ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠰᠤᠷᠠᠭ ᠵᠠᠩᠬᠢ
ᠬᠡᠷᠡᠭᠯᠡᠭᠡ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠠᠶ᠋ᠢᠮᠠᠭ ᠬᠤᠲᠠ᠎ᠶᠢᠨ ᠰᠣᠨᠣᠰᠬᠠᠯ
ᠣᠷᠳᠣᠰ ᠬᠣᠲᠠ ᠵᠢᠨ 11 ᠰᠣᠶᠣᠯ᠎ᠤᠨ ᠡᠷᠦᠬᠡ 2022 ᠣᠨ᠎ᠤ ᠪᠥᠬᠥ ᠣᠷᠣᠨ᠎ᠤ ᠮᠠᠯᠵᠢᠬᠤ ᠲᠠᠷᠢᠶᠠᠯᠠᠬᠤ ᠣᠷᠣᠨ᠎ᠤ ᠵᠢᠱ᠌ᠢᠶ᠎ᠡ ᠦᠵᠡᠭᠦᠯᠬᠦ ᠰᠣᠶᠣᠯ᠎ᠤᠨ ᠡᠷᠦᠬᠡ᠎ᠪᠠᠷ ᠦᠨᠡᠯᠡᠭᠳᠡᠪᠡ
ᠨᠡᠶᠢᠲᠡᠯᠡᠭᠰᠡᠨ ᠴᠠᠭ᠄ 2022-04-29

      ᠣᠢ᠌ᠷ᠎ᠠ᠎ᠳᠤ᠂ ᠥᠪᠡᠷᠲᠡᠭᠡᠨ ᠵᠠᠰᠠᠬᠤ ᠣᠷᠣᠨ᠎ᠤ ᠲᠤᠰᠬᠠᠶ ᠮᠡᠷᠭᠡᠵᠢᠯᠲᠡᠨ᠎ᠤ ᠰᠢᠯᠭ᠋ᠠᠷᠠᠭᠤᠯᠤᠯᠲᠠ ᠪᠠ ᠵᠠᠷᠯᠠᠯ ᠵᠶ᠋ᠠᠷ ᠳᠡᠮᠵᠢᠨ᠂ ᠣᠷᠳᠣᠰ ᠬᠣᠲᠠ ᠵᠢᠨ 11 ᠰᠣᠶᠣᠯ᠎ᠤᠨ ᠡᠷᠦᠬᠡ ᠥᠪᠡᠷᠲᠡᠭᠡᠨ ᠵᠠᠰᠠᠬᠤ ᠣᠷᠣᠨ᠎ᠤ 2022 ᠣᠨ᠎ᠤ ᠪᠥᠬᠥ ᠣᠷᠣᠨ᠎ᠤ ᠮᠠᠯᠵᠢᠬᠤ ᠲᠠᠷᠢᠶᠠᠯᠠᠬᠤ ᠣᠷᠣᠨ᠎ᠤ ᠵᠢᠱ᠌ᠢᠶ᠎ᠡ ᠦᠵᠡᠭᠦᠯᠬᠦ ᠰᠣᠶᠣᠯ᠎ᠤᠨ ᠡᠷᠦᠬᠡ᠎ᠪᠠᠷ ᠦᠨᠡᠯᠡᠭᠳᠡᠪᠡ᠃
      ᠲᠠᠷᠠᠭ᠋ᠠᠴᠢ ᠵᠢᠨ ᠠᠯᠬᠤᠮ᠎ᠳᠤ᠂ ᠣᠷᠳᠣᠰ ᠬᠣᠲᠠ ᠵᠢᠨ ᠰᠣᠶᠣᠯ ᠪᠠ ᠵᠢᠭᠤᠯᠴᠢᠯᠠᠯ᠎ᠤᠨ ᠲᠣᠪᠴᠢᠶ᠎ᠠ ᠮᠠᠯᠵᠢᠬᠤ ᠲᠠᠷᠢᠶᠠᠯᠠᠬᠤ ᠣᠷᠣᠨ᠎ᠤ ᠵᠢᠱ᠌ᠢᠶ᠎ᠡ ᠦᠵᠡᠭᠦᠯᠬᠦ ᠰᠣᠶᠣᠯ᠎ᠤᠨ ᠡᠷᠦᠬᠡ ᠵᠢ ᠬᠥᠲᠥᠯᠥᠨ ᠵᠢᠯᠣᠭᠣᠳᠬᠤ᠂ ᠬᠠᠮᠢᠶᠠᠷᠬᠤ᠎ᠪᠠᠨ ᠦᠷᠭᠦᠯᠵᠢᠯᠡᠨ ᠴᠢᠩᠭ᠋ᠠᠳᠬᠠᠵᠤ᠂ ᠤᠬᠠᠭᠤᠯᠭ᠎ᠠ ᠵᠢᠨ ᠡᠷᠴᠢᠮ ᠵᠶ᠋ᠡᠨ ᠴᠢᠩᠭ᠋ᠠᠷᠠᠭᠤᠯᠵᠤ᠂ ᠵᠢᠱ᠌ᠢᠶ᠎ᠡ ᠦᠵᠡᠭᠦᠯᠬᠦ ᠰᠣᠶᠣᠯ᠎ᠤᠨ ᠡᠷᠦᠬᠡ ᠵᠢᠨ ᠳᠠᠭ᠋ᠠᠭᠤᠯᠬᠤ ᠦᠢᠯᠡᠳᠦᠯ ᠵᠶ᠋ᠡᠷ ᠳᠠᠮᠵᠢᠭᠤᠯᠤᠨ᠂ ᠰᠣᠶᠣᠯ᠎ᠤᠨ ᠡᠷᠦᠬᠡ ᠵᠢᠨ ᠰᠢᠨ᠎ᠡ ᠵᠢ ᠡᠭᠦᠳᠬᠦ ᠬᠦᠴᠦᠨ᠂ ᠦᠢᠯᠡᠴᠢᠯᠡᠬᠦ ᠬᠦᠴᠦᠨ ᠪᠠ ᠨᠥᠯᠥᠭᠡᠯᠡᠬᠦ ᠬᠦᠴᠦᠨ᠎ᠢ ᠲᠠᠰᠤᠷᠠᠯᠲᠠ ᠥᠬᠡᠶ ᠳᠡᠭᠡᠭᠰᠢᠯᠡᠭᠦᠯᠵᠦ᠂ ᠬᠥᠳᠡᠭᠡ ᠲᠣᠰᠬᠣᠨ᠎ᠤ ᠰᠣᠶᠣᠯ᠎ᠢ ᠬᠥᠭᠵᠢᠭᠦᠯᠦᠨ ᠮᠠᠨᠳᠤᠭᠤᠯᠬᠤ᠂ ᠬᠥᠳᠡᠭᠡ ᠲᠣᠰᠬᠣᠨ᠎ᠤ ᠪᠣᠯᠪᠠᠰᠤᠨ᠎ᠤ ᠲᠦᠪᠰᠢᠨ᠎ᠢ ᠳᠡᠭᠡᠭᠰᠢᠯᠡᠭᠦᠯᠬᠦ᠂ ᠶᠠᠳᠠᠭᠤ᠎ᠠᠴᠠ ᠠᠩᠭᠢᠵᠢᠷᠠᠭᠤᠯᠬᠤ ᠪᠣᠭᠣᠮᠲᠠ ᠰᠢᠪᠲᠤᠯᠤᠭᠰᠠᠨ ᠦᠷ᠎ᠡ ᠪᠦᠲᠦᠭᠡᠯ᠎ᠢ ᠪᠡᠬᠢᠵᠢᠭᠦᠯᠬᠦ᠂ ᠦᠨᠳᠦᠰᠦᠨ ᠱᠠᠲᠤᠨ᠎ᠤ ᠮᠠᠯᠴᠢᠨ ᠲᠠᠷᠢᠶᠠᠴᠢᠨ᠎ᠤ ᠦᠨᠳᠦᠰᠦᠨ ᠰᠣᠶᠣᠯ᠎ᠤᠨ ᠬᠡᠷᠡᠭᠴᠡᠭᠡ ᠵᠢ ᠬᠠᠩᠭ᠋ᠠᠬᠤ᠎ᠳᠤ ᠨᠠᠩ ᠶᠡᠬᠡ ᠰᠢᠨ᠎ᠡ ᠬᠤᠪᠢ ᠨᠡᠮᠡᠷᠢ ᠦᠵᠡᠭᠦᠯᠦᠨ᠎ᠡ᠃

ᠢᠷᠡᠯᠲᠡ᠄ ᠣᠷᠳᠣᠰ ᠬᠣᠲᠠ ᠵᠢᠨ ᠰᠣᠶᠣᠯ ᠪᠠ ᠵᠢᠭᠤᠯᠴᠢᠯᠠᠯ᠎ᠤᠨ ᠲᠣᠪᠴᠢᠶ᠎ᠠ
          
ᠬᠠᠮᠢᠶ᠎ᠡ ᠪᠦᠬᠦᠢ ᠰᠣᠨᠢᠨ
《ᠰᠢᠨ᠎ᠡ ᠠᠶᠠᠨ᠎ᠳᠤ᠎ᠪᠠᠨ ᠡᠷᠡᠮᠡᠬᠡᠢ᠌ᠯᠡᠨ ᠤᠷᠤᠭᠰᠢᠯᠠᠵᠤ ᠬᠤᠨ ᠭᠠᠯᠠᠭᠤ ᠳᠠᠬᠢᠨ ᠮᠣᠷᠳᠠᠨᠠᠮ— 2022 ᠣᠨ᠎ᠤ ᠪᠢᠴᠢᠭ᠎ᠤᠨ ᠰᠤᠷᠪᠤᠯᠵᠢᠲᠤ ᠬᠥᠬᠡᠬᠣᠲᠠ ᠵᠢᠨ ᠤᠩᠰᠢᠯᠭ᠎ᠠ ᠵᠢᠨ ᠤᠯᠠᠷᠢᠯ》 ᠰᠢᠷᠢᠰ ᠠᠵᠢᠯᠯᠠᠭ᠎ᠠ ᠬᠥᠬᠡᠬᠣᠲᠠ ᠵᠢᠨ ᠪᠡᠶ᠎ᠡ ᠵᠢᠨ ᠲᠠᠮᠢᠷ᠎ᠤᠨ ᠲᠠᠯᠠᠪᠤᠷ᠎ᠤᠨ ᠬᠤᠨ ᠭᠠᠯᠠᠭᠤ ᠨᠣᠮ᠎ᠤᠨ ᠥᠷᠥᠭᠡᠨ᠎ᠳᠤ ᠶᠠᠪᠤᠭᠳᠠᠪᠠ
ᠮᠤᠵᠢ ᠵᠢᠨ ᠲᠠᠰ᠎ᠤᠨ ᠪᠣᠯᠪᠠᠰᠤᠨ ᠵᠢᠭᠤᠯᠴᠢᠯᠠᠯ᠎ᠤᠨ ᠵᠢᠱ᠌ᠢᠶ᠎ᠡ ᠦᠵᠡᠭᠦᠯᠬᠦ ᠨᠢᠭᠡᠴᠢ ᠵᠢᠨ ᠲᠤᠰᠬᠠᠶ ᠮᠡᠷᠭᠡᠵᠢᠯᠲᠡᠨ᠎ᠤ ᠰᠢᠯᠭ᠋ᠠᠷᠠᠭᠤᠯᠬᠤ ᠳᠤᠭᠤᠢ᠌ᠯᠠᠩ ᠰᠢᠯᠢ ᠵᠢᠨ ᠭᠣᠤᠯ ᠠᠢ᠌ᠮᠠᠭ᠎ᠲᠤ ᠬᠦᠷᠴᠦ ᠲᠤᠬᠠᠶ ᠵᠢᠨ ᠲᠠᠯᠠᠪᠠᠶ ᠵᠢᠨ ᠰᠢᠯᠭ᠋ᠠᠨ ᠦᠨᠡᠯᠡᠯᠲᠡ ᠥᠷᠨᠢᠭᠦᠯᠪᠡ
《ᠳᠤᠮᠳᠠᠳᠤ ᠤᠯᠤᠰ᠎ᠤᠨ ᠬᠠᠭᠤᠴᠢ ᠰᠤᠳᠤᠯᠤᠯ — ᠬᠤᠩᠱ᠌ᠠᠨ ᠨᠡᠢ᠌ᠭᠡᠮ᠎ᠤᠨ ᠪᠣᠯᠪᠠᠰᠤᠨ᠎ᠤ ᠠᠬᠢᠴᠠ ᠵᠢᠨ ᠰᠤᠳᠤᠯᠭ᠋ᠠᠨ》᠎ᠤ ᠥᠪᠥᠷ ᠮᠣᠩᠭᠣᠯ ᠣᠷᠣᠨ᠎ᠤ ᠡᠷᠲᠡᠮ ᠰᠢᠨᠵᠢᠯᠡᠭᠡᠨ᠎ᠤ ᠠᠵᠢᠯ ᠪᠥᠬᠥ ᠲᠠᠯ᠎ᠠ᠎ᠪᠠᠷ ᠡᠬᠢᠯᠡᠪᠡ
ᠬᠢᠩᠭ᠋ᠠᠨ ᠠᠢ᠌ᠮᠠᠭ ᠵᠢᠭᠤᠯᠴᠢᠯᠠᠯ᠎ᠤᠨ ᠭᠣᠤᠯᠳᠠᠯᠭ᠎ᠠ᠎ᠲᠠᠢ ᠲᠥᠷᠥᠯ ᠵᠦᠢᠯ᠎ᠢ ᠲᠣᠬᠢᠷᠠᠭᠤᠯᠪᠠ
ᠰᠢᠯᠢ ᠵᠢᠨ ᠭᠣᠤᠯ ᠠᠢ᠌ᠮᠠᠭ᠎ᠤᠨ ᠨᠢᠭᠡᠨ ᠵᠠᠮ 《ᠬᠥᠳᠡᠭᠡ ᠲᠣᠰᠬᠣᠨ᠎ᠤ ᠳᠥᠷᠪᠡᠨ ᠴᠠᠭ᠎ᠤᠨ ᠰᠠᠢ᠌ᠨ ᠰᠠᠢ᠌ᠬᠠᠨ ᠥᠩᠭᠡ ᠦᠵᠡᠮᠵᠢ — ᠬᠠᠪᠤᠷ ᠲᠦᠯᠵᠢᠵᠦ ᠵᠣᠨ ᠪᠣᠢ᠌ᠵᠢᠬᠤ ᠲᠦᠮᠡᠨ ᠪᠣᠳᠠᠰ ᠭᠡᠭᠡᠨᠴᠢᠷ》 ᠪᠥᠬᠥ ᠤᠯᠤᠰ᠎ᠤᠨ ᠬᠥᠳᠡᠭᠡ ᠲᠣᠰᠬᠣᠨ᠎ᠤ ᠵᠢᠭᠤᠯᠴᠢᠯᠠᠯ᠎ᠤᠨ ᠰᠣᠳᠣᠨ ᠱᠤᠭᠤᠮ᠎ᠳᠤ ᠰᠣᠩᠭᠣᠭᠳᠠᠪᠠ
 
            