ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠰᠤᠷᠠᠭ ᠵᠠᠩᠬᠢ
ᠬᠡᠷᠡᠭᠯᠡᠭᠡ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠠᠶ᠋ᠢᠮᠠᠭ ᠬᠤᠲᠠ᠎ᠶᠢᠨ ᠰᠣᠨᠣᠰᠬᠠᠯ
《ᠰᠢᠨ᠎ᠡ ᠠᠶᠠᠨ᠎ᠳᠤ᠎ᠪᠠᠨ ᠡᠷᠡᠮᠡᠬᠡᠢ᠌ᠯᠡᠨ ᠤᠷᠤᠭᠰᠢᠯᠠᠵᠤ ᠬᠤᠨ ᠭᠠᠯᠠᠭᠤ ᠳᠠᠬᠢᠨ ᠮᠣᠷᠳᠠᠨᠠᠮ— 2022 ᠣᠨ᠎ᠤ ᠪᠢᠴᠢᠭ᠎ᠤᠨ ᠰᠤᠷᠪᠤᠯᠵᠢᠲᠤ ᠬᠥᠬᠡᠬᠣᠲᠠ ᠵᠢᠨ ᠤᠩᠰᠢᠯᠭ᠎ᠠ ᠵᠢᠨ ᠤᠯᠠᠷᠢᠯ》 ᠰᠢᠷᠢᠰ ᠠᠵᠢᠯᠯᠠᠭ᠎ᠠ ᠬᠥᠬᠡᠬᠣᠲᠠ ᠵᠢᠨ ᠪᠡᠶ᠎ᠡ ᠵᠢᠨ ᠲᠠᠮᠢᠷ᠎ᠤᠨ ᠲᠠᠯᠠᠪᠤᠷ᠎ᠤᠨ ᠬᠤᠨ ᠭᠠᠯᠠᠭᠤ ᠨᠣᠮ᠎ᠤᠨ ᠥᠷᠥᠭᠡᠨ᠎ᠳᠤ ᠶᠠᠪᠤᠭᠳᠠᠪᠠ
ᠨᠡᠶᠢᠲᠡᠯᠡᠭᠰᠡᠨ ᠴᠠᠭ᠄ 2022-04-29

     4 ᠳ᠋ᠦ᠍ᠭᠡᠷ ᠰᠠᠷ᠎ᠠ ᠵᠢᠨ 23᠎ᠤ ᠡᠳᠦᠷ᠎ᠤᠨ ᠦᠳᠡ ᠵᠢᠨ ᠡᠮᠦᠨ᠎ᠡ᠂ ᠬᠥᠬᠡᠬᠣᠲᠠ ᠵᠢᠨ ᠨᠠᠮ᠎ᠤᠨ ᠬᠣᠷᠢᠶᠠᠨ᠎ᠤ ᠤᠬᠠᠭᠤᠯᠬᠤ ᠬᠡᠯᠲᠡᠰ᠂ ᠬᠥᠬᠡᠬᠣᠲᠠ ᠵᠢᠨ ᠰᠣᠶᠣᠯ ᠵᠢᠭᠤᠯᠴᠢᠯᠠᠯ ᠷᠠᠳᠢᠣ᠋ ᠲᠧᠯᠸᠢᠰ᠎ᠤᠨ ᠲᠣᠪᠴᠢᠶ᠎ᠠ᠎ᠠᠴᠠ ᠭᠣᠤᠯᠯᠠᠨ ᠡᠷᠭᠢᠯᠡᠭᠰᠡᠨ 《4.23᠎ᠤ ᠳᠡᠯᠡᠬᠡᠶ ᠵᠢᠨ ᠨᠣᠮ ᠤᠩᠰᠢᠬᠤ ᠡᠳᠦᠷ᠎ᠤᠨ ᠠᠵᠢᠯᠯᠠᠭ᠎ᠠ》 ᠵᠢᠨ 《ᠬᠡᠦᠬᠡᠳ᠎ᠤᠨ ᠤᠩᠰᠢᠯᠭ᠎ᠠ ᠵᠢᠨ ᠲᠠᠭᠤᠨ ᠵᠶ᠋ᠠᠷ ᠤᠷᠢᠬᠠᠨ ᠬᠠᠪᠤᠷ᠎ᠢ ᠤᠭᠲᠤᠬᠤ》 ᠤᠩᠰᠢᠯᠭ᠎ᠠ ᠵᠢᠨ ᠬᠤᠷᠠᠯ ᠬᠥᠬᠡᠬᠣᠲᠠ ᠵᠢᠨ ᠪᠡᠶ᠎ᠡ ᠵᠢᠨ ᠲᠠᠮᠢᠷ᠎ᠤᠨ ᠲᠠᠯᠠᠪᠠᠶ ᠵᠢᠨ ᠬᠤᠨ ᠭᠠᠯᠠᠭᠤ ᠨᠣᠮ᠎ᠤᠨ ᠥᠷᠥᠭᠡ ᠵᠢᠨ ᠭᠠᠳᠠᠨ᠎ᠠ ᠶᠠᠪᠤᠭᠳᠠᠪᠠ᠃
      ᠠᠵᠢᠯᠯᠠᠭ᠎ᠠ ᠵᠢᠨ ᠲᠤᠬᠠᠢ ᠵᠢᠨ ᠲᠠᠯᠠᠪᠠᠢ᠎ᠳᠤ᠂ ᠬᠤᠳᠠ ᠵᠢᠨ ᠪᠢᠴᠢᠬᠠᠨ ᠤᠩᠰᠢᠭᠴᠢᠳ ᠢᠷᠠᠭᠤ ᠰᠠᠢ᠌ᠬᠠᠨ ᠤᠷᠠᠨ ᠤᠩᠰᠢᠯᠭ᠎ᠠ ᠵᠢᠨ ᠫᠷᠤᠭ᠌ᠷᠠᠮ᠎ᠢ ᠡᠭᠡᠯᠵᠢᠯᠡᠨ ᠰᠣᠨᠢᠷᠬᠠᠭᠤᠯᠵᠤ᠂ ᠤᠩᠰᠢᠯᠭ᠎ᠠ ᠵᠢᠨ ᠬᠡᠯᠪᠡᠷᠢ᠎ᠪᠠᠷ ᠥᠪᠡᠷ᠎ᠤᠨ ᠤᠯᠤᠰ ᠵᠶ᠋ᠠᠨ ᠬᠠᠢ᠌ᠷᠠᠯᠠᠬᠤ ᠰᠡᠳᠬᠢᠯᠭᠡ᠎ᠪᠠᠨ ᠢᠯᠡᠳᠬᠡᠪᠡ᠃ ᠠᠵᠢᠯᠯᠠᠭ᠎ᠠ ᠳᠡᠭᠡᠷ᠎ᠡ ᠪᠠᠰᠠ ᠬᠥᠬᠡᠬᠣᠲᠠ ᠵᠢᠨ ᠤᠩᠰᠢᠯᠭ᠎ᠠ ᠵᠢᠨ ᠳᠡᠯᠭᠡᠷᠡᠭᠦᠯᠦᠭᠴᠢ᠂ ᠬᠥᠬᠡᠬᠣᠲᠠ ᠵᠢᠨ ᠨᠣᠮ᠎ᠤᠨ ᠰᠠᠩ᠎ᠤᠨ ᠰᠢᠯᠢᠳᠡᠭ ᠰᠠᠢ᠌ᠨ ᠳᠤᠷᠠᠴᠤᠳ ᠵᠢᠴᠢ 2021 ᠣᠨ᠎ᠤ ᠬᠥᠬᠡᠬᠣᠲᠠ ᠵᠢᠨ ᠨᠣᠮ᠎ᠤᠨ ᠰᠠᠩ᠎ᠤᠨ 《ᠤᠩᠰᠢᠯᠭ᠎ᠠ ᠵᠢᠨ ᠣᠳᠣᠨ》᠎ᠳᠤ ᠤᠷᠢᠯᠭ᠎ᠠ ᠵᠢᠨ ᠪᠢᠴᠢᠭ ᠪᠠ ᠱᠠᠩᠨᠠᠯ ᠭᠠᠷᠳᠠᠭᠤᠯᠪᠠ᠃ ᠠᠵᠢᠯᠯᠠᠭ᠎ᠠ ᠳᠠᠭᠤᠰᠤᠭᠰᠠᠨ᠎ᠤ ᠳᠠᠷᠠᠭ᠎ᠠ᠂ ᠪᠢᠴᠢᠬᠠᠨ ᠤᠩᠰᠢᠭᠴᠢᠳ ᠡᠮᠬᠢ ᠵᠢᠷᠤᠮ᠎ᠲᠠᠢ᠎ᠪᠠᠷ ᠬᠤᠨ ᠭᠠᠯᠠᠭᠤ ᠨᠣᠮ᠎ᠤᠨ ᠥᠷᠥᠭᠡᠨ᠎ᠳᠤ ᠣᠷᠣᠵᠤ᠂ ᠤᠩᠰᠢᠯᠭ᠎ᠠ ᠵᠢᠨ ᠬᠠᠪᠤ ᠴᠡᠩᠭᠡᠯ᠎ᠢ ᠡᠳ᠋ᠯᠡᠪᠡ᠃
      ᠲᠤᠰ ᠡᠳᠦᠷ᠎ᠤᠨ ᠦᠳᠡ ᠵᠢᠨ ᠬᠣᠢ᠌ᠨ᠎ᠠ᠂ ᠬᠥᠬᠡᠬᠣᠲᠠ ᠵᠢᠨ ᠤᠩᠰᠢᠯᠭ᠎ᠠ ᠵᠢᠨ ᠳᠡᠯᠭᠡᠷᠡᠭᠦᠯᠦᠭᠴᠢ ᠰᠢᠶᠤᠤ ᠲᠤᠤ ᠪᠠᠭᠰᠢ ᠪᠢᠴᠢᠬᠠᠨ ᠤᠩᠰᠢᠭᠴᠢᠳ᠎ᠢ ᠳᠠᠭ᠋ᠠᠭᠤᠯᠤᠨ 《ᠬᠤᠯᠤᠭ᠋ᠠᠨ᠎ᠠ ᠰᠢᠨ᠎ᠡ ᠪᠡᠷᠢ ᠪᠠᠭᠤᠯᠭ᠋ᠠᠭᠰᠠᠨ᠎ᠨᠢ》 ᠭᠡᠬᠦ ᠵᠢᠷᠤᠭᠲᠤ ᠳᠡᠪᠲᠡᠷ᠎ᠢ ᠤᠩᠰᠢᠭᠤᠯᠬᠤ᠎ᠪᠠᠷ ᠳᠠᠮᠵᠢᠭᠤᠯᠤᠨ   ᠲᠡᠳᠡ ᠨᠡᠷ᠎ᠲᠤ ᠳᠤᠮᠳᠠᠳᠤ ᠤᠯᠤᠰ᠎ᠤᠨ ᠤᠯᠠᠮᠵᠢᠯᠠᠯᠲᠤ ᠬᠤᠷᠢᠮ᠎ᠤᠨ ᠶᠤᠰᠤᠯᠠᠯ᠎ᠢ ᠤᠢ᠌ᠯᠠᠭ᠋ᠠᠭᠤᠯᠵᠤ᠂ ᠳᠤᠮᠳᠠᠳᠤ ᠤᠯᠤᠰ᠎ᠤᠨ ᠰᠣᠶᠣᠯ᠎ᠢ ᠬᠠᠢ᠌ᠨ   ᠰᠦᠪᠡᠭᠴᠢᠯᠡᠭᠦᠯᠵᠦ᠂ ᠦᠯᠢᠭᠡᠷ᠎ᠤᠨ ᠠᠷᠤ᠎ᠳᠤ ᠨᠢᠭᠤᠭᠳᠠᠵᠤ ᠪᠠᠢ᠌ᠭ᠎ᠠ ᠲᠦᠮᠡᠨ ᠪᠣᠳᠠᠰ ᠬᠠᠷᠢᠯᠴᠠᠨ ᠨᠥᠬᠥᠴᠡᠯᠳᠦᠵᠦ ᠬᠠᠷᠢᠯᠴᠠᠨ ᠬᠠᠷᠰᠢᠯᠳᠤᠬᠤ ᠭᠦᠨ ᠤᠬᠠᠭ᠋ᠠᠨ᠎ᠤ ᠶᠣᠰᠣ ᠤᠴᠢᠷ᠎ᠢ ᠮᠡᠳᠡᠭᠦᠯᠪᠡ᠃ ᠵᠢᠷᠤᠭᠲᠤ ᠳᠡᠪᠲᠡᠷ᠎ᠢ ᠤᠩᠰᠢᠵᠤ ᠳᠠᠭᠤᠰᠤᠭᠰᠠᠨ᠎ᠤ ᠳᠠᠷᠠᠭ᠎ᠠ᠂ ᠰᠢᠶᠤᠤ ᠲᠤᠤ ᠪᠠᠭᠰᠢ ᠲᠦᠷᠰᠦᠲᠦ ᠤᠩᠰᠢᠯᠭ᠎ᠠ— ᠬᠠᠢ᠌ᠷᠴᠠᠭᠲᠤ ᠵᠦᠴᠦᠭᠡ ᠵᠢ ᠠᠰᠢᠭᠯᠠᠨ᠂ ᠤᠯᠠᠮᠵᠢᠯᠠᠯᠲᠤ ᠰᠡᠭᠦᠳᠡᠷ ᠰᠢ ᠵᠢ ᠰᠢᠨᠡᠴᠢᠯᠡᠭᠰᠡᠨ ᠬᠡᠦᠬᠡᠳ᠎ᠤᠨ ᠵᠢᠷᠤᠭᠲᠤ ᠲᠡᠪᠲᠡᠷ᠎ᠤᠨ ᠪᠢᠴᠢᠯ ᠵᠦᠴᠦᠭᠡ ᠵᠢᠨ ᠬᠡᠯᠪᠡᠷᠢ᠎ᠪᠠᠷ ᠲᠤᠬᠠᠶ ᠵᠢᠨ ᠲᠠᠯᠠᠪᠠᠶ ᠵᠢᠨ ᠪᠢᠴᠢᠬᠠᠨ ᠦᠵᠡᠭᠴᠢᠳ᠎ᠢ ᠤᠷᠢᠵᠤ᠂ 《ᠬᠤᠯᠤᠭ᠋ᠠᠨ᠎ᠠ ᠥᠬᠢᠨ ᠵᠶ᠋ᠠᠨ ᠬᠠᠷᠢ᠎ᠳᠤ ᠮᠤᠷᠳᠠᠭᠤᠯᠤᠭᠰᠠᠨ᠎ᠨᠢ》 ᠭᠡᠬᠦ ᠬᠡᠦᠬᠡᠳ᠎ᠤᠨ ᠪᠢᠴᠢᠯ ᠵᠦᠴᠦᠭᠡ ᠵᠢᠨ ᠲᠤᠭᠯᠠᠯᠲᠠ᠎ᠳᠤ ᠤᠷᠤᠯᠴᠠᠭᠤᠯᠵᠤ᠂ ᠬᠡᠦᠬᠡᠳ᠎ᠤᠨ ᠤᠩᠰᠢᠯᠭ᠎ᠠ ᠵᠢᠨ ᠤᠷᠮ᠎ᠠ ᠵᠢ ᠬᠥᠭᠵᠢᠭᠡᠪᠡ᠃ ᠲᠣᠰ ᠤᠳᠠᠭ᠋ᠠᠨ᠎ᠤ ᠠᠵᠢᠯᠯᠠᠭ᠎ᠠ᠎ᠳᠤ᠂ ᠰᠢᠶᠤᠤ ᠲᠤᠤ ᠪᠠᠭᠰᠢ ᠴᠥᠭᠡᠨ ᠲᠣᠭ᠋ᠠᠲᠤ ᠦᠨᠳᠦᠰᠦᠲᠡᠨ᠎ᠤ ᠡᠯ᠎ᠡ ᠲᠥᠷᠥᠯ᠎ᠤᠨ ᠰᠣᠩᠭᠣᠳᠠᠭ ᠵᠢᠷᠤᠭᠲᠤ ᠳᠡᠪᠲᠡᠷ᠎ᠢ ᠲᠠᠨᠢᠯᠴᠠᠭᠤᠯᠵᠤ᠂ ᠰᠡᠳᠬᠢᠬᠦᠶ ᠵᠢᠨ ᠤᠳᠤᠷᠢᠳᠤᠮᠵᠢ᠎ᠲᠠᠢ ᠤᠶᠠᠯᠳᠤᠭᠤᠯᠤᠨ᠂ ᠪᠢᠴᠢᠬᠠᠨ ᠤᠩᠰᠢᠭᠴᠢᠳ᠎ᠤᠨ ᠳᠤᠮᠳᠠᠳᠤ ᠵᠢᠨ ᠦᠨᠳᠦᠰᠦᠲᠡᠨ᠎ᠤ ᠰᠣᠶᠣᠯ᠎ᠤᠨ ᠦᠨᠡᠲᠦ ᠡᠷᠳᠡᠨᠢ ᠵᠢ ᠬᠠᠮᠠᠭ᠋ᠠᠯᠠᠬᠤ ᠪᠠ ᠤᠯᠠᠮᠵᠢᠯᠠᠨ ᠵᠠᠯᠭ᠋ᠠᠮᠵᠢᠯᠠᠬᠤ ᠤᠬᠠᠮᠰᠠᠷ᠎ᠢ᠎ᠨᠢ ᠬᠥᠲᠥᠯᠥᠨ ᠵᠢᠯᠣᠭᠣᠳᠴᠤ ᠲᠡᠭᠡᠭᠰᠢᠯᠡᠭᠦᠯᠵᠦ᠂ 《ᠦᠨᠳᠦᠰᠦᠲᠡᠨ ᠪᠦᠬᠦᠨ ᠨᠢᠭᠡ ᠬᠡᠷ᠎ᠤᠨ ᠬᠥᠮᠦᠨ ᠮᠡᠲᠦ ᠳᠣᠲᠣᠨᠣ》 ᠭᠡᠬᠦ ᠣᠢ᠌ᠯᠠᠭ᠋ᠠᠭᠳᠠᠬᠤᠨ᠎ᠢ ᠬᠡᠦᠬᠡᠳ᠎ᠤᠨ ᠰᠡᠳᠬᠢᠯ᠎ᠳᠤ ᠦᠨᠳᠦᠰᠦᠯᠡᠭᠦᠯᠦᠨ ᠰᠣᠶᠣᠭ᠋ᠠᠯᠠᠭᠤᠯᠪᠠ᠃

ᠢᠷᠡᠯᠲᠡ᠄ ᠬᠥᠬᠡᠬᠣᠲᠠ ᠵᠢᠨ ᠨᠣᠮ᠎ᠤᠨ ᠰᠠᠩ
          
ᠬᠠᠮᠢᠶ᠎ᠡ ᠪᠦᠬᠦᠢ ᠰᠣᠨᠢᠨ
ᠮᠤᠵᠢ ᠵᠢᠨ ᠲᠠᠰ᠎ᠤᠨ ᠪᠣᠯᠪᠠᠰᠤᠨ ᠵᠢᠭᠤᠯᠴᠢᠯᠠᠯ᠎ᠤᠨ ᠵᠢᠱ᠌ᠢᠶ᠎ᠡ ᠦᠵᠡᠭᠦᠯᠬᠦ ᠨᠢᠭᠡᠴᠢ ᠵᠢᠨ ᠲᠤᠰᠬᠠᠶ ᠮᠡᠷᠭᠡᠵᠢᠯᠲᠡᠨ᠎ᠤ ᠰᠢᠯᠭ᠋ᠠᠷᠠᠭᠤᠯᠬᠤ ᠳᠤᠭᠤᠢ᠌ᠯᠠᠩ ᠰᠢᠯᠢ ᠵᠢᠨ ᠭᠣᠤᠯ ᠠᠢ᠌ᠮᠠᠭ᠎ᠲᠤ ᠬᠦᠷᠴᠦ ᠲᠤᠬᠠᠶ ᠵᠢᠨ ᠲᠠᠯᠠᠪᠠᠶ ᠵᠢᠨ ᠰᠢᠯᠭ᠋ᠠᠨ ᠦᠨᠡᠯᠡᠯᠲᠡ ᠥᠷᠨᠢᠭᠦᠯᠪᠡ
《ᠳᠤᠮᠳᠠᠳᠤ ᠤᠯᠤᠰ᠎ᠤᠨ ᠬᠠᠭᠤᠴᠢ ᠰᠤᠳᠤᠯᠤᠯ — ᠬᠤᠩᠱ᠌ᠠᠨ ᠨᠡᠢ᠌ᠭᠡᠮ᠎ᠤᠨ ᠪᠣᠯᠪᠠᠰᠤᠨ᠎ᠤ ᠠᠬᠢᠴᠠ ᠵᠢᠨ ᠰᠤᠳᠤᠯᠭ᠋ᠠᠨ》᠎ᠤ ᠥᠪᠥᠷ ᠮᠣᠩᠭᠣᠯ ᠣᠷᠣᠨ᠎ᠤ ᠡᠷᠲᠡᠮ ᠰᠢᠨᠵᠢᠯᠡᠭᠡᠨ᠎ᠤ ᠠᠵᠢᠯ ᠪᠥᠬᠥ ᠲᠠᠯ᠎ᠠ᠎ᠪᠠᠷ ᠡᠬᠢᠯᠡᠪᠡ
ᠬᠢᠩᠭ᠋ᠠᠨ ᠠᠢ᠌ᠮᠠᠭ ᠵᠢᠭᠤᠯᠴᠢᠯᠠᠯ᠎ᠤᠨ ᠭᠣᠤᠯᠳᠠᠯᠭ᠎ᠠ᠎ᠲᠠᠢ ᠲᠥᠷᠥᠯ ᠵᠦᠢᠯ᠎ᠢ ᠲᠣᠬᠢᠷᠠᠭᠤᠯᠪᠠ
ᠰᠢᠯᠢ ᠵᠢᠨ ᠭᠣᠤᠯ ᠠᠢ᠌ᠮᠠᠭ᠎ᠤᠨ ᠨᠢᠭᠡᠨ ᠵᠠᠮ 《ᠬᠥᠳᠡᠭᠡ ᠲᠣᠰᠬᠣᠨ᠎ᠤ ᠳᠥᠷᠪᠡᠨ ᠴᠠᠭ᠎ᠤᠨ ᠰᠠᠢ᠌ᠨ ᠰᠠᠢ᠌ᠬᠠᠨ ᠥᠩᠭᠡ ᠦᠵᠡᠮᠵᠢ — ᠬᠠᠪᠤᠷ ᠲᠦᠯᠵᠢᠵᠦ ᠵᠣᠨ ᠪᠣᠢ᠌ᠵᠢᠬᠤ ᠲᠦᠮᠡᠨ ᠪᠣᠳᠠᠰ ᠭᠡᠭᠡᠨᠴᠢᠷ》 ᠪᠥᠬᠥ ᠤᠯᠤᠰ᠎ᠤᠨ ᠬᠥᠳᠡᠭᠡ ᠲᠣᠰᠬᠣᠨ᠎ᠤ ᠵᠢᠭᠤᠯᠴᠢᠯᠠᠯ᠎ᠤᠨ ᠰᠣᠳᠣᠨ ᠱᠤᠭᠤᠮ᠎ᠳᠤ ᠰᠣᠩᠭᠣᠭᠳᠠᠪᠠ
ᠦᠬᠠᠶ ᠬᠣᠲᠠ ᠵᠢᠨ ᠰᠣᠶᠣᠯ ᠪᠡᠶ᠎ᠡ ᠵᠢᠨ ᠲᠠᠮᠢᠷ ᠵᠢᠭᠤᠯᠴᠢᠯᠠᠯ ᠷᠠᠳᠢᠣ᠋ ᠲᠧᠯᠸᠢᠰ᠎ᠤᠨ ᠲᠣᠪᠴᠢᠶ᠎ᠠ 《5·19》 ᠳᠤᠮᠳᠠᠳᠤ ᠤᠯᠤᠰ᠎ᠤᠨ ᠵᠢᠭᠤᠯᠴᠢᠯᠠᠯ᠎ᠤᠨ ᠡᠳᠦᠷ᠎ᠤᠨ ᠠᠵᠢᠯᠯᠠᠭ᠎ᠠ ᠵᠢ ᠵᠣᠯᠭ᠋ᠠᠭᠤᠯᠬᠤ ᠬᠤᠷᠠᠯ ᠬᠤᠷᠠᠯᠳᠤᠭᠤᠯᠪᠠ
 
            