3 ᠳ᠋ᠤᠭ᠋ᠠᠷ ᠰᠠᠷ᠎ᠠ ᠵᠢᠨ 24᠎ᠤ ᠡᠳᠦᠷ᠎ᠤᠨ ᠦᠳᠡ ᠵᠢᠨ ᠡᠮᠦᠨ᠎ᠡ᠂ ᠦᠬᠠᠶ ᠬᠣᠲᠠ ᠵᠢᠨ ᠵᠠᠰᠠᠭ᠎ᠤᠨ ᠣᠷᠳᠣᠨ᠎ᠤ ᠬᠣᠲᠠ ᠵᠢᠨ ᠳᠡᠳ᠋ ᠳᠠᠷᠤᠭ᠎ᠠ ᠴᠢᠶᠣᠤ ᠢᠦᠢ ᠬᠣᠲᠠ ᠵᠢᠨ ᠰᠣᠶᠣᠯ ᠵᠢᠭᠤᠯᠴᠢᠯᠠᠯ᠎ᠤᠨ ᠭᠣᠤᠯᠳᠠᠯᠭ᠎ᠠ᠎ᠲᠠᠢ ᠲᠥᠷᠥᠯ ᠵᠦᠢᠯ᠎ᠤᠨ ᠠᠬᠢᠴᠠ ᠵᠢᠴᠢ ᠬᠢᠵᠢᠭ᠎ᠤᠨ ᠪᠠᠢ᠌ᠳᠠᠯ᠎ᠢ ᠰᠡᠷᠭᠡᠢ᠌ᠯᠡᠨ ᠡᠵᠡᠮᠳᠡᠬᠦ ᠠᠵᠢᠯ᠎ᠢ ᠪᠠᠢ᠌ᠴᠠᠭ᠋ᠠᠨ ᠰᠤᠳᠤᠯᠪᠠ᠃ ᠬᠣᠲᠠ ᠵᠢᠨ ᠵᠠᠰᠠᠭ᠎ᠤᠨ ᠣᠷᠳᠣᠨ᠎ᠤ ᠨᠠᠷᠢᠨ ᠪᠢᠴᠢᠭ᠎ᠤᠨ ᠳᠡᠳ᠋ ᠳᠠᠷᠤᠭ᠎ᠠ ᠶᠠᠩ ᠬᠣᠶ ᠵᠢᠶᠦ᠋ᠨ᠂ ᠠᠯᠪᠠᠨ ᠬᠡᠷ᠎ᠤᠨ ᠰᠢᠶᠠᠨ ᠭᠠᠵᠠᠷ᠎ᠤᠨ ᠲᠠᠰ᠎ᠤᠨ ᠺᠠᠳ᠋ᠷ ᠶᠣᠣ ᠶᠠᠨ ᠹᠸᠨ᠂ ᠬᠣᠲᠠ ᠵᠢᠨ ᠰᠣᠶᠣᠯ ᠪᠡᠶ᠎ᠡ ᠵᠢᠨ ᠲᠠᠮᠢᠷ ᠵᠢᠭᠤᠯᠴᠢᠯᠠᠯ ᠷᠠᠳᠢᠣ᠋ ᠲᠧᠯᠸᠢᠰ᠎ᠤᠨ ᠲᠣᠪᠴᠢᠶᠠᠨ᠎ᠤ ᠳᠠᠷᠤᠭ᠎ᠠ ᠡᠦ ᠹᠸᠩ ᠷᠦᠩ ᠪᠠᠷ᠎ᠠ ᠪᠣᠯᠵᠣ ᠪᠠᠢ᠌ᠴᠠᠭ᠋ᠠᠨ ᠰᠤᠳᠤᠯᠵᠠᠢ᠃
ᠴᠢᠶᠣᠤ ᠢᠦᠢ ᠨᠡᠷ ᠤᠷᠢᠳ ᠬᠣᠵᠢᠳ ᠬᠣᠲᠠ ᠵᠢᠨ ᠣᠯᠠᠨ ᠨᠡᠢ᠌ᠲᠡ ᠵᠢᠨ ᠰᠣᠶᠣᠯ᠎ᠤᠨ ᠲᠥᠪ᠂ ᠬᠤᠸᠠᠩ ᠾᠧ ᠰᠢ ᠰᠢᠩ ᠠᠶᠠᠨᠴᠢᠳ᠎ᠤᠨ ᠪᠠᠭᠤᠳᠠᠯ᠎ᠤᠨ ᠭᠡᠷ᠎ᠲᠦ ᠲᠡᠷᠭᠡᠨ᠎ᠤ ᠪᠠᠭᠤᠴᠠ᠂ ᠮᠠᠢ ᠵᠢᠢ TV ᠰᠢᠶᠣᠤ ᠵᠸᠨᠤ ᠲᠥᠷᠥᠯ ᠵᠦᠢᠯ᠎ᠤᠨ ᠲᠤᠬᠠᠶ ᠵᠢᠨ ᠲᠠᠯᠠᠪᠠᠶ᠎ᠳᠤ ᠲᠥᠷᠥᠯ ᠵᠦᠢᠯ᠎ᠤᠨ ᠲᠥᠯᠥᠪᠵᠢᠭᠦᠯᠭᠡ ᠵᠢᠷᠤᠭ ᠲᠦᠰᠦᠯ᠎ᠤᠨ ᠪᠠᠢ᠌ᠳᠠᠯ᠂ ᠨᠡᠭᠡᠭᠡᠨ ᠬᠥᠭᠵᠢᠭᠦᠯᠵᠦ ᠪᠥᠲᠥᠭᠡᠨ ᠪᠠᠢ᠌ᠭᠤᠯᠤᠭᠰᠠᠨ ᠪᠠᠢ᠌ᠳᠠᠯ ᠪᠣᠯᠤᠨ ᠣᠷᠣᠰᠢᠵᠤ ᠪᠠᠢ᠌ᠭ᠎ᠠ ᠠᠰᠠᠭᠤᠳᠠᠯ᠎ᠢ ᠨᠠᠷᠢᠨ ᠠᠰᠠᠭᠤᠭᠰᠠᠨ ᠪᠥᠭᠡᠳ ᠦᠬᠠᠶ ᠵᠢᠨ ᠷᠠᠳᠢᠣ᠋ ᠲᠧᠯᠸᠢᠰ ᠬᠣᠷᠢᠶᠠᠨ᠎ᠤ ᠠᠶᠤᠯ ᠦᠭᠡᠢ ᠦᠢᠯᠡᠳᠪᠦᠷᠢᠯᠡᠯ᠎ᠤᠨ ᠠᠵᠢᠯ᠎ᠢ ᠲᠤᠬᠠᠶ ᠵᠢᠨ ᠲᠠᠯᠠᠪᠠᠶ᠎ᠳᠤ᠎ᠨᠢ ᠬᠢᠨᠠᠨ ᠪᠠᠢ᠌ᠴᠠᠭ᠋ᠠᠪᠠ᠃
ᠴᠢᠶᠣᠤ ᠢᠦᠢ ᠴᠢᠬᠤᠯᠠᠴᠢᠯᠠᠭᠰᠠᠨ᠎ᠨᠢ᠂ ᠨᠢᠭᠡ᠎ᠳᠤ, ᠪᠥᠬᠥ ᠬᠣᠲᠠ ᠵᠢᠨ ᠭᠣᠤᠯᠳᠠᠯᠭ᠎ᠠ᠎ᠲᠠᠢ ᠲᠥᠷᠥᠯ ᠵᠦᠢᠯ ᠪᠣᠯᠬᠤ ᠬᠣᠲᠠ ᠵᠢᠨ ᠣᠯᠠᠨ ᠨᠡᠢ᠌ᠲᠡ ᠵᠢᠨ ᠰᠣᠶᠣᠯ᠎ᠤᠨ ᠲᠥᠪ᠎ᠤᠨ ᠪᠠᠷᠢᠯᠭ᠎ᠠ ᠪᠠᠷᠢᠵᠤ ᠪᠥᠲᠥᠭᠡᠨ ᠪᠠᠢ᠌ᠭᠤᠯᠬᠤ ᠵᠢ ᠳᠥᠯᠭᠢᠨ ᠠᠬᠢᠭᠤᠯᠵᠤ᠂ ᠰᠣᠶᠣᠯ ᠵᠢᠭᠤᠯᠴᠢᠯᠠᠯ᠎ᠤᠨ ᠲᠣᠪᠴᠢᠶ᠎ᠠ ᠲᠥᠷᠥᠯ ᠵᠦᠢᠯ᠎ᠤᠨ ᠡᠮᠦᠨᠡᠬᠢ ᠬᠤᠭᠤᠴᠠᠭ᠋ᠠᠨ᠎ᠳᠤ ᠣᠷᠣᠰᠢᠵᠤ ᠪᠠᠢ᠌ᠭ᠎ᠠ ᠠᠰᠠᠭᠤᠳᠠᠯ ᠵᠢᠴᠢ ᠬᠦᠴᠢᠷᠳᠡᠯ᠎ᠢ ᠵᠣᠬᠢᠴᠠᠭᠤᠯᠤᠨ ᠰᠢᠢᠳᠪᠦᠷᠢᠯᠡᠬᠦ ᠬᠡᠷᠡᠭᠲᠡᠶ᠃ ᠬᠣᠶᠠᠷ᠎ᠲᠤ᠂ ᠰᠣᠶᠣᠯ ᠵᠢᠭᠤᠯᠴᠢᠯᠠᠯ ᠠᠷᠠᠯᠵᠢᠶ᠎ᠠ ᠵᠢ ᠠᠭᠤᠰᠤᠯᠴᠠᠭᠤᠯᠤᠨ ᠬᠥᠭᠵᠢᠭᠦᠯᠬᠦ ᠵᠢ ᠠᠬᠢᠭᠤᠯᠵᠤ᠂ ᠰᠤᠳᠤᠯᠤᠨ ᠰᠤᠷᠤᠯᠴᠠᠬᠤ᠂ ᠠᠮᠠᠷᠠᠨ ᠵᠢᠭᠤᠯᠴᠢᠯᠠᠬᠤ ᠪᠦᠲᠦᠭᠡᠭᠳᠡᠬᠦᠨ᠎ᠢ ᠭᠦᠨᠵᠡᠭᠡᠢ ᠨᠡᠭᠡᠭᠡᠨ ᠬᠥᠭᠵᠢᠭᠦᠯᠵᠦ᠂ ᠰᠣᠶᠣᠯ ᠵᠢᠭᠤᠯᠴᠢᠯᠠᠯ᠎ᠤᠨ ᠪᠦᠲᠦᠭᠡᠭᠳᠡᠬᠦᠨ᠎ᠢ ᠰᠦᠯᠵᠢᠶᠡᠨ ᠳᠡᠭᠡᠷ᠎ᠡ ᠪᠠ ᠰᠦᠯᠵᠢᠶᠡᠨ᠎ᠤ ᠭᠠᠳᠠᠨ᠎ᠠ ᠪᠣᠷᠣᠯᠠᠭᠤᠯᠬᠤ ᠰᠢᠨ᠎ᠡ ᠠᠷᠭ᠎ᠠ ᠵᠠᠮ᠎ᠢ ᠢᠳᠡᠪᠬᠢᠲᠡᠢ ᠰᠦᠪᠡᠭᠴᠢᠯᠡᠨ᠂ ᠦᠬᠠᠢ ᠵᠢᠨ ᠰᠣᠶᠣᠯ ᠵᠢᠭᠤᠯᠴᠢᠯᠠᠯ᠎ᠤᠨ ᠤᠨᠴᠠᠯᠢᠬᠳᠤ ᠲᠦᠷᠦᠯ ᠲᠡᠮᠳᠡᠭ᠎ᠢ ᠡᠭᠦᠳᠬᠦ ᠬᠡᠷᠡᠭᠲᠡᠢ᠃ ᠭᠤᠷᠪᠠ᠎ᠳᠤ᠂ ᠠᠮᠤᠷ ᠲᠦᠪᠰᠢᠨ ᠠᠮᠢ ᠠᠬᠤᠢ ᠵᠢᠨ ᠬᠣᠷᠢᠭ᠎ᠠ ᠱᠤᠭᠤᠮ᠎ᠤᠨ ᠰᠡᠳᠬᠢᠬᠦᠢ ᠵᠢ ᠪᠤᠢ ᠪᠣᠯᠭ᠋ᠠᠵᠤ᠂ ᠷᠠᠳᠢᠣ᠋ ᠲᠧᠯᠸᠢᠰ᠎ᠤᠨ ᠪᠠᠢ᠌ᠷᠢ ᠵᠢᠭᠰᠠᠭ᠋ᠠᠯ᠎ᠤᠨ ᠠᠮᠤᠷ ᠲᠦᠪᠰᠢᠨ᠎ᠢ ᠰᠠᠢ᠌ᠲᠤᠷ ᠬᠠᠮᠠᠭ᠋ᠠᠯᠠᠨ᠂ ᠤᠯᠤᠰ ᠲᠦᠷᠦ ᠵᠢᠨ ᠵᠣᠭᠰᠣᠴᠠ᠎ᠪᠠᠨ ᠳᠡᠭᠡᠭᠰᠢᠯᠡᠭᠦᠯᠵᠦ᠂ ᠡᠯ᠎ᠡ ᠵᠦᠢ᠍ᠯ᠎ᠤᠨ ᠠᠮᠤᠷ ᠲᠦᠪᠰᠢᠨ ᠵᠶ᠋ᠡᠷ ᠨᠡᠪᠲᠡᠷᠡᠭᠦᠯᠬᠦ ᠲᠦᠷᠢᠮ᠎ᠢ ᠨᠠᠢ᠌ᠳᠠᠪᠤᠷᠢᠵᠢᠭᠤᠯᠤᠨ᠂ ᠠᠶᠤᠯ ᠦᠭᠡᠢ ᠦᠢ᠍ᠯᠡᠳᠪᠦᠷᠢᠯᠡᠯ᠎ᠤᠨ ᠰᠡᠷᠭᠡᠢ᠌ᠯᠡᠬᠦ ᠤᠬᠠᠮᠰᠠᠷ ᠵᠶ᠋ᠠᠨ ᠴᠢᠩᠭ᠋ᠠᠳᠬᠠᠵᠤ᠂ ᠪᠠᠴᠢᠮ ᠪᠠᠢ᠌ᠳᠠᠯ᠎ᠢ ᠠᠷᠭ᠋ᠠᠴᠠᠭ᠋ᠠᠬᠤ ᠲᠥᠰᠦᠯ᠎ᠢ ᠨᠠᠷᠢᠯᠢᠭ ᠪᠣᠳᠠᠲᠠᠢ ᠬᠢᠬᠦ ᠬᠡᠷᠡᠭᠲᠡᠢ᠃ ᠳᠥᠷᠪᠡ᠎ᠳᠤ᠂ ᠪᠥᠬᠥ ᠬᠣᠲᠠ ᠵᠢᠨ ᠰᠣᠶᠣᠯ ᠵᠢᠭᠤᠯᠴᠢᠯᠠᠯ ᠪᠡᠶ᠎ᠡ ᠵᠢᠨ ᠲᠠᠮᠢᠷ ᠷᠠᠳᠢᠣ᠋ ᠲᠧᠯᠸᠢᠰ᠎ᠤᠨ ᠬᠢᠵᠢᠭ᠎ᠤᠨ ᠪᠠᠢ᠌ᠳᠠᠯ᠎ᠢ ᠰᠡᠷᠭᠡᠢ᠌ᠯᠡᠨ ᠡᠵᠡᠮᠳᠡᠬᠦ ᠠᠵᠢᠯ᠎ᠢ ᠪᠥᠬᠥ ᠬᠦᠴᠦᠨ ᠵᠶ᠋ᠡᠷ ᠵᠶ᠋ᠡᠨ ᠰᠠᠢ᠌ᠲᠤᠷ ᠬᠢᠵᠦ᠂ ᠲᠠᠯᠠᠪᠤᠷ᠎ᠲᠤ ᠣᠷᠣᠬᠤ ᠬᠥᠮᠦᠰ᠎ᠤᠨ ᠺᠣᠳ᠋ ᠰᠢᠷᠪᠢᠵᠦ ᠳᠠᠩᠰᠠᠯᠠᠬᠤ᠂ ᠪᠡᠶ᠎ᠡ ᠵᠢᠨ ᠬᠠᠯᠠᠭᠤᠨ᠎ᠢ ᠬᠡᠮᠵᠢᠬᠦ᠂ ᠠᠮᠠᠪᠴᠢ ᠵᠡᠭᠦᠬᠦ ᠵᠡᠷᠭᠡ ᠰᠡᠷᠭᠡᠢ᠌ᠯᠡᠨ ᠡᠵᠡᠮᠳᠡᠬᠦ ᠠᠷᠭ᠎ᠠ ᠬᠡᠮᠵᠢᠶ᠎ᠡ ᠵᠢ ᠴᠢᠩᠭ᠎ᠠ ᠨᠠᠢ᠌ᠳᠠᠪᠤᠷᠢᠵᠢᠭᠤᠯᠵᠤ᠂ ᠡᠷᠡᠭᠦᠯ ᠬᠠᠮᠠᠭ᠋ᠠᠯᠠᠯ᠎ᠤᠨ ᠬᠠᠮᠢᠶᠠᠷᠤᠯᠲᠠ ᠵᠢ ᠴᠢᠩᠭ᠋ᠠᠳᠬᠠᠨ᠂ ᠰᠠᠯᠬᠢ ᠨᠡᠪᠲᠡᠷᠡᠭᠦᠯᠦᠨ ᠠᠷᠢᠭᠤᠳᠬᠠᠬᠤ ᠵᠢ ᠡᠷᠴᠢᠮᠵᠢᠭᠦᠯᠬᠦ ᠵᠢᠨ ᠬᠠᠮᠲᠤ ᠰᠣᠶᠣᠯ ᠵᠢᠭᠤᠯᠴᠢᠯᠠᠯ᠎ᠤᠨ ᠠᠵᠢᠯ ᠡᠷᠬᠢᠯᠡᠭᠴᠢᠳ᠎ᠤᠨ ᠡᠷᠡᠭᠦᠯ ᠮᠡᠨᠳᠦ ᠵᠢᠨ ᠬᠢᠨᠠᠨ ᠬᠡᠮᠵᠢᠯᠲᠡ ᠪᠠ ᠬᠠᠮᠢᠶᠠᠷᠤᠯᠲᠠ ᠵᠢ ᠪᠥᠬᠥ ᠬᠦᠴᠦᠨ ᠵᠶ᠋ᠡᠷ ᠵᠶ᠋ᠡᠨ ᠰᠠᠢ᠌ᠲᠤᠷ ᠠᠳᠬᠤᠬᠤ ᠬᠡᠷᠡᠭᠲᠡᠶ᠃