ 2᠂ ᠬᠣᠷᠴᠢᠨ ᠪᠠᠷᠠᠭᠤᠨ ᠭᠠᠷᠤᠨ ᠳᠤᠮᠳᠠᠳᠤ ᠬᠣᠰᠢᠭᠤ 4᠂ ᠲᠦᠴᠢᠦᠸᠠᠨ ᠰᠢᠶᠠᠨ 4 ᠪᠠᠢ᠌ᠵᠤ᠂ ᠦᠵᠡᠮᠵᠢ ᠵᠢᠨ ᠣᠷᠣᠨ᠂ ᠰᠣᠳᠣᠨ ᠠᠷᠠᠳ᠎ᠤᠨ ᠰᠠᠭᠤᠴᠠ᠂ ᠴᠠᠨᠠᠯᠠᠯᠲᠠ ᠵᠢᠨ ᠲᠠᠯᠠᠪᠤᠷ᠂ ᠬᠥᠳᠡᠭᠡ ᠨᠤᠲᠤᠭ᠎ᠤᠨ ᠶᠡᠷᠦᠩᠬᠡᠢ᠌ᠯᠡᠭᠰᠡᠨ ᠴᠣᠭᠴᠠ᠂ ᠵᠢᠭᠤᠯᠴᠢᠯᠠᠯ᠎ᠤᠨ ᠥᠷᠲᠡᠭᠡ ᠵᠡᠷᠭᠡ ᠵᠢᠭᠤᠯᠴᠢᠯᠠᠯ᠎ᠤᠨ ᠡᠵᠡᠩᠨᠡᠯᠲᠡ ᠵᠢᠨ ᠬᠡᠯᠪᠡᠷᠢ ᠪᠠᠭᠲᠠᠨ᠎ᠠ  ᠃
      ᠬᠤᠷᠠᠯ ᠳᠡᠭᠡᠷ᠎ᠡ᠂ ᠡᠯ᠎ᠡ ᠬᠣᠰᠢᠭᠤ ᠰᠢᠶᠠᠨ ᠬᠣᠲᠠ ᠵᠢᠨ ᠰᠣᠶᠣᠯ ᠵᠢᠭᠤᠯᠴᠢᠯᠠᠯ ᠪᠡᠶ᠎ᠡ ᠵᠢᠨ ᠲᠠᠮᠢᠷ᠎ᠤᠨ ᠲᠣᠪᠴᠢᠶ᠎ᠠ᠎ᠨᠢ ᠲᠥᠷᠥᠯ ᠵᠦᠢᠯ᠎ᠤᠨ ᠪᠦᠬᠦᠯᠢ ᠴᠣᠭᠴᠠ ᠵᠢᠨ ᠠᠬᠢᠯᠲᠠ ᠵᠢᠨ ᠪᠠᠢ᠌ᠳᠠᠯ᠎ᠢ ᠲᠣᠰ ᠲᠣᠰ ᠬᠠᠷᠢᠭᠤ ᠮᠡᠳᠡᠭᠦᠯᠵᠦ᠂ ᠠᠢ᠌ᠮᠠᠭ᠎ᠤᠨ ᠰᠣᠶᠣᠯ ᠵᠢᠭᠤᠯᠴᠢᠯᠠᠯ ᠪᠡᠶ᠎ᠡ ᠵᠢᠨ ᠲᠠᠮᠢᠷ᠎ᠤᠨ ᠲᠣᠪᠴᠢᠶ᠎ᠠ᠎ᠨᠢ ᠲᠥᠷᠥᠯ ᠵᠦᠢᠯ᠎ᠤᠨ ᠪᠠᠯᠠ ᠮᠥᠩᠭᠥ ᠵᠢ ᠨᠠᠢ᠌ᠳᠠᠪᠤᠷᠢᠵᠢᠭᠤᠯᠬᠤ᠂ ᠡᠮᠦᠨᠡᠬᠢ ᠬᠤᠭᠤᠴᠠᠭ᠋ᠠᠨ᠎ᠤ ᠭᠠᠷᠳᠠᠮ ᠭᠦᠢᠴᠡᠳᠬᠡᠬᠦ᠂ ᠠᠵᠢᠯ ᠡᠬᠢᠯᠡᠭᠦᠯᠦᠨ ᠪᠥᠲᠥᠭᠡᠨ ᠪᠠᠢ᠌ᠭᠤᠯᠬᠤ ᠵᠡᠷᠭᠡ ᠲᠠᠯ᠎ᠠ᠎ᠪᠠᠷ ᠡᠯ᠎ᠡ ᠬᠣᠰᠢᠭᠤ ᠰᠢᠶᠠᠨ ᠬᠣᠲᠠ ᠵᠢᠨ ᠵᠢᠭᠤᠯᠴᠢᠯᠠᠯ᠎ᠤᠨ ᠲᠥᠷᠥᠯ ᠵᠦᠢᠯ᠎ᠢ ᠨᠢᠭᠡᠳ ᠨᠢᠭᠡ᠎ᠪᠠᠷ ᠡᠮᠬᠢᠯᠡᠵᠦ᠂ ᠲᠥᠷᠥᠯ ᠵᠦᠢᠯ᠎ᠤᠨ ᠡᠵᠡᠩᠨᠡᠯᠲᠡ ᠵᠢᠨ ᠭᠣᠤᠯ ᠴᠣᠭᠴᠠ᠂ ᠪᠠᠯᠠ ᠣᠷᠣᠭᠤᠯᠤᠯᠲᠠ ᠵᠢᠨ ᠭᠣᠤᠯ ᠴᠣᠭᠴᠠ᠂ ᠪᠥᠲᠥᠭᠡᠨ ᠪᠠᠢ᠌ᠭᠤᠯᠤᠯᠲᠠ ᠵᠢᠨ ᠭᠣᠤᠯ ᠴᠣᠭᠴᠠ ᠵᠢ ᠬᠢᠨᠠᠮᠠᠭ᠋ᠠᠶ ᠬᠢᠨᠠᠨ ᠬᠠᠷᠭᠤᠭᠤᠯᠵᠤ᠂ ᠪᠥᠬᠥ ᠠᠢ᠌ᠮᠠᠭ᠎ᠤᠨ ᠵᠢᠭᠤᠯᠴᠢᠯᠠᠯ᠎ᠤᠨ ᠭᠣᠤᠯᠳᠠᠯᠭ᠎ᠠ᠎ᠲᠠᠢ ᠲᠥᠷᠥᠯ ᠵᠦᠢᠯ᠎ᠤᠨ ᠪᠥᠲᠥᠭᠡᠨ ᠪᠠᠢ᠌ᠭᠤᠯᠤᠯᠲᠠ ᠵᠢᠨ ᠡᠯ᠎ᠡ ᠵᠦᠢᠯ᠎ᠤᠨ ᠠᠭᠤᠯᠭ᠎ᠠ ᠵᠢ ᠤᠯᠠᠮ ᠨᠢᠭᠡ ᠠᠯᠬᠤᠮ ᠲᠣᠳᠣᠷᠬᠠᠢ᠌ᠯᠠᠪᠠ  ᠃
      ᠬᠤᠷᠠᠯ᠎ᠠᠴᠠ ᠱᠠᠭ᠋ᠠᠷᠳᠠᠭᠰᠠᠨ᠎ᠨᠢ᠂ ᠡᠯ᠎ᠡ ᠬᠤᠰᠢᠭᠤ ᠰᠢᠶᠠᠨ ᠬᠣᠲᠠ ᠵᠢᠨ ᠰᠣᠶᠣᠯ ᠵᠢᠭᠤᠯᠴᠢᠯᠠᠯ ᠪᠡᠶ᠎ᠡ ᠵᠢᠨ ᠲᠠᠮᠢᠷ᠎ᠤᠨ ᠲᠣᠪᠴᠢᠶ᠎ᠠ ᠵᠢᠭᠤᠯᠴᠢᠯᠠᠯ᠎ᠤᠨ ᠲᠥᠷᠥᠯ ᠵᠦᠢᠯ᠎ᠤᠨ ᠪᠠᠯᠠ ᠮᠥᠩᠭᠥ᠂ ᠭᠠᠷ ᠭᠦᠢᠴᠡᠳᠬᠡᠯ ᠪᠠ ᠡᠵᠡᠩᠨᠡᠯᠲᠡ᠂ ᠪᠠᠯᠠ ᠣᠷᠣᠭᠤᠯᠤᠯᠲᠠ᠂ ᠪᠥᠲᠥᠭᠡᠨ ᠪᠠᠢ᠌ᠭᠤᠯᠤᠯᠲᠠ ᠵᠡᠷᠭᠡ ᠭᠤᠷᠪᠠᠨ ᠭᠣᠤᠯ ᠴᠣᠭᠴᠠ ᠵᠢᠨ ᠬᠣᠭᠣᠷᠣᠨᠳᠣᠬᠢ ᠬᠠᠷᠢᠴᠠᠭ᠎ᠠ ᠵᠢ ᠤᠯᠠᠮ ᠨᠢᠭᠡ ᠠᠯᠬᠤᠮ ᠰᠢᠯᠤᠭᠤᠳᠬᠠᠵᠤ᠂ ᠶᠠᠰᠤ ᠴᠢᠨᠠᠷ᠎ᠢ ᠲᠡᠷᠢᠭᠦᠨ᠎ᠳᠤ ᠲᠠᠯᠪᠢᠬᠤ ᠵᠠᠷᠴᠢᠮ᠎ᠢ ᠪᠠᠷᠢᠮᠲᠠᠯᠠᠨ᠂《ᠪᠥᠬᠥ ᠠᠢ᠌ᠮᠠᠭ᠎ᠤᠨ ᠵᠢᠭᠤᠯᠴᠢᠯᠠᠯ᠎ᠤᠨ ᠲᠤᠬᠠᠶ ᠵᠢᠨ ᠲᠠᠯᠠᠪᠠᠶ ᠵᠢᠨ ᠦᠵᠡᠭᠦᠯᠭᠡ ᠵᠢᠨ ᠴᠡᠭ᠎ᠤᠨ ᠦᠨᠡᠯᠡᠯᠲᠡ ᠵᠢᠨ ᠪᠠᠷᠢᠮᠵᠢᠶ᠎ᠠ》 ᠶᠤᠰᠤ᠎ᠪᠠᠷ ᠦᠨᠦ ᠵᠢᠯ᠎ᠤᠨ ᠪᠥᠲᠥᠭᠡᠨ ᠪᠠᠢ᠌ᠭᠤᠯᠤᠯᠲᠠ ᠵᠢᠨ ᠲᠥᠷᠥᠯ ᠵᠦᠢᠯ᠎ᠢ ᠲᠦᠷᠭᠡᠳᠬᠡᠨ ᠠᠬᠢᠭᠤᠯᠵᠤ᠂ ᠢᠷᠡᠬᠦ ᠵᠢᠯ᠎ᠤᠨ ᠨᠥᠭᠡᠴᠡᠯᠡᠬᠦ ᠲᠥᠷᠥᠯ ᠵᠦᠢᠯ᠎ᠢ ᠢᠳᠡᠪᠬᠢᠲᠡᠶ ᠲᠥᠯᠥᠪᠵᠢᠭᠦᠯᠵᠦ᠂ ᠬᠢᠯᠠᠰ ᠴᠡᠭ᠎ᠢ ᠪᠦᠲᠦᠭᠡᠨ ᠪᠠᠢ᠌ᠭᠤᠯᠵᠤ᠂ ᠵᠢᠭᠤᠯᠴᠢᠯᠠᠯ᠎ᠤᠨ ᠦᠢᠯᠡᠰ᠎ᠤᠨ ᠬᠡᠯᠪᠡᠷᠢ ᠵᠢ ᠦᠷᠭᠦᠯᠵᠢᠯᠡᠨ ᠪᠠᠶᠠᠯᠢᠭᠵᠢᠭᠤᠯᠵᠤ᠂ ᠬᠢᠩᠭ᠋ᠠᠨ ᠠᠢ᠌ᠮᠠᠭ᠎ᠤᠨ ᠵᠢᠭᠤᠯᠴᠢᠯᠠᠯ᠎ᠤᠨ ᠦᠢᠯᠡᠰ᠎ᠤᠨ ᠴᠢᠨᠠᠷ ᠰᠠᠢ᠌ᠲᠠᠶ ᠬᠥᠭᠵᠢᠯᠲᠡ᠎ᠳᠤ ᠰᠢᠨ᠎ᠡ ᠬᠥᠳᠡᠯᠭᠡᠭᠦᠷ ᠨᠡᠮᠡᠷᠢᠯᠡᠨ᠂ ᠰᠢᠨ᠎ᠡ ᠠᠮᠢᠵᠢᠷᠠᠯ᠎ᠤᠨ ᠬᠦᠴᠦᠨ ᠨᠡᠮᠡᠷᠢᠯᠡᠬᠦ ᠬᠡᠷᠡᠭᠲᠡᠶ ᠭᠡᠪᠡ  ᠃
      ᠬᠤᠷᠠᠯ᠎ᠠᠴᠠ ᠪᠠᠰᠠ A ᠲᠠᠰ᠎ᠤᠨ ᠵᠢᠭᠤᠯᠴᠢᠯᠠᠯ᠎ᠤᠨ ᠦᠵᠡᠮᠵᠢ ᠵᠢᠨ ᠣᠷᠣᠨ᠎ᠢ ᠳᠠᠬᠢᠨ ᠬᠢᠨᠠᠬᠤ᠂ ᠦᠵᠡᠮᠵᠢ ᠵᠢᠨ ᠣᠷᠣᠨ᠎ᠤ ᠠᠶᠤᠯ ᠦᠭᠡᠢ ᠦᠢᠯᠡᠳᠪᠦᠷᠢᠯᠡᠯ᠂ ᠠᠷᠠᠳ᠎ᠤᠨ ᠰᠠᠭᠤᠴᠠ ᠵᠢᠨ ᠪᠥᠲᠥᠭᠡᠨ ᠪᠠᠢ᠌ᠭᠤᠯᠤᠯᠲᠠ ᠵᠡᠷᠭᠡ ᠲᠠᠯ᠎ᠠ ᠵᠢᠨ ᠠᠵᠢᠯ᠎ᠢ ᠲᠣᠬᠢᠷᠠᠭᠤᠯᠤᠨ ᠪᠠᠢ᠌ᠷᠢᠯᠠᠭᠤᠯᠪᠠ  ᠃

ᠢᠷᠡᠯᠲᠡ᠄ ᠬᠢᠩᠭ᠋ᠠᠨ ᠠᠢ᠌ᠮᠠᠭ᠎ᠤᠨ ᠰᠣᠶᠣᠯ ᠵᠢᠭᠤᠯᠴᠢᠯᠠᠯ ᠪᠡᠶ᠎ᠡ ᠵᠢᠨ ᠲᠠᠮᠢᠷ᠎ᠤᠨ ᠲᠣᠪᠴᠢᠶ᠎ᠠ
          
ᠬᠠᠮᠢᠶ᠎ᠡ ᠪᠦᠬᠦᠢ ᠰᠣᠨᠢᠨ
ᠰᠢᠯᠢ ᠵᠢᠨ ᠭᠣᠤᠯ ᠠᠢ᠌ᠮᠠᠭ᠎ᠤᠨ ᠨᠢᠭᠡᠨ ᠵᠠᠮ 《ᠬᠥᠳᠡᠭᠡ ᠲᠣᠰᠬᠣᠨ᠎ᠤ ᠳᠥᠷᠪᠡᠨ ᠴᠠᠭ᠎ᠤᠨ ᠰᠠᠢ᠌ᠨ ᠰᠠᠢ᠌ᠬᠠᠨ ᠥᠩᠭᠡ ᠦᠵᠡᠮᠵᠢ — ᠬᠠᠪᠤᠷ ᠲᠦᠯᠵᠢᠵᠦ ᠵᠣᠨ ᠪᠣᠢ᠌ᠵᠢᠬᠤ ᠲᠦᠮᠡᠨ ᠪᠣᠳᠠᠰ ᠭᠡᠭᠡᠨᠴᠢᠷ》 ᠪᠥᠬᠥ ᠤᠯᠤᠰ᠎ᠤᠨ ᠬᠥᠳᠡᠭᠡ ᠲᠣᠰᠬᠣᠨ᠎ᠤ ᠵᠢᠭᠤᠯᠴᠢᠯᠠᠯ᠎ᠤᠨ ᠰᠣᠳᠣᠨ ᠱᠤᠭᠤᠮ᠎ᠳᠤ ᠰᠣᠩᠭᠣᠭᠳᠠᠪᠠ
ᠦᠬᠠᠶ ᠬᠣᠲᠠ ᠵᠢᠨ ᠰᠣᠶᠣᠯ ᠪᠡᠶ᠎ᠡ ᠵᠢᠨ ᠲᠠᠮᠢᠷ ᠵᠢᠭᠤᠯᠴᠢᠯᠠᠯ ᠷᠠᠳᠢᠣ᠋ ᠲᠧᠯᠸᠢᠰ᠎ᠤᠨ ᠲᠣᠪᠴᠢᠶ᠎ᠠ 《5·19》 ᠳᠤᠮᠳᠠᠳᠤ ᠤᠯᠤᠰ᠎ᠤᠨ ᠵᠢᠭᠤᠯᠴᠢᠯᠠᠯ᠎ᠤᠨ ᠡᠳᠦᠷ᠎ᠤᠨ ᠠᠵᠢᠯᠯᠠᠭ᠎ᠠ ᠵᠢ ᠵᠣᠯᠭ᠋ᠠᠭᠤᠯᠬᠤ ᠬᠤᠷᠠᠯ ᠬᠤᠷᠠᠯᠳᠤᠭᠤᠯᠪᠠ
ᠦᠬᠠᠶ ᠬᠣᠲᠠ ᠵᠢᠨ ᠰᠣᠶᠣᠯ ᠷᠠᠳᠢᠣ᠋ ᠲᠧᠯᠸᠢᠰ᠎ᠤᠨ ᠦᠢᠯᠡᠰ᠎ᠤᠨ ᠬᠥᠭᠵᠢᠯᠲᠡ ᠵᠢᠨ ᠲᠥᠪ᠎ᠤᠨ ᠨᠣᠮ᠎ᠤᠨ ᠰᠠᠩ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢ ᠠᠬᠢᠭᠤᠯᠬᠤ ᠲᠦᠷᠢᠮ》᠎ᠤᠨ ᠤᠬᠠᠭᠤᠯᠭ᠎ᠠ ᠬᠥᠮᠦᠵᠢᠯ᠎ᠤᠨ ᠠᠵᠢᠯᠯᠠᠭ᠎ᠠ ᠦᠷᠨᠢᠭᠦᠯᠪᠡ
ᠦᠨᠳᠦᠰᠦᠲᠡᠨ᠎ᠤ ᠲᠥᠷᠥ ᠵᠢᠨ ᠪᠣᠳᠣᠯᠭ᠎ᠠ ᠵᠢᠨ ᠤᠬᠠᠭᠤᠯᠭ᠎ᠠ᠎ᠳᠤ ᠬᠦᠴᠦᠨ ᠨᠡᠮᠡᠷᠢᠯᠡᠵᠦ ᠣᠶᠤᠨ ᠰᠠᠨᠠᠭ᠎ᠠ ᠰᠣᠶᠣᠯ᠎ᠤᠨ ᠬᠡᠷᠡᠭᠴᠡᠭᠡ ᠵᠢ ᠪᠠᠶᠠᠯᠢᠭᠵᠢᠭᠤᠯᠤᠨ᠎ᠠ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠳᠣᠨ ᠲᠠᠰ᠎ᠤᠨ ᠪᠠᠭᠤᠳᠠᠯ᠎ᠤᠨ ᠠᠵᠢᠯ ᠡᠷᠬᠢᠯᠡᠭᠴᠢᠳ᠎ᠤᠨ ᠦᠢᠯᠡᠴᠢᠯᠡᠭᠡᠨ᠎ᠤ ᠤᠷ᠎ᠠ ᠴᠢᠳᠠᠪᠤᠷᠢ ᠵᠢᠨ ᠤᠷᠤᠯᠳᠤᠭ᠋ᠠᠨ᠎ᠤ ᠪᠤᠭᠤᠲᠤ᠎ᠳᠤ᠎ᠬᠢ ᠰᠢᠯᠭ᠋ᠠᠷᠠᠭᠤᠯᠬᠤ ᠤᠷᠤᠯᠳᠤᠭ᠋ᠠᠨ ᠡᠬᠢᠯᠡᠪᠡ
 
            