ᠵᠠᠬ᠎ᠠ ᠳᠡᠯᠭᠡᠭᠦᠷ᠎ᠤᠨ ᠭᠣᠤᠯ ᠴᠣᠭᠴᠠ ᠵᠢᠨ ᠠᠮᠢᠵᠢᠷᠠᠯ᠎ᠤᠨ ᠬᠦᠴᠦᠨ᠎ᠢ ᠦᠷᠭᠦᠯᠵᠢᠯᠡᠨ ᠬᠥᠭᠵᠢᠭᠡᠵᠦ᠂ ᠰᠣᠶᠣᠯ ᠪᠠ ᠵᠢᠭᠤᠯᠴᠢᠯᠠᠯ᠎ᠤᠨ ᠬᠦᠷᠢᠶᠡᠨ᠎ᠳᠤ᠎ᠬᠢ ᠬᠤᠳᠠᠯᠳᠤᠭ᠎ᠠ ᠡᠵᠡᠩᠨᠡᠬᠦ ᠣᠷᠴᠢᠨ ᠨᠥᠬᠥᠴᠡᠯ᠎ᠢ ᠲᠠᠰᠤᠷᠠᠯᠲᠠ ᠥᠬᠡᠶ ᠰᠢᠯᠢᠳᠡᠭᠵᠢᠭᠦᠯᠦᠨ᠂ ᠣᠷᠳᠣᠰ᠎ᠤᠨ ᠰᠣᠶᠣᠯ ᠪᠠ ᠵᠢᠭᠤᠯᠴᠢᠯᠠᠯ᠎ᠤᠨ ᠴᠢᠨᠠᠷ ᠰᠠᠢ᠌ᠲᠠᠶ ᠬᠥᠭᠵᠢᠯᠲᠡ ᠵᠢ ᠠᠬᠢᠭᠤᠯᠬᠤ ᠵᠢᠨ ᠲᠥᠯᠥᠭᠡ᠂ ᠣᠢ᠌ᠷ᠎ᠠ᠎ᠳᠤ᠂ ᠣᠷᠳᠣᠰ ᠬᠣᠲᠠ ᠵᠢᠨ ᠰᠣᠶᠣᠯ ᠪᠠ ᠵᠢᠭᠤᠯᠴᠢᠯᠠᠯ᠎ᠤᠨ ᠲᠣᠪᠴᠢᠶ᠎ᠠ 《〈ᠣᠷᠳᠣᠰ ᠬᠣᠲᠠ ᠵᠢᠨ ᠨᠠᠮ᠎ᠤᠨ ᠬᠣᠷᠢᠶᠠᠨ᠎ᠤ ᠠᠯᠪᠠᠨ ᠬᠡᠷ ᠬᠣᠲᠠ ᠵᠢᠨ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠬᠡᠷ᠎ᠤᠨ 〈ᠣᠷᠳᠣᠰ ᠬᠣᠲᠠ ᠵᠢᠨ ᠲᠡᠷᠢᠭᠦᠨ᠎ᠤ᠎ᠬᠢ᠎ᠲᠠᠢ ᠬᠠᠷᠢᠴᠠᠭᠤᠯᠤᠨ ᠬᠠᠮᠤᠭ᠎ᠤᠨ ᠰᠢᠯᠢᠳᠡᠭ ᠬᠤᠳᠠᠯᠳᠤᠭ᠎ᠠ ᠡᠵᠡᠩᠨᠡᠬᠦ ᠣᠷᠴᠢᠨ ᠨᠥᠬᠥᠴᠡᠯ᠎ᠢ ᠪᠥᠲᠥᠭᠡᠨ ᠪᠠᠢ᠌ᠭᠤᠯᠬᠤ ᠠᠵᠢᠯᠯᠠᠭ᠋ᠠᠨ᠎ᠤ ᠲᠥᠰᠦᠯ (500 ᠵᠦᠢ᠍ᠯ)〉᠎ᠢ ᠳᠠᠷᠤᠮᠠᠯᠯᠠᠨ ᠲᠠᠷᠬᠠᠭ᠋ᠠᠬᠤ ᠲᠤᠬᠠᠶ ᠮᠡᠳᠡᠭᠳᠡᠯ》᠎ᠤᠨ ᠵᠣᠷᠢᠭ ᠰᠠᠨᠠᠭ᠎ᠠ᠎ᠳᠤ ᠦᠨᠳᠦᠰᠦᠯᠡᠨ᠂ ᠡᠭᠦᠷᠭᠡ ᠵᠢ ᠵᠠᠳᠠᠯᠬᠤ ᠲᠥᠰᠦᠯ᠎ᠢ ᠳᠠᠷᠤᠮᠠᠯᠯᠠᠨ ᠲᠠᠷᠬᠠᠭ᠋ᠠᠭᠰᠠᠨ ᠪᠥᠭᠡᠳ ᠲᠣᠪᠴᠢᠶᠠᠨ᠎ᠤ ᠨᠠᠮ᠎ᠤᠨ ᠤᠳᠤᠷᠢᠳᠬᠤ ᠳᠤᠭᠤᠢ᠌ᠯᠠᠩ᠎ᠤᠨ ᠬᠤᠷᠠᠯ ᠵᠶ᠋ᠠᠷ ᠶᠠᠷᠢᠯᠴᠠᠨ ᠪᠠᠲᠤᠯᠠᠪᠠ᠃
ᠡᠭᠦᠷᠭᠡ ᠵᠢ ᠵᠠᠳᠠᠯᠬᠤ ᠲᠥᠰᠦᠯ᠎ᠨᠢ ᠭᠣᠤᠯᠳᠠᠯᠭ᠎ᠠ᠎ᠲᠠᠢ ᠡᠭᠦᠷᠭᠡ ᠵᠢ ᠬᠣᠶᠠᠷ ᠬᠡᠰᠡᠭ ᠬᠤᠪᠢᠶᠠᠨ ᠨᠠᠢ᠌ᠳᠠᠪᠤᠷᠢᠵᠢᠭᠤᠯᠤᠨ᠎ᠠ᠃ ᠨᠢᠭᠡ᠎ᠳᠤ᠂ ᠲᠦᠷᠦᠭᠦᠯᠡᠨ ᠬᠢᠬᠦ ᠡᠭᠦᠷᠭᠡ 10 ᠵᠦᠢᠯ ᠪᠣᠶ᠂ ᠰᠣᠶᠣᠯ᠎ᠤᠨ ᠰᠠᠭᠤᠷᠢ ᠲᠥᠬᠥᠭᠡᠷᠦᠮᠵᠢ ᠵᠢᠨ ᠬᠠᠩᠭ᠋ᠠᠯᠭ᠎ᠠ ᠵᠢ ᠴᠢᠩᠭ᠋ᠠᠳᠬᠠᠵᠤ᠂ ᠰᠣᠶᠣᠯ᠎ᠤᠨ ᠲᠥᠷᠥᠯ᠎ᠤᠨ ᠠᠵᠢᠯᠯᠠᠭ᠎ᠠ ᠵᠢ ᠪᠠᠢ᠌ᠩᠭᠤᠵᠢᠭᠤᠯᠵᠤ ᠦᠷᠨᠢᠭᠦᠯᠦᠨ᠂ ᠤᠳᠬ᠎ᠠ ᠤᠷᠠᠯᠢᠭ᠎ᠤᠨ ᠵᠣᠬᠢᠶᠠᠨ ᠪᠦᠲᠦᠭᠡᠯᠭᠡ ᠵᠢ ᠲᠡᠳᠬᠦᠨ ᠳᠡᠮᠵᠢᠬᠦ ᠵᠢ ᠴᠢᠩᠭ᠋ᠠᠳᠬᠠᠵᠤ᠂ ᠰᠣᠶᠣᠯ᠎ᠤᠨ ᠬᠡᠷᠡᠭᠯᠡᠭᠡᠨ᠎ᠤ ᠰᠡᠳᠡᠯᠲᠡ ᠵᠢ ᠴᠢᠩᠭ᠋ᠠᠷᠠᠭᠤᠯᠤᠨ᠂ ᠰᠣᠶᠣᠯ᠎ᠤᠨ ᠠᠵᠤ ᠦᠢ᠍ᠯᠡᠰ᠎ᠤᠨ ᠵᠢᠱ᠌ᠢᠶ᠎ᠡ ᠦᠵᠡᠭᠦᠯᠬᠦ ᠬᠦᠷᠢᠶᠡᠯᠡᠩ᠎ᠤᠨ ᠪᠦᠲᠦᠭᠡᠨ ᠪᠠᠢ᠌ᠭᠤᠯᠤᠯᠲᠠ ᠵᠢ ᠲᠦᠷᠭᠡᠳᠭᠡᠵᠦ᠂ 《ᠣᠷᠳᠣᠰ᠎ᠤᠨ ᠰᠣᠶᠣᠯ᠎ᠤᠨ ᠡᠭᠦᠯᠡ》 ᠲᠠᠪᠴᠠᠩ᠎ᠤᠨ ᠠᠭᠤᠯᠭ᠎ᠠ ᠵᠢ ᠪᠠᠶᠠᠯᠢᠭᠵᠢᠭᠤᠯᠤᠨ᠂ ᠬᠥᠬᠡᠬᠣᠲᠠ ᠪᠤᠭᠤᠲᠤ ᠣᠷᠳᠣᠰ ᠦᠬᠠᠢ ᠵᠢᠨ ᠰᠣᠶᠣᠯ ᠵᠢᠭᠤᠯᠴᠢᠯᠠᠯ᠎ᠤᠨ ᠮᠡᠳᠡᠭᠡ ᠵᠠᠩᠭᠢ ᠵᠢᠨ ᠲᠠᠪᠴᠠᠩ᠎ᠤᠨ ᠪᠦᠲᠦᠭᠡᠨ ᠪᠠᠢ᠌ᠭᠤᠯᠤᠯᠲᠠ ᠪᠠ ᠡᠮᠬᠢᠯᠡᠨ ᠨᠡᠢ᠌ᠯᠡᠭᠦᠯᠬᠦ ᠵᠡᠷᠭᠡ ᠭᠣᠤᠯᠳᠠᠯᠭ᠎ᠠ᠎ᠲᠠᠢ ᠠᠭᠤᠯᠭ᠎ᠠ ᠵᠢᠨ ᠲᠣᠭᠣᠷᠢᠨ᠎ᠳᠤ᠂ ᠠᠵᠢᠯ᠎ᠤᠨ ᠡᠭᠦᠷᠭᠡ᠂ ᠠᠬᠢᠭᠤᠯᠬᠤ ᠠᠷᠭ᠎ᠠ ᠠᠪᠴᠠᠯ᠂ ᠬᠠᠷᠢᠭᠤᠴᠠᠬᠤ ᠤᠳᠤᠷᠢᠳᠤᠯᠭ᠎ᠠ᠂ ᠬᠠᠷᠢᠭᠤᠴᠠᠬᠤ ᠰᠠᠯᠠᠭ᠎ᠠ ᠮᠥᠴᠢᠷ ᠵᠶ᠋ᠡᠨ ᠲᠣᠳᠤᠷᠬᠠᠢ᠌ᠯᠠᠵᠤ᠂ ᠡᠭᠦᠷᠭᠡ ᠵᠢ ᠨᠠᠷᠢᠯᠢᠭᠵᠢᠭᠤᠯᠤᠨ ᠨᠠᠢ᠌ᠳᠠᠪᠤᠷᠢᠵᠢᠭᠤᠯᠬᠤ ᠵᠢ ᠪᠦᠬᠦ ᠲᠠᠯ᠎ᠠ᠎ᠪᠠᠷ ᠠᠬᠢᠭᠤᠯᠤᠨ᠂ ᠦᠨᠳᠦᠰᠦᠨ ᠣᠯᠠᠨ ᠨᠡᠢ᠌ᠲᠡ ᠵᠢᠨ ᠦᠢᠯᠡᠴᠢᠯᠡᠭᠡᠨ᠎ᠤ ᠣᠯᠠᠨ ᠲᠦᠮᠡᠨ᠎ᠤ ᠬᠠᠨᠤᠮᠵᠢ ᠵᠢ ᠦᠷᠭᠦᠯᠵᠢᠯᠡᠨ ᠳᠡᠭᠡᠭᠰᠢᠯᠡᠭᠦᠯᠦᠨ᠎ᠡ᠃ ᠬᠣᠶᠠᠷ᠎ᠲᠤ᠂ ᠣᠷᠳᠣᠰ ᠬᠣᠲᠠ ᠵᠢᠨ ᠰᠣᠶᠣᠯ ᠪᠠ ᠵᠢᠭᠤᠯᠴᠢᠯᠠᠯ᠎ᠤᠨ ᠲᠣᠪᠴᠢᠶ᠎ᠠ ᠬᠠᠮᠵᠢᠯᠴᠠᠬᠤ ᠬᠡᠷᠡᠭᠲᠡᠢ ᠡᠭᠦᠷᠭᠡ ᠪᠤᠢ᠂ ᠨᠡᠢ᠌ᠲᠡ ᠳᠥᠷᠪᠡᠨ ᠲᠠᠯ᠎ᠠ᠂ 120 ᠵᠦᠢ᠍ᠯ (ᠬᠠᠮᠤᠭ᠎ᠤᠨ ᠰᠢᠯᠢᠳᠡᠭ ᠵᠠᠰᠠᠭ᠎ᠤᠨ ᠶᠠᠪᠤᠳᠠᠯ᠎ᠤᠨ ᠣᠷᠴᠢᠨ ᠲᠣᠭᠣᠷᠢᠨ 59 ᠵᠦᠢ᠍ᠯ᠂ ᠵᠠᠬ᠎ᠠ ᠳᠡᠯᠭᠡᠭᠦᠷ᠎ᠤᠨ ᠣᠷᠴᠢᠨ ᠲᠣᠭᠣᠷᠢᠨ 29 ᠵᠦᠢ᠍ᠯ᠂ ᠬᠠᠤᠯᠢ᠎ᠪᠠᠷ ᠵᠠᠰᠠᠬᠤ ᠣᠷᠴᠢᠨ ᠲᠣᠭᠣᠷᠢᠨ 12 ᠵᠦᠢ᠍ᠯ᠂ ᠨᠡᠢ᠌ᠭᠡᠮ᠎ᠤᠨ ᠣᠷᠴᠢᠨ ᠲᠣᠭᠣᠷᠢᠨ 20 ᠵᠦᠢ᠍ᠯ)᠎ᠲᠠᠢ᠂ ᠲᠣᠪᠴᠢᠶ᠎ᠠ ᠵᠢᠨ ᠪᠠᠢ᠌ᠭᠤᠯᠭ᠎ᠠ ᠵᠢᠴᠢ ᠲᠣᠪᠴᠢᠶ᠎ᠠ ᠵᠢᠨ ᠬᠠᠷᠢᠶ᠎ᠠ ᠬᠠᠷᠢᠭᠤᠴᠠᠯᠭ᠋ᠠᠲᠤ ᠰᠠᠯᠠᠭ᠎ᠠ ᠮᠥᠴᠢᠷ᠎ᠢ ᠬᠣᠯᠪᠣᠭᠳᠠᠯ ᠪᠥᠬᠥᠶ ᠬᠠᠷᠢᠭᠤᠴᠠᠯᠭ᠋ᠠᠲᠤ ᠨᠢᠭᠡᠴᠢ᠎ᠲᠠᠢ ᠢᠳᠡᠪᠬᠢᠲᠡᠶ ᠬᠠᠮᠵᠢᠯᠴᠠᠨ ᠡᠭᠦᠷᠭᠡ ᠵᠢ ᠨᠠᠢ᠌ᠳᠠᠪᠤᠷᠢᠵᠢᠭᠤᠯᠬᠤ ᠵᠢ ᠱᠠᠭ᠋ᠠᠷᠳᠠᠪᠠ᠃
ᠲᠠᠷᠠᠭ᠋ᠠᠴᠢ ᠵᠢᠨ ᠠᠯᠬᠤᠮ᠎ᠳᠤ᠂ ᠣᠷᠳᠣᠰ ᠬᠣᠲᠠ ᠵᠢᠨ ᠰᠣᠶᠣᠯ ᠪᠠ ᠵᠢᠭᠤᠯᠴᠢᠯᠠᠯ᠎ᠤᠨ ᠲᠣᠪᠴᠢᠶ᠎ᠠ ᠰᠠᠷ᠎ᠠ ᠵᠢᠨ ᠲᠣᠬᠢᠷᠠᠭᠤᠯᠤᠯᠲᠠ ᠵᠢᠨ ᠠᠵᠢᠯ᠎ᠤᠨ ᠲᠣᠭᠲᠠᠴᠠ ᠵᠢ ᠬᠡᠷᠡᠭᠵᠢᠭᠦᠯᠵᠦ᠂ ᠬᠣᠯᠪᠣᠭᠳᠠᠯ ᠪᠥᠬᠥᠶ ᠡᠭᠦᠷᠭᠡ ᠵᠢ ᠭᠦᠢᠴᠡᠳᠬᠡᠬᠦ ᠵᠢ ᠪᠣᠳᠠᠲᠠᠶ ᠠᠬᠢᠭᠤᠯᠤᠨ᠂ ᠮᠡᠳᠡᠭᠡ ᠵᠠᠩᠭᠢ ᠵᠢ ᠴᠠᠭ ᠲᠤᠬᠠᠶ᠎ᠳᠤᠨᠢ ᠨᠡᠢ᠌ᠲᠡᠯᠡᠵᠦ᠂ ᠲᠥᠷᠥ ᠵᠢᠨ ᠪᠣᠳᠣᠯᠭ᠎ᠠ ᠵᠢᠨ ᠤᠬᠠᠭᠤᠯᠭ᠎ᠠ ᠵᠢ ᠴᠢᠩᠭ᠋ᠠᠳᠬᠠᠨ᠂ ᠨᠡᠢ᠌ᠭᠡᠮ᠎ᠤᠨ ᠬᠢᠨᠠᠯᠲᠠ ᠵᠢ ᠬᠦᠯᠢᠶᠡᠵᠦ᠂ ᠠᠵᠤ ᠠᠬᠤᠢ᠌ᠯᠠᠯ᠎ᠤᠨ ᠣᠯᠠᠨ ᠲᠦᠮᠡᠨ᠎ᠳᠤ ᠦᠨᠡᠨ ᠬᠦ᠌ ᠰᠢᠨ᠎ᠡ ᠬᠤᠪᠢᠷᠠᠯᠲᠠ᠂ ᠰᠢᠨ᠎ᠡ ᠬᠢᠳᠡᠯ᠎ᠲᠠᠢ ᠪᠣᠯᠤᠭᠰᠠᠨ᠎ᠢ ᠮᠡᠳᠡᠷᠡᠭᠦᠯᠵᠦ᠂ ᠬᠦᠷᠲᠡᠮᠵᠢᠲᠦ ᠲᠥᠷᠥᠭᠳᠡᠯ᠂ ᠵᠢᠷᠭ᠋ᠠᠯᠲᠤ ᠲᠥᠷᠥᠭᠳᠡᠯ ᠪᠠ ᠬᠠᠨᠤᠮᠵᠢ ᠵᠢ᠎ᠨᠢ ᠨᠡᠮᠡᠭᠳᠡᠭᠦᠯᠦᠨ᠎ᠡ᠃