ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠰᠤᠷᠠᠭ ᠵᠠᠩᠬᠢ
ᠬᠡᠷᠡᠭᠯᠡᠭᠡ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠠᠶ᠋ᠢᠮᠠᠭ ᠬᠤᠲᠠ᠎ᠶᠢᠨ ᠰᠣᠨᠣᠰᠬᠠᠯ
ᠬᠢᠩᠭ᠋ᠠᠨ ᠠᠢ᠌ᠮᠠᠭ᠎ᠤᠨ ᠰᠣᠶᠣᠯ ᠵᠢᠭᠤᠯᠴᠢᠯᠠᠯ ᠪᠡᠶ᠎ᠡ ᠵᠢᠨ ᠲᠠᠮᠢᠷ᠎ᠤᠨ ᠰᠢᠰᠲ᠋ᠧᠮ 《ᠬᠣᠶᠠᠷ᠎ᠢ ᠴᠤᠭᠴᠠᠯᠠᠬᠤ》 ᠠᠵᠢᠯ᠎ᠢ ᠠᠬᠢᠭᠤᠯᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄ 2022-04-29

       4 ᠳ᠋ᠦ᠍ᠭᠡᠷ ᠰᠠᠷ᠎ᠠ ᠵᠢᠨ 25᠎ᠤ ᠡᠳᠦᠷ᠂ ᠬᠢᠩᠭ᠋ᠠᠨ ᠠᠢ᠌ᠮᠠᠭ᠎ᠤᠨ ᠰᠣᠶᠣᠯ ᠵᠢᠭᠤᠯᠴᠢᠯᠠᠯ ᠪᠡᠶ᠎ᠡ ᠵᠢᠨ ᠲᠠᠮᠢᠷ᠎ᠤᠨ ᠰᠢᠰᠲ᠋ᠧᠮ ᠬᠤᠷᠠᠯ ᠬᠤᠷᠠᠯᠳᠤᠭᠤᠯᠵᠤ᠂ 《ᠬᠣᠶᠠᠷ᠎ᠢ ᠡᠭᠦᠳᠬᠦ》 ᠠᠵᠢᠯ᠎ᠢ ᠰᠤᠳᠤᠯᠤᠨ ᠪᠠᠢ᠌ᠷᠢᠯᠠᠭᠤᠯᠪᠠ᠃ ᠲᠣᠪᠴᠢᠶ᠎ᠠ ᠵᠢᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠱᠦᠵᠢ᠂ ᠲᠣᠪᠴᠢᠶ᠎ᠠ ᠵᠢᠨ ᠳᠠᠷᠤᠭ᠎ᠠ ᠰᠡᠴᠡᠨᠳᠦ᠋ᠭᠦᠷᠡᠩ ᠬᠤᠷᠠᠯ᠎ᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠤ᠂ ᠲᠣᠪᠴᠢᠶ᠎ᠠ ᠵᠢᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠪᠦᠷᠢᠯᠳᠦᠬᠦᠨ ᠲᠣᠪᠴᠢᠶ᠎ᠠ ᠵᠢᠨ ᠳᠡᠳ᠋ ᠳᠠᠷᠤᠭ᠎ᠠ ᠪᠠᠶ ᠱᠤ᠌ ᠴᠢᠨ᠂ ᠭᠤᠸᠠᠨ ᠵᠥᠩ ᠬᠠᠶ᠂ ᠡᠯ᠎ᠡ ᠬᠣᠰᠢᠭᠤ ᠰᠢᠶᠠᠨ ᠬᠣᠲᠠ ᠵᠢᠨ ᠰᠣᠶᠣᠯ ᠵᠢᠭᠤᠯᠴᠢᠯᠠᠯ ᠪᠡᠶ᠎ᠡ ᠵᠢᠨ ᠲᠠᠮᠢᠷ᠎ᠤᠨ ᠲᠣᠪᠴᠢᠶ᠎ᠠ ᠵᠢᠨ ᠳᠠᠷᠤᠭ᠎ᠠ᠂ ᠠᠢ᠌ᠮᠠᠭ ᠬᠣᠰᠢᠭᠤ ᠬᠣᠶᠠᠷ ᠱᠠᠲᠤᠨ᠎ᠤ ᠤᠯᠠᠭ᠋ᠠᠨᠮᠥ᠋ᠴᠢᠷ᠎ᠤᠨ ᠲᠤᠭᠤᠢ᠌ᠯᠠᠩ (ᠪᠦᠯᠬᠦᠮ)᠎ᠤᠨ ᠳᠠᠷᠤᠭ᠎ᠠ ᠵᠢᠴᠢ ᠵᠤᠬᠢᠶᠠᠨ ᠨᠠᠢ᠌ᠷᠠᠭᠤᠯᠤᠭᠴᠢᠳ ᠬᠤᠷᠠᠯ᠎ᠳᠤ ᠣᠷᠣᠯᠴᠠᠪᠠ᠃
      ᠬᠤᠷᠠᠯ᠎ᠠᠴᠠ᠂ ᠠᠵᠢᠯ᠎ᠤᠨ ᠪᠣᠳᠠᠲᠠᠶ᠎ᠲᠠᠢ᠎ᠪᠠᠨ ᠤᠶᠠᠯᠳᠤᠭᠤᠯᠤᠨ ᠪᠠᠢ᠌ᠴᠠᠭ᠋ᠠᠨ ᠰᠤᠳᠤᠯᠤᠯᠲᠠ ᠥᠷᠨᠢᠭᠦᠯᠵᠦ᠂ ᠬᠢᠩᠭ᠋ᠠᠨ ᠠᠢ᠌ᠮᠠᠭ᠎ᠤᠨ ᠬᠤᠪᠢᠰᠬᠠᠯ᠎ᠤᠨ ᠰᠣᠶᠣᠯ᠎ᠳᠤ ᠰᠠᠭᠤᠷᠢᠯᠠᠨ᠂ ᠪᠥᠬᠥ ᠣᠷᠣᠨ᠎ᠠᠴᠠ ᠪᠥᠬᠥ ᠤᠯᠤᠰ᠎ᠲᠤ ᠪᠣᠳᠣᠯᠬᠢᠯᠠᠨ᠂ ᠣᠯᠠᠨ ᠨᠡᠢ᠌ᠲᠡ ᠵᠢᠨ ᠰᠣᠶᠣᠯ᠎ᠤᠨ ᠲᠠᠯᠠᠪᠤᠷ ᠭᠠᠵᠠᠷ᠂ ᠵᠢᠭᠤᠯᠴᠢᠯᠠᠯ᠎ᠤᠨ ᠦᠵᠡᠮᠵᠢ ᠵᠢᠨ ᠣᠷᠣᠨ ᠦᠵᠡᠮᠵᠢ ᠵᠢᠨ ᠴᠡᠭ᠂ ᠳᠡᠯᠭᠡᠨ ᠦᠵᠡᠭᠦᠯᠭᠡ᠂ ᠣᠯᠠᠨ ᠲᠦᠮᠡᠨ᠎ᠤ ᠰᠣᠶᠣᠯ᠎ᠤᠨ ᠠᠵᠢᠯᠯᠠᠭ᠎ᠠ᠎ᠪᠠᠷ ᠠᠴᠢᠶᠠᠯᠠᠪᠤᠷᠢ ᠪᠣᠯᠭ᠋ᠠᠵᠤ᠂ ᠪᠣᠳᠠᠰ᠎ᠤᠨ ᠪᠤᠰᠤ ᠰᠣᠶᠣᠯ᠎ᠤᠨ ᠥᠪ᠂ ᠰᠣᠶᠣᠯ᠎ᠤᠨ ᠡᠭᠦᠳᠦᠯᠲᠡ ᠵᠢᠨ ᠬᠡᠯᠪᠡᠷᠢ᠎ᠪᠠᠷ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠵᠢ ᠵᠡᠷᠭᠡ᠎ᠪᠠᠷ ᠠᠬᠢᠭᠤᠯᠵᠤ᠂ ᠰᠣᠶᠣᠯ ᠵᠢᠭᠤᠯᠴᠢᠯᠠᠯ᠎ᠤᠨ ᠬᠦᠷᠢᠶᠡᠨ᠎ᠳᠤ ᠳᠤᠮᠳᠠᠳᠤ ᠵᠢᠨ ᠰᠣᠶᠣᠯ᠎ᠤᠨ ᠲᠡᠮᠳᠡᠭ ᠪᠣᠯᠤᠨ ᠳᠤᠮᠳᠠᠳᠤ ᠵᠢᠨ ᠦᠨᠳᠦᠰᠦᠲᠡᠨ᠎ᠤ ᠳᠦᠷᠢ ᠲᠥᠷᠬᠦ ᠵᠢ ᠭᠦᠢᠴᠡᠳ ᠢᠯᠡᠷᠡᠭᠦᠯᠬᠦ ᠬᠡᠷᠡᠭᠲᠡᠶ ᠭᠡᠵᠦ ᠱᠠᠭ᠋ᠠᠷᠳᠠᠪᠠ᠃
      ᠬᠤᠷᠠᠯ᠎ᠠᠴᠠ᠂ ᠲᠠᠢ᠌ᠰᠠᠨ᠎ᠤ ᠤᠷᠠᠯᠢᠭ᠎ᠤᠨ ᠰᠣᠳᠣᠨ ᠪᠦᠲᠦᠭᠡᠯ᠎ᠢ ᠡᠭᠦᠳᠴᠦ᠂ ᠤᠯᠠᠭ᠋ᠠᠨᠮᠥ᠋ᠴᠢᠷ᠎ᠤᠨ ᠬᠥᠭᠵᠢᠯᠲᠡ ᠵᠢᠨ ᠥᠩᠭᠡᠷᠡᠯᠲᠡ ᠵᠢ ᠬᠣᠯᠪᠣᠵᠤ᠂ ᠤᠯᠠᠭ᠋ᠠᠨᠮᠥ᠋ᠴᠢᠷ᠎ᠤᠨ 《ᠲᠠᠯ᠎ᠠ ᠨᠤᠲᠤᠭ᠎ᠤᠨ ᠬᠤᠪᠢᠰᠬᠠᠯᠲᠤ ᠤᠳᠬ᠎ᠠ ᠤᠷᠠᠯᠢᠭ᠎ᠤᠨ ᠬᠥᠩᠭᠡᠨ ᠮᠣᠷᠢᠲᠤ ᠴᠡᠷᠢᠭ》᠎ᠤᠨ ᠵᠢᠱ᠌ᠢᠶ᠎ᠡ ᠦᠵᠡᠭᠦᠯᠵᠦ ᠬᠥᠲᠥᠯᠥᠨ ᠳᠠᠭ᠋ᠠᠭᠤᠯᠬᠤ ᠦᠢᠯᠡᠳᠦᠯ᠎ᠢ ᠭᠦᠢᠴᠡᠳ ᠪᠠᠳᠠᠷᠠᠭᠤᠯᠵᠤ᠂ ᠬᠢᠩᠭ᠋ᠠᠨ ᠠᠢ᠌ᠮᠠᠭ᠎ᠤᠨ ᠬᠤᠪᠢᠰᠬᠠᠯᠲᠤ ᠰᠣᠶᠣᠯ᠎ᠤᠨ ᠲᠣᠭᠣᠷᠢᠨ᠎ᠳᠤ᠂ ᠨᠣᠮ ᠪᠢᠴᠢᠭ᠂ ᠬᠤᠪᠢᠰᠬᠠᠯ᠎ᠤᠨ ᠪᠠᠭᠤᠷᠢ᠂ ᠳᠡᠯᠭᠡᠨ ᠦᠵᠡᠭᠦᠯᠭᠡ᠎ᠠᠴᠠ ᠵᠣᠬᠢᠶᠠᠨ ᠪᠦᠲᠦᠭᠡᠬᠦ ᠣᠩᠭᠣᠳ ᠡᠷᠢᠵᠦ᠂ ᠰᠲ᠋ᠢᠯᠢ᠎ᠪᠠᠨ ᠰᠢᠨᠡᠴᠢᠯᠡᠨ᠂ ᠰᠡᠳᠬᠢᠯ ᠳᠡᠯᠪᠢᠨ ᠬᠦᠴᠦ ᠣᠷᠣᠭᠤᠯᠵᠤ ᠪᠠᠢ᠌ᠭ᠋ᠠᠳ ᠣᠬᠣᠷ ᠠᠪᠰᠠᠷᠬᠠᠨ ᠰᠢᠯᠢᠳᠡᠭ ᠤᠳᠬ᠎ᠠ ᠤᠷᠠᠯᠢᠭ᠎ᠤᠨ ᠰᠣᠳᠣᠨ ᠪᠦᠲᠦᠭᠡᠯ᠎ᠢ ᠵᠣᠬᠢᠶᠠᠨ ᠪᠦᠲᠦᠭᠡᠵᠦ᠂ ᠨᠠᠩ ᠣᠯᠠᠨ ᠲᠥᠯᠥᠭᠡᠯᠡᠬᠦ ᠴᠢᠨᠠᠷᠲᠠᠶ ᠪᠠ ᠲᠡᠦᠬᠡᠲᠦ ᠠᠴᠢ ᠬᠣᠯᠪᠣᠭᠳᠠᠯ᠎ᠲᠠᠢ ᠰᠢᠨ᠎ᠡ ᠰᠣᠷᠭᠣᠭ ᠪᠣᠷᠣ ᠮᠠᠲ᠋ᠧᠷᠢᠶᠠᠯ᠎ᠢ ᠲᠠᠢ᠌ᠰᠠᠨ᠎ᠳᠤ ᠭᠠᠷᠭ᠋ᠠᠨ᠂ ᠦᠨᠳᠦᠰᠦᠲᠡᠨ᠎ᠨᠦᠭᠦᠳ᠎ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ᠎ᠢ ᠠᠬᠢᠭᠤᠯᠬᠤ ᠬᠡᠷᠡᠭᠲᠡᠶ ᠭᠡᠵᠦ ᠱᠠᠭ᠋ᠠᠷᠳᠠᠪᠠ᠃  

ᠢᠷᠡᠯᠲᠡ᠄ ᠬᠢᠩᠭ᠋ᠠᠨ ᠠᠢ᠌ᠮᠠᠭ᠎ᠤᠨ ᠰᠣᠶᠣᠯ ᠵᠢᠭᠤᠯᠴᠢᠯᠠᠯ ᠪᠡᠶ᠎ᠡ ᠵᠢᠨ ᠲᠠᠮᠢᠷ᠎ᠤᠨ ᠲᠣᠪᠴᠢᠶ᠎ᠠ
          
ᠬᠠᠮᠢᠶ᠎ᠡ ᠪᠦᠬᠦᠢ ᠰᠣᠨᠢᠨ
ᠬᠢᠩᠭ᠋ᠠᠨ ᠠᠢ᠌ᠮᠠᠭ᠎ᠤᠨ ᠰᠣᠶᠣᠯ ᠵᠢᠭᠤᠯᠴᠢᠯᠠᠯ ᠪᠡᠶ᠎ᠡ ᠵᠢᠨ ᠲᠠᠮᠢᠷ᠎ᠤᠨ ᠰᠢᠰᠲ᠋ᠧᠮ 《5.1》᠎ᠤ ᠠᠮᠠᠷᠠᠯᠲᠠ ᠵᠢᠨ ᠬᠤᠭᠤᠴᠠᠭ᠋ᠠᠨ᠎ᠤ ᠠᠶᠤᠯ ᠦᠭᠡᠢ ᠦᠢᠯᠡᠳᠪᠦᠷᠢᠯᠡᠯ᠎ᠤᠨ ᠠᠵᠢᠯ᠎ᠤᠨ ᠬᠤᠷᠠᠯ ᠬᠤᠷᠠᠯᠳᠤᠭᠤᠯᠪᠠ
ᠣᠷᠳᠣᠰ ᠬᠣᠲᠠ ᠵᠢᠨ 11 ᠰᠣᠶᠣᠯ᠎ᠤᠨ ᠡᠷᠦᠬᠡ 2022 ᠣᠨ᠎ᠤ ᠪᠥᠬᠥ ᠣᠷᠣᠨ᠎ᠤ ᠮᠠᠯᠵᠢᠬᠤ ᠲᠠᠷᠢᠶᠠᠯᠠᠬᠤ ᠣᠷᠣᠨ᠎ᠤ ᠵᠢᠱ᠌ᠢᠶ᠎ᠡ ᠦᠵᠡᠭᠦᠯᠬᠦ ᠰᠣᠶᠣᠯ᠎ᠤᠨ ᠡᠷᠦᠬᠡ᠎ᠪᠠᠷ ᠦᠨᠡᠯᠡᠭᠳᠡᠪᠡ
《ᠰᠢᠨ᠎ᠡ ᠠᠶᠠᠨ᠎ᠳᠤ᠎ᠪᠠᠨ ᠡᠷᠡᠮᠡᠬᠡᠢ᠌ᠯᠡᠨ ᠤᠷᠤᠭᠰᠢᠯᠠᠵᠤ ᠬᠤᠨ ᠭᠠᠯᠠᠭᠤ ᠳᠠᠬᠢᠨ ᠮᠣᠷᠳᠠᠨᠠᠮ— 2022 ᠣᠨ᠎ᠤ ᠪᠢᠴᠢᠭ᠎ᠤᠨ ᠰᠤᠷᠪᠤᠯᠵᠢᠲᠤ ᠬᠥᠬᠡᠬᠣᠲᠠ ᠵᠢᠨ ᠤᠩᠰᠢᠯᠭ᠎ᠠ ᠵᠢᠨ ᠤᠯᠠᠷᠢᠯ》 ᠰᠢᠷᠢᠰ ᠠᠵᠢᠯᠯᠠᠭ᠎ᠠ ᠬᠥᠬᠡᠬᠣᠲᠠ ᠵᠢᠨ ᠪᠡᠶ᠎ᠡ ᠵᠢᠨ ᠲᠠᠮᠢᠷ᠎ᠤᠨ ᠲᠠᠯᠠᠪᠤᠷ᠎ᠤᠨ ᠬᠤᠨ ᠭᠠᠯᠠᠭᠤ ᠨᠣᠮ᠎ᠤᠨ ᠥᠷᠥᠭᠡᠨ᠎ᠳᠤ ᠶᠠᠪᠤᠭᠳᠠᠪᠠ
ᠮᠤᠵᠢ ᠵᠢᠨ ᠲᠠᠰ᠎ᠤᠨ ᠪᠣᠯᠪᠠᠰᠤᠨ ᠵᠢᠭᠤᠯᠴᠢᠯᠠᠯ᠎ᠤᠨ ᠵᠢᠱ᠌ᠢᠶ᠎ᠡ ᠦᠵᠡᠭᠦᠯᠬᠦ ᠨᠢᠭᠡᠴᠢ ᠵᠢᠨ ᠲᠤᠰᠬᠠᠶ ᠮᠡᠷᠭᠡᠵᠢᠯᠲᠡᠨ᠎ᠤ ᠰᠢᠯᠭ᠋ᠠᠷᠠᠭᠤᠯᠬᠤ ᠳᠤᠭᠤᠢ᠌ᠯᠠᠩ ᠰᠢᠯᠢ ᠵᠢᠨ ᠭᠣᠤᠯ ᠠᠢ᠌ᠮᠠᠭ᠎ᠲᠤ ᠬᠦᠷᠴᠦ ᠲᠤᠬᠠᠶ ᠵᠢᠨ ᠲᠠᠯᠠᠪᠠᠶ ᠵᠢᠨ ᠰᠢᠯᠭ᠋ᠠᠨ ᠦᠨᠡᠯᠡᠯᠲᠡ ᠥᠷᠨᠢᠭᠦᠯᠪᠡ
《ᠳᠤᠮᠳᠠᠳᠤ ᠤᠯᠤᠰ᠎ᠤᠨ ᠬᠠᠭᠤᠴᠢ ᠰᠤᠳᠤᠯᠤᠯ — ᠬᠤᠩᠱ᠌ᠠᠨ ᠨᠡᠢ᠌ᠭᠡᠮ᠎ᠤᠨ ᠪᠣᠯᠪᠠᠰᠤᠨ᠎ᠤ ᠠᠬᠢᠴᠠ ᠵᠢᠨ ᠰᠤᠳᠤᠯᠭ᠋ᠠᠨ》᠎ᠤ ᠥᠪᠥᠷ ᠮᠣᠩᠭᠣᠯ ᠣᠷᠣᠨ᠎ᠤ ᠡᠷᠲᠡᠮ ᠰᠢᠨᠵᠢᠯᠡᠭᠡᠨ᠎ᠤ ᠠᠵᠢᠯ ᠪᠥᠬᠥ ᠲᠠᠯ᠎ᠠ᠎ᠪᠠᠷ ᠡᠬᠢᠯᠡᠪᠡ
 
            