ᠴᠠᠬᠠᠷ ᠪᠠᠷᠠᠭᠤᠨ ᠭᠠᠷᠤᠨ ᠳᠤᠮᠳᠠᠳᠤ ᠬᠣᠰᠢᠭᠤᠨ᠎ᠤ ᠲᠦ᠋ ᠴᠧᠩ ᠽᠢ ᠰᠢᠶᠠᠩ᠎ᠤᠨ ᠰᠠᠨ ᠼᠸᠩ ᠳ᠋ᠢᠶᠠᠨ ᠲᠤᠰᠬᠤᠨ᠎ᠤ ᠭᠠᠷ ᠠᠷᠭ᠎ᠠ᠎ᠪᠠᠷ ᠼᠤᠤ ᠨᠡᠷᠡᠬᠦ ᠤᠷ᠎ᠠ ᠮᠡᠷᠭᠡᠵᠢᠯ᠎ᠨᠢ 2019 ᠣᠨ᠎ᠤ 7 ᠳ᠋ᠤᠭ᠋ᠠᠷ ᠰᠠᠷ᠎ᠠ᠎ᠳᠤ ᠤᠯᠠᠭ᠋ᠠᠨᠴᠠᠪ ᠬᠣᠲᠠ ᠵᠢᠨ ᠶᠢᠰᠦᠳᠦᠭᠡᠷ ᠪᠦᠯᠦᠭ ᠪᠣᠳᠠᠰ᠎ᠤᠨ ᠪᠤᠰᠤ ᠰᠣᠶᠣᠯ᠎ᠤᠨ ᠥᠪ᠎ᠤᠨ ᠨᠡᠷᠡᠰ᠎ᠲᠤ ᠰᠤᠩᠭᠤᠭᠳᠠᠪᠠ᠃ ᠰᠠᠨ ᠼᠸᠩ ᠳ᠋ᠢᠶᠠᠨ ᠲᠤᠰᠬᠤᠨ᠎ᠤ ᠭᠠᠷ ᠠᠷᠭ᠎ᠠ᠎ᠪᠠᠷ ᠨᠡᠷᠡᠭᠰᠡᠨ ᠼᠤᠤ᠎ᠨᠢ ᠰᠢᠯᠢᠳᠡᠭ ᠰᠠᠢ᠌ᠨ ᠤᠯᠠᠮᠵᠢᠯᠠᠯᠲᠤ ᠨᠡᠷᠡᠬᠦ ᠤᠷ᠎ᠠ ᠮᠡᠷᠭᠡᠵᠢᠯ᠂ ᠰᠠᠢ᠌ᠨ ᠰᠠᠢ᠌ᠬᠠᠨ ᠨᠡᠢ᠌ᠭᠡᠮ᠎ᠤᠨ ᠨᠡᠷ᠎ᠡ ᠬᠦᠨᠳᠦ ᠪᠠ ᠨᠥᠯᠥᠭᠡᠯᠡᠬᠦ ᠬᠦᠴᠦᠨ᠂ ᠬᠣᠰᠢᠭᠤᠨ᠎ᠤ ᠰᠣᠶᠣᠯ ᠪᠠ ᠵᠢᠭᠤᠯᠴᠢᠯᠠᠯ᠎ᠤᠨ ᠲᠣᠪᠴᠢᠶᠠᠨ᠎ᠤ ᠬᠦᠴᠦᠲᠡᠶ ᠳᠡᠮᠵᠢᠯᠭᠡ ᠪᠠ ᠲᠠᠨᠢᠯᠴᠠᠭᠤᠯᠭ᠎ᠠ᠎ᠪᠠᠷ ᠳᠡᠮᠵᠢᠨ᠂ ᠦᠪᠯᠡᠨ ᠤᠯᠠᠮᠵᠢᠯᠠᠭᠴᠢ ᠶᠤᠸᠠᠢ ᠵᠢᠨ ᠧ ᠼᠤᠤ ᠨᠡᠷᠡᠬᠦ ᠡᠷᠦᠬᠡ᠎ᠳᠤ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ᠎ᠠᠴᠠ 2021 ᠣᠨ᠎ᠤ 《ᠪᠥᠬᠥ ᠣᠷᠣᠨ᠎ᠤ ᠮᠠᠯᠵᠢᠬᠤ ᠲᠠᠷᠢᠶᠠᠯᠠᠬᠤ ᠣᠷᠣᠨ᠎ᠤ ᠰᠣᠶᠣᠯ᠎ᠤᠨ ᠵᠢᠱ᠌ᠢᠶ᠎ᠡ ᠦᠵᠡᠭᠦᠯᠬᠦ ᠡᠷᠦᠬᠡ》 ᠵᠢᠨ ᠢᠷᠠᠭᠤ ᠠᠯᠳᠠᠷ᠎ᠤᠨ ᠴᠣᠯᠠ ᠣᠯᠭᠣᠪᠠ᠃
3 ᠳ᠋ᠤᠭ᠋ᠠᠷ ᠰᠠᠷ᠎ᠠ ᠵᠢᠨ 24᠎ᠤ ᠡᠳᠦᠷ᠎ᠤᠨ ᠦᠳᠡ ᠵᠢᠨ ᠡᠮᠦᠨ᠎ᠡ᠂ ᠴᠠᠬᠠᠷ ᠪᠠᠷᠠᠭᠤᠨ ᠭᠠᠷᠤᠨ ᠳᠤᠮᠳᠠᠳᠤ ᠬᠣᠰᠢᠭᠤᠨ᠎ᠤ ᠰᠣᠶᠣᠯ ᠪᠠ ᠵᠢᠭᠤᠯᠴᠢᠯᠠᠯ᠎ᠤᠨ ᠲᠣᠪᠴᠢᠶᠠᠨ᠎ᠤ ᠨᠠᠮ᠎ᠤᠨ ᠤᠳᠤᠷᠢᠳᠬᠤ ᠳᠤᠭᠤᠢ᠌ᠯᠠᠩ᠎ᠤᠨ ᠱᠦᠵᠢ᠂ ᠲᠣᠪᠴᠢᠶᠠᠨ᠎ᠤ ᠳᠠᠷᠤᠭ᠎ᠠ ᠯᠢᠦ ᠹᠸᠩ ᠵᠢᠴᠢ ᠲᠣᠪᠴᠢᠶᠠᠨ᠎ᠤ ᠲᠤᠬᠠᠢ᠌ᠯᠠᠭᠰᠠᠨ ᠠᠵᠢᠯ᠎ᠤᠨ ᠲᠠᠰᠤᠭ᠎ᠤᠨ ᠬᠠᠷᠢᠭᠤᠴᠠᠯᠭ᠋ᠠᠲᠠᠨ ᠮᠠᠰᠢᠨ ᠵᠶ᠋ᠡᠷ ᠲᠦ᠋ ᠴᠧᠩ ᠽᠢ ᠰᠢᠶᠠᠩ᠎ᠤᠨ ᠰᠠᠨ ᠼᠸᠩ ᠳ᠋ᠢᠶᠠᠨ ᠲᠣᠰᠬᠣᠨ᠎ᠤ ᠼᠤᠤ ᠨᠡᠷᠡᠬᠦ ᠡᠷᠦᠬᠡ ᠶᠤᠸᠠᠢ ᠵᠢᠨ ᠧ ᠡᠳ᠋ᠰᠢᠭᠦᠯᠬᠦ ᠦᠢ᠍ᠯᠡᠳᠭᠡᠯ᠎ᠤᠨ ᠭᠠᠵᠠᠷ᠎ᠲᠤ ᠬᠦᠷᠴᠦ ᠲᠤᠬᠠᠢ ᠵᠢᠨ ᠭᠠᠵᠠᠷ᠎ᠲᠤᠨᠢ ᠫᠠᠢ᠌ᠰᠠ ᠣᠯᠭᠣᠭᠰᠠᠨ ᠪᠥᠭᠡᠳ ᠦᠪᠯᠡᠨ ᠤᠯᠠᠮᠵᠢᠯᠠᠭᠴᠢ ᠶᠤᠸᠠᠢ ᠵᠢᠨ ᠧ ᠵᠢᠨ ᠳᠠᠭ᠋ᠠᠭᠤᠯᠭ᠎ᠠ᠎ᠪᠠᠷ ᠼᠤᠤ ᠨᠡᠷᠡᠬᠦ ᠦᠢᠯᠡᠳᠬᠡᠯ᠎ᠤᠨ ᠭᠠᠵᠠᠷ᠎ᠢ ᠲᠣᠭᠣᠷᠢᠨ ᠦᠵᠡᠪᠡ᠃ ᠦᠢ᠍ᠯᠡᠳᠬᠡᠯ᠎ᠤᠨ ᠭᠠᠵᠠᠷ᠎ᠲᠤ᠎ᠬᠢ ᠬᠡᠷᠡᠭᠰᠡᠯ᠎ᠨᠢ ᠴᠡᠪᠡᠷ ᠲᠡᠭᠰᠢ᠂ ᠦᠢ᠍ᠯᠡᠳᠬᠦ ᠶᠠᠪᠤᠴᠠ᠎ᠨᠢ ᠡᠮᠬᠢ ᠴᠡᠭᠴᠡ᠎ᠲᠠᠢ᠂ ᠲᠡᠭᠦᠨ᠎ᠤ ᠦᠢ᠍ᠯᠡᠳᠬᠦᠨ᠎ᠤ ᠪᠣᠷᠣᠯᠠᠭᠤᠯᠭ᠎ᠠ ᠵᠢᠨ ᠬᠡᠮᠵᠢᠢ᠎ᠡ ᠵᠡᠷᠭᠡ ᠲᠠᠯ᠎ᠠ᠎ᠪᠠᠷ ᠣᠢ᠌ᠯᠠᠭ᠋ᠠᠯᠲᠠ᠎ᠲᠠᠢ ᠪᠣᠯᠤᠭᠰᠠᠨ᠎ᠤ ᠲᠠᠷᠠᠭ᠎ᠠ᠂ ᠲᠣᠪᠴᠢᠶᠠᠨ᠎ᠤ ᠳᠠᠷᠤᠭ᠎ᠠ ᠯᠢᠦ ᠹᠸᠩ ᠦᠪᠯᠡᠨ ᠤᠯᠠᠮᠵᠢᠯᠠᠬᠤ ᠤᠷ᠎ᠠ ᠮᠡᠷᠭᠡᠵᠢᠯ᠎ᠳᠤ ᠭᠦᠢ᠍ᠴᠡᠳ ᠨᠤᠲᠠᠯᠠᠯᠲᠠ ᠪᠠ ᠰᠠᠢ᠍ᠢ᠍ᠨ ᠰᠠᠢ᠌ᠬᠠᠨ ᠵᠥᠩᠨᠡᠯ ᠳᠡᠪᠰᠢᠭᠦᠯᠵᠡᠢ᠃ ᠲᠣᠪᠴᠢᠶᠠᠨ᠎ᠤ ᠳᠠᠷᠤᠭ᠎ᠠ ᠯᠢᠦ ᠹᠸᠩ ᠬᠠᠮᠲᠤ ᠢᠷᠡᠭᠰᠡᠨ ᠠᠵᠢᠯᠲᠠᠳ ᠪᠣᠯᠤᠨ ᠦᠪᠯᠡᠨ ᠤᠯᠠᠮᠵᠢᠯᠠᠭᠴᠢ᠎ᠳᠤ᠂ ᠪᠣᠳᠠᠰ᠎ᠤᠨ ᠪᠤᠰᠤ ᠰᠣᠶᠣᠯ᠎ᠤᠨ ᠥᠪ᠎ᠤᠨ ᠲᠦᠷᠦᠯ ᠵᠦᠢ᠍ᠯ᠎ᠢ ᠬᠠᠮᠠᠭ᠋ᠠᠯᠠᠬᠤ ᠪᠠ ᠦᠪᠯᠡᠨ ᠤᠯᠠᠮᠵᠢᠯᠠᠬᠤ ᠠᠵᠢᠯ᠎ᠢ ᠰᠠᠢ᠌ᠲᠤᠷ ᠬᠢᠬᠦ᠎ᠨᠢ ᠤᠳᠤ ᠦᠶ᠎ᠡ᠎ᠳᠤ ᠭᠠᠪᠢᠶ᠎ᠠ ᠪᠠᠢ᠌ᠭᠤᠯᠵᠤ᠂ ᠢᠷᠡᠭᠡᠳᠦᠢ᠎ᠳᠤ ᠠᠰᠢᠭ ᠬᠦᠷᠲᠡᠭᠡᠬᠦ ᠶᠠᠪᠤᠳᠠᠯ ᠪᠣᠯᠤᠨ᠎ᠠ᠃ ᠦᠪᠯᠡᠨ ᠤᠯᠠᠮᠵᠢᠯᠠᠭᠴᠢ ᠤᠷᠠᠨ ᠳᠠᠷᠬᠠᠨ᠎ᠤ ᠵᠣᠷᠢᠭ ᠰᠠᠨᠠᠭ᠎ᠠ ᠵᠢᠨ ᠲᠥᠯᠥᠭᠡ ᠴᠢᠷᠮᠠᠢ᠌ᠵᠤ᠂ ᠤᠯᠠᠮᠵᠢᠯᠠᠯᠲᠤ ᠭᠠᠷ ᠤᠷᠠᠯᠠᠯ᠎ᠢ ᠤᠯᠠᠮ ᠨᠢᠮᠪᠠᠢ᠌ᠯᠠᠵᠤ᠂ ᠪᠦᠲᠦᠭᠡᠭᠳᠡᠬᠦᠨ᠎ᠢ ᠵᠠᠬ᠎ᠠ ᠳᠡᠯᠭᠡᠭᠦᠷ᠎ᠲᠤ ᠢᠯᠠᠭᠳᠠᠰᠢ ᠦᠭᠡᠢ ᠪᠠᠢ᠌ᠷᠢᠨ᠎ᠳᠤ ᠪᠠᠢ᠌ᠯᠭ᠋ᠠᠬᠤ ᠬᠡᠷᠡᠭᠲᠡᠶ᠃ ᠤᠯᠠᠮᠵᠢᠯᠠᠯᠲᠤ ᠤᠷ᠎ᠠ ᠮᠡᠷᠭᠡᠵᠢᠯ᠎ᠢ ᠥᠷᠭᠡᠳᠬᠡᠨ ᠨᠠᠩ ᠣᠯᠠᠨ ᠲᠠᠷᠢᠶᠠᠴᠢᠨ ᠡᠷᠦᠬᠡ ᠵᠢ ᠣᠷᠣᠯᠴᠠᠭᠤᠯᠵᠤ᠂ ᠳᠡᠷᠭᠡᠳᠡᠬᠢ ᠲᠠᠷᠢᠶᠠᠴᠢᠨ ᠡᠷᠦᠬᠡ ᠵᠢ ᠳᠠᠭ᠋ᠠᠭᠤᠯᠤᠨ ᠬᠠᠮᠲᠤ᠎ᠪᠠᠷ ᠪᠠᠶᠠᠵᠢᠨ᠂ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠪᠠᠢ᠌ᠯᠳᠤᠬᠤ ᠪᠣᠳᠣᠯᠭ᠎ᠠ ᠵᠢᠨ ᠬᠥᠭᠵᠢᠯᠲᠡ᠎ᠳᠤ ᠬᠦᠴᠦᠨ ᠨᠡᠮᠡᠷᠢᠯᠡᠲᠦᠭᠡᠢ ᠭᠡᠪᠡ᠃
ᠦᠪᠯᠡᠨ ᠤᠯᠠᠮᠵᠢᠯᠠᠭᠴᠢ ᠶᠤᠸᠠᠢ ᠵᠢᠨ ᠧ᠂ ᠬᠤᠳᠠ ᠵᠢᠨ ᠲᠡᠰ᠎ᠤᠨ ᠪᠣᠳᠠᠰ᠎ᠤᠨ ᠪᠤᠰᠤ ᠰᠣᠶᠣᠯ᠎ᠤᠨ ᠥᠪ᠎ᠢ ᠦᠪᠯᠡᠨ ᠤᠯᠠᠮᠵᠢᠯᠠᠭᠴᠢ ᠪᠠ ᠪᠦᠬᠦ ᠣᠷᠣᠨ᠎ᠤ ᠰᠣᠶᠣᠯ᠎ᠤᠨ ᠵᠢᠱ᠌ᠢᠢ᠎ᠡ ᠦᠵᠡᠭᠦᠯᠬᠦ ᠡᠷᠦᠬᠡ ᠪᠣᠯᠤᠭᠰᠠᠨ᠎ᠤ ᠬᠤᠪᠢ᠎ᠳᠤ᠂ ᠨᠠᠮ ᠪᠣᠯᠤᠨ ᠵᠠᠰᠠᠭ᠎ᠤᠨ ᠣᠷᠳᠣᠨ᠎ᠤ ᠬᠠᠯᠠᠮᠵᠢᠯᠠᠯ ᠪᠠ ᠳᠡᠮᠵᠢᠯᠭᠡ ᠵᠢ ᠪᠠᠲᠤ ᠴᠡᠭᠡᠵᠢᠯᠡᠨ᠂ ᠪᠣᠳᠠᠰ᠎ᠤᠨ ᠪᠤᠰᠤ ᠰᠣᠶᠣᠯ᠎ᠤᠨ ᠥᠪ᠎ᠤᠨ ᠲᠦᠷᠦᠯ ᠵᠦᠢ᠍ᠯ᠎ᠢ ᠤᠯᠠᠮᠵᠢᠯᠠᠨ ᠬᠥᠭᠵᠢᠭᠦᠯᠬᠦ ᠳᠡᠭᠡᠷ᠎ᠡ ᠬᠦᠴᠦᠯᠡᠨ ᠴᠢᠷᠮᠠᠢ᠌ᠵᠤ᠂ ᠰᠤᠷᠤᠯᠴᠠᠯᠭ᠎ᠠ᠎ᠪᠠᠨ ᠴᠢᠩᠭ᠋ᠠᠳᠬᠠᠨ ᠨᠡᠢ᠌ᠭᠡᠮ᠎ᠳᠤ ᠦᠢ᠍ᠯᠡᠴᠢᠯᠡᠵᠦ᠂ ᠪᠣᠳᠠᠭ᠋ᠠᠯᠢ ᠪᠡᠶ᠎ᠡ ᠵᠢᠨ ᠵᠢᠱ᠌ᠢᠢ᠎ᠡ ᠦᠵᠡᠭᠦᠯᠵᠦ ᠬᠦᠲᠦᠯᠦᠨ ᠳᠠᠭ᠋ᠠᠭᠤᠯᠬᠤ ᠦᠢ᠍ᠯᠡᠳᠦᠯ ᠵᠶ᠋ᠡᠨ ᠪᠠᠳᠠᠷᠠᠭᠤᠯᠤᠨ᠎ᠠ ᠭᠡᠵᠦ ᠢᠯᠡᠳᠭᠡᠵᠡᠢ᠃