4 ᠳ᠋ᠦ᠍ᠭᠡᠷ ᠰᠠᠷ᠎ᠠ ᠵᠢᠨ 25᠎ᠤ ᠡᠳᠦᠷ᠂ ᠬᠢᠩᠭ᠋ᠠᠨ ᠠᠢ᠌ᠮᠠᠭ᠎ᠤᠨ ᠰᠣᠶᠣᠯ ᠵᠢᠭᠤᠯᠴᠢᠯᠠᠯ ᠪᠡᠶ᠎ᠡ ᠵᠢᠨ ᠲᠠᠮᠢᠷ᠎ᠤᠨ ᠰᠢᠰᠲ᠋ᠧᠮ 《5.1》᠎ᠤ ᠠᠮᠠᠷᠠᠯᠲᠠ ᠵᠢᠨ ᠬᠤᠭᠤᠴᠠᠭ᠋ᠠᠨ᠎ᠤ ᠠᠶᠤᠯ ᠦᠭᠡᠢ ᠦᠢᠯᠡᠳᠪᠦᠷᠢᠯᠡᠯ᠎ᠤᠨ ᠠᠵᠢᠯ᠎ᠤᠨ ᠬᠤᠷᠠᠯ ᠬᠤᠷᠠᠯᠳᠤᠭᠤᠯᠵᠤ᠂ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ ᠪᠣᠯᠤᠨ ᠠᠢ᠌ᠮᠠᠭ᠎ᠤᠨ ᠨᠠᠮ᠎ᠤᠨ ᠬᠣᠷᠢᠶᠠᠨ᠎ᠤ 《5.1》᠎ᠤ ᠠᠮᠠᠷᠠᠯᠲᠠ ᠵᠢᠨ ᠬᠤᠭᠤᠴᠠᠭ᠋ᠠᠨ᠎ᠤ ᠬᠣᠯᠪᠣᠭᠳᠠᠯ ᠪᠥᠬᠥᠶ ᠠᠵᠢᠯ᠎ᠤᠨ ᠲᠣᠬᠢᠷᠠᠭᠤᠯᠤᠯᠲᠠ ᠵᠢ ᠤᠯᠠᠮᠵᠢᠯᠠᠵᠤ᠂ ᠲᠣᠪᠴᠢᠶ᠎ᠠ ᠵᠢᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠱᠦᠵᠢ᠂ ᠲᠣᠪᠴᠢᠶᠠᠨ ᠳᠠᠷᠤᠭ᠎ᠠ ᠰᠡᠴᠡᠨᠳᠦ᠋ᠭᠦᠷᠡᠩ ᠬᠤᠷᠠᠯ᠎ᠢ ᠡᠷᠭᠢᠯᠡᠪᠡ᠃
ᠬᠤᠷᠠᠯ᠎ᠠᠴᠠ᠂ ᠬᠢᠩᠭ᠋ᠠᠨ ᠠᠢ᠌ᠮᠠᠭ᠎ᠤᠨ ᠰᠣᠶᠣᠯ ᠵᠢᠭᠤᠯᠴᠢᠯᠠᠯ ᠪᠡᠶ᠎ᠡ ᠵᠢᠨ ᠲᠠᠮᠢᠷ᠎ᠤᠨ ᠰᠢᠰᠲ᠋ᠧᠮ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ ᠪᠣᠯᠤᠨ ᠠᠢ᠌ᠮᠠᠭ᠎ᠤᠨ ᠨᠠᠮ᠎ᠤᠨ ᠬᠣᠷᠢᠶᠠᠨ᠎ᠤ 《5.1》᠎ᠤ ᠠᠮᠠᠷᠠᠯᠲᠠ ᠵᠢᠨ ᠬᠤᠭᠤᠴᠠᠭ᠋ᠠᠨ᠎ᠤ ᠵᠢᠵᠢᠭᠦᠷᠯᠡᠬᠦ ᠡᠮᠬᠢ ᠳᠢᠭᠯᠢᠮ᠎ᠤᠨ ᠠᠵᠢᠯ᠎ᠤᠨ ᠱᠠᠭ᠋ᠠᠷᠳᠠᠯᠭ᠎ᠠ ᠶᠣᠰᠣᠭ᠋ᠠᠷ᠂ ᠨᠠᠷᠢᠨ ᠬᠢᠨᠠᠮᠠᠭ᠋ᠠᠶ ᠳᠣᠭᠢᠷᠠᠭᠤᠯᠤᠨ ᠪᠠᠢ᠌ᠷᠢᠯᠠᠭᠤᠯᠵᠤ᠂ ᠰᠢᠮᠳᠠᠭᠤᠯᠤᠨ ᠵᠢᠯᠣᠭᠣᠳᠴᠤ᠂ 24 ᠴᠠᠭ ᠵᠶ᠋ᠠᠷ ᠵᠢᠵᠢᠭᠦᠷᠯᠡᠬᠦ ᠲᠦᠷᠢᠮ᠎ᠢ ᠨᠠᠢ᠌ᠳᠠᠪᠤᠷᠢᠵᠢᠭᠤᠯᠬᠤ ᠬᠡᠷᠡᠭᠲᠡᠶ᠃ ᠬᠢᠵᠢᠭ᠎ᠤᠨ ᠪᠠᠢ᠌ᠳᠠᠯ᠎ᠢ ᠰᠡᠷᠭᠡᠢ᠌ᠯᠡᠨ ᠡᠵᠡᠮᠳᠡᠬᠦ ᠵᠢ ᠪᠠᠢ᠌ᠩᠭᠤᠵᠢᠭᠤᠯᠬᠤ ᠬᠠᠮᠢᠶᠠᠷᠤᠯᠲᠠ ᠵᠢᠨ ᠵᠠᠭᠪᠤᠷ᠎ᠢ ᠴᠢᠩᠭ᠎ᠠ ᠵᠢᠷᠤᠮᠯᠠᠨ᠂ ᠪᠦᠬᠦ ᠠᠢ᠌ᠮᠠᠭ᠎ᠤᠨ ᠰᠣᠶᠣᠯ ᠵᠢᠭᠤᠯᠴᠢᠯᠠᠯ ᠪᠡᠶ᠎ᠡ ᠵᠢᠨ ᠲᠠᠮᠢᠷ᠎ᠤᠨ ᠬᠦᠷᠢᠶᠡᠨ᠎ᠳᠤ᠎ᠬᠢ ᠬᠢᠵᠢᠭ᠎ᠤᠨ ᠪᠠᠢ᠌ᠳᠠᠯ᠎ᠢ ᠰᠡᠷᠭᠡᠢ᠌ᠯᠡᠨ ᠡᠵᠡᠮᠳᠡᠬᠦ ᠠᠵᠢᠯ᠎ᠢ ᠨᠠᠢ᠌ᠳᠠᠪᠤᠷᠢᠵᠢᠭᠤᠯᠵᠤ᠂ 《5.1》᠎ᠤ ᠠᠮᠠᠷᠠᠯᠲᠠ ᠵᠢᠨ ᠬᠤᠭᠤᠴᠠᠭ᠋ᠠᠨ᠎ᠤ ᠵᠢᠭᠤᠯᠴᠢᠯᠠᠯ᠎ᠤᠨ ᠪᠠᠭ᠎ᠠ ᠥᠷᠨᠢᠯᠲᠡ᠎ᠳᠤ ᠴᠢᠭᠯᠡᠭᠦᠯᠦᠨ᠂ ᠦᠵᠡᠮᠵᠢ ᠵᠢᠨ ᠣᠷᠣᠨ ᠦᠵᠡᠮᠵᠢ ᠵᠢᠨ ᠴᠡᠭ᠎ᠤᠨ ᠬᠢᠵᠢᠭ᠎ᠤᠨ ᠪᠠᠢ᠌ᠳᠠᠯ᠎ᠢ ᠰᠡᠷᠭᠡᠢ᠌ᠯᠡᠨ ᠡᠵᠡᠮᠳᠡᠬᠦ ᠪᠠ ᠠᠶᠤᠯ ᠦᠭᠡᠢ ᠦᠢ᠍ᠯᠡᠳᠪᠦᠷᠢᠯᠡᠯ᠎ᠤᠨ ᠠᠵᠢᠯ᠎ᠢ ᠣᠨᠴᠠᠭ᠋ᠠᠢ᠌ᠯᠠᠨ ᠴᠢᠩᠭ᠋ᠠᠳᠬᠠᠵᠤ᠂ ᠡᠯ᠎ᠡ ᠵᠦᠢ᠍ᠯ᠎ᠤᠨ ᠠᠮᠤᠷ ᠲᠦᠪᠰᠢᠨ᠎ᠤ ᠠᠷᠭ᠎ᠠ ᠬᠡᠮᠵᠢᠶ᠎ᠡ ᠵᠢ ᠰᠠᠢ᠌ᠲᠤᠷ ᠬᠢᠬᠦ ᠬᠡᠷᠡᠭᠲᠡᠢ᠃ ᠰᠣᠶᠣᠯ ᠵᠢᠭᠤᠯᠴᠢᠯᠠᠯ ᠪᠡᠶ᠎ᠡ ᠵᠢᠨ ᠲᠠᠮᠢᠷ᠎ᠤᠨ ᠲᠠᠯᠠᠪᠤᠷ ᠣᠷᠳᠣᠨ᠂ ᠣᠯᠠᠨ ᠨᠡᠢ᠌ᠲᠡ ᠵᠢᠨ ᠦᠢᠯᠡᠴᠢᠯᠡᠭᠡᠨ᠎ᠤ ᠲᠠᠯᠠᠪᠤᠷ ᠭᠠᠵᠠᠷ᠂ ᠰᠣᠶᠣᠯ ᠵᠢᠭᠤᠯᠴᠢᠯᠠᠯ᠎ᠤᠨ ᠡᠵᠡᠩᠨᠡᠯᠲᠡ ᠵᠢᠨ ᠴᠢᠨᠠᠷᠲᠠᠶ ᠲᠠᠯᠠᠪᠤᠷ ᠭᠠᠵᠠᠷ ᠵᠡᠷᠭᠡ᠎ᠳᠤ ᠭᠠᠯ ᠰᠡᠷᠭᠡᠢ᠌ᠯᠡᠬᠦ ᠠᠮᠤᠷ ᠲᠦᠪᠰᠢᠨ᠎ᠤ ᠠᠵᠢᠯ᠎ᠢ ᠰᠠᠢ᠌ᠲᠤᠷ ᠬᠢᠵᠦ᠂ ᠰᠢᠮᠳᠠᠭᠤᠯᠤᠨ ᠵᠢᠯᠣᠭᠣᠳᠴᠤ ᠪᠠᠢ᠌ᠴᠠᠭ᠋ᠠᠬᠤ᠎ᠪᠠᠨ ᠴᠢᠩᠭ᠋ᠠᠷᠠᠭᠤᠯᠤᠨ᠂ ᠬᠡᠷᠡᠭ ᠭᠠᠷᠬᠤ᠎ᠠᠴᠠ ᠰᠡᠷᠭᠡᠢ᠌ᠯᠡᠬᠦ ᠬᠡᠷᠡᠭᠲᠡᠶ᠃ ᠣᠯᠠᠨ ᠲᠦᠮᠡᠨᠴᠢ ᠴᠢᠨᠠᠷᠲᠠᠶ ᠰᠣᠶᠣᠯ ᠪᠡᠶ᠎ᠡ ᠵᠢᠨ ᠲᠠᠮᠢᠷ᠎ᠤᠨ ᠠᠵᠢᠯᠯᠠᠭ᠎ᠠ ᠵᠢ ᠥᠷᠨᠢᠭᠦᠯᠬᠦ᠎ᠳᠤ ᠤᠷᠢᠳᠴᠢᠯᠠᠨ ᠮᠡᠳᠡᠭᠦᠯᠦᠨ ᠳᠠᠩᠰᠠᠯᠠᠭᠤᠯᠵᠤ᠂ ᠪᠠᠴᠢᠮ ᠪᠠᠢ᠌ᠳᠠᠯ᠎ᠢ ᠠᠷᠭ᠋ᠠᠴᠠᠭ᠋ᠠᠬᠤ ᠪᠡᠯᠡᠳᠬᠡᠯ ᠲᠥᠰᠦᠯ᠎ᠢ ᠰᠠᠢ᠌ᠲᠤᠷ ᠬᠢᠵᠦ᠂ ᠡᠯ᠎ᠡ ᠵᠦᠢᠯ᠎ᠤᠨ ᠠᠮᠤᠷ ᠲᠦᠪᠰᠢᠨ᠎ᠤ ᠠᠷᠭ᠎ᠠ ᠬᠡᠮᠵᠢᠶ᠎ᠡ ᠵᠢ ᠪᠣᠳᠠᠲᠠᠶ ᠨᠠᠷᠢᠯᠢᠭ ᠨᠠᠢ᠌ᠳᠠᠪᠤᠷᠢᠵᠢᠭᠤᠯᠵᠤ᠂ ᠰᠣᠶᠣᠯ ᠵᠢᠭᠤᠯᠴᠢᠯᠠᠯ ᠪᠡᠶ᠎ᠡ ᠵᠢᠨ ᠲᠠᠮᠢᠷ᠎ᠤᠨ ᠬᠦᠷᠢᠶᠡᠨ᠎ᠤ ᠠᠮᠤᠷ ᠲᠦᠪᠰᠢᠨ ᠡᠮᠬᠢ ᠵᠢᠷᠤᠮ᠎ᠲᠠᠢ ᠪᠠᠢ᠌ᠬᠤ ᠵᠢ ᠦᠨᠡᠨ ᠬᠦ᠌ ᠪᠠᠲᠤᠯᠠᠬᠤ ᠬᠡᠷᠡᠭᠲᠡᠶ ᠭᠡᠵᠦ ᠱᠠᠭ᠋ᠠᠷᠳᠠᠪᠠ᠃