ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠰᠤᠷᠠᠭ ᠵᠠᠩᠬᠢ
ᠬᠡᠷᠡᠭᠯᠡᠭᠡ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠠᠶ᠋ᠢᠮᠠᠭ ᠬᠤᠲᠠ᠎ᠶᠢᠨ ᠰᠣᠨᠣᠰᠬᠠᠯ
ᠦᠬᠠᠶ ᠬᠣᠲᠠ ᠵᠢᠨ ᠰᠣᠶᠣᠯ ᠷᠠᠳᠢᠣ᠋ ᠲᠧᠯᠸᠢᠰ᠎ᠤᠨ ᠦᠢᠯᠡᠰ᠎ᠤᠨ ᠬᠥᠭᠵᠢᠯᠲᠡ ᠵᠢᠨ ᠲᠥᠪ᠎ᠤᠨ ᠨᠣᠮ᠎ᠤᠨ ᠰᠠᠩ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢ ᠠᠬᠢᠭᠤᠯᠬᠤ ᠲᠦᠷᠢᠮ》᠎ᠤᠨ ᠤᠬᠠᠭᠤᠯᠭ᠎ᠠ ᠬᠥᠮᠦᠵᠢᠯ᠎ᠤᠨ ᠠᠵᠢᠯᠯᠠᠭ᠎ᠠ ᠦᠷᠨᠢᠭᠦᠯᠪᠡ
ᠨᠡᠶᠢᠲᠡᠯᠡᠭᠰᠡᠨ ᠴᠠᠭ᠄ 2022-05-11

      ᠦᠨᠳᠦᠰᠦᠲᠡᠨ᠎ᠤ ᠪᠦᠯᠬᠦᠮᠳᠡᠯ᠎ᠤᠨ ᠤᠬᠠᠭᠤᠯᠭ᠎ᠠ ᠬᠥᠮᠦᠵᠢᠯ᠎ᠤᠨ ᠠᠵᠢᠯ᠎ᠢ ᠤᠯᠠᠮ ᠨᠢᠭᠡ ᠠᠯᠬᠤᠮ ᠰᠠᠢ᠌ᠲᠤᠷ ᠬᠢᠵᠦ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ ᠵᠢᠨ ᠲᠥᠯᠥᠭᠡ᠂ 5 ᠳ᠋ᠤᠭ᠋ᠠᠷ ᠰᠠᠷ᠎ᠠ ᠵᠢᠨ 6᠎ᠤ ᠡᠳᠦᠷ᠂ ᠦᠬᠠᠶ ᠬᠣᠲᠠ ᠵᠢᠨ ᠰᠣᠶᠣᠯ ᠷᠠᠳᠢᠣ᠋ ᠲᠧᠯᠸᠢᠰ᠎ᠤᠨ ᠦᠢᠯᠡᠰ᠎ᠤᠨ ᠬᠥᠭᠵᠢᠯᠲᠡ ᠵᠢᠨ ᠲᠥᠪ᠎ᠤᠨ ᠨᠣᠮ᠎ᠤᠨ ᠰᠠᠩ ᠪᠥᠬᠥ ᠨᠣᠮ᠎ᠤᠨ ᠰᠠᠩ᠎ᠤᠨ ᠠᠵᠢᠯᠲᠠᠨ᠎ᠢ ᠵᠣᠬᠢᠶᠠᠨ ᠪᠠᠢ᠌ᠭᠤᠯᠵᠤ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢ ᠠᠬᠢᠭᠤᠯᠬᠤ ᠲᠦᠷᠢᠮ》᠎ᠢ ᠰᠤᠷᠤᠯᠴᠠᠭᠤᠯᠪᠠ᠃


      ᠡᠭᠦᠨ᠎ᠠᠴᠠ ᠭᠠᠳᠠᠨ᠎ᠠ᠂ ᠨᠣᠮ᠎ᠤᠨ ᠰᠠᠩ᠎ᠨᠢ ᠰᠦᠯᠵᠢᠶᠡᠨ ᠳᠡᠭᠡᠷ᠎ᠡ ᠪᠠ ᠰᠦᠯᠵᠢᠶᠡᠨ᠎ᠤ ᠭᠠᠳᠠᠨᠠᠬᠢ ᠠᠷᠭ᠎ᠠ ᠬᠡᠯᠪᠡᠷᠢ᠎ᠪᠠᠷ ᠳᠠᠮᠵᠢᠭᠤᠯᠤᠨ᠂ ᠸᠢᠴᠠᠲ᠎ᠤᠨ ᠣᠯᠠᠨ ᠨᠡᠢ᠌ᠲᠡ ᠵᠢᠨ ᠳ᠋ᠤᠭ᠋ᠠᠷ᠂ ᠣᠯᠠᠨ ᠵᠠᠭᠤᠴᠢᠳᠤ ᠮᠡᠳᠡᠭᠡ ᠵᠠᠩᠭᠢ ᠨᠡᠢ᠌ᠲᠡᠯᠡᠬᠦ ᠳᠡᠯᠭᠡᠴᠡ ᠵᠢ ᠠᠰᠢᠭᠯᠠᠵᠤ᠂ ᠤᠩᠰᠢᠭᠴᠢᠳ᠎ᠲᠤ    《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢ ᠠᠬᠢᠭᠤᠯᠬᠤ ᠲᠦᠷᠢᠮ》᠎ᠤᠨ ᠤᠬᠠᠭᠤᠯᠭ᠎ᠠ ᠵᠢᠨ ᠮᠠᠲ᠋ᠧᠷᠢᠶᠠᠯ᠎ᠢ ᠲᠠᠷᠬᠠᠭ᠋ᠠᠬᠤ ᠵᠡᠷᠭᠡ ᠠᠷᠭ᠎ᠠ ᠬᠡᠯᠪᠡᠷᠢ᠎ᠪᠠᠷ ᠣᠯᠠᠨ ᠲᠦᠮᠡᠨ᠎ᠤ ᠦᠨᠳᠦᠰᠦᠲᠡᠨ᠎ᠤ ᠪᠦᠯᠬᠦᠮᠳᠡᠯ᠎ᠤᠨ ᠦᠵᠡᠯ ᠤᠬᠠᠮᠰᠠᠷ᠎ᠢ ᠳᠡᠭᠡᠭᠰᠢᠯᠡᠭᠦᠯᠵᠦ᠂ ᠪᠥᠬᠥ ᠠᠷᠠᠳ ᠵᠶ᠋ᠠᠷ ᠵᠶ᠋ᠠᠨ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢ ᠡᠭᠦᠳᠦᠨ ᠪᠠᠢ᠌ᠭᠤᠯᠬᠤ ᠠᠵᠢᠯᠯᠠᠭ᠎ᠠ᠎ᠳᠤ ᠣᠷᠣᠯᠴᠠᠬᠤ ᠵᠢ ᠢᠳᠡᠪᠬᠢᠲᠡᠶ ᠠᠬᠢᠭᠤᠯᠤᠨ᠂ ᠲᠠᠷᠠᠭ᠋ᠠᠴᠢ ᠵᠢᠨ ᠠᠯᠬᠤᠮ᠎ᠤᠨ ᠦᠨᠳᠦᠰᠦᠲᠡᠨ᠎ᠤ ᠪᠦᠯᠬᠦᠮᠳᠡᠯ᠎ᠤᠨ ᠰᠤᠷᠤᠯᠴᠠᠯᠭ᠎ᠠ ᠤᠬᠠᠭᠤᠯᠭ᠎ᠠ ᠬᠥᠮᠦᠵᠢᠯ᠎ᠤᠨ ᠠᠵᠢᠯ᠎ᠢ ᠰᠠᠢ᠌ᠲᠤᠷ ᠬᠢᠬᠦ᠎ᠳᠤ ᠰᠠᠭᠤᠷᠢ ᠲᠠᠯᠪᠢᠵᠤ ᠥᠭᠴᠡᠶ᠃
      ᠲᠠᠷᠠᠭ᠋ᠠᠴᠢ ᠵᠢᠨ ᠠᠯᠬᠤᠮ᠎ᠳᠤ᠂ ᠨᠣᠮ᠎ᠤᠨ ᠰᠠᠩ ᠡᠭᠦᠷᠭᠡ ᠴᠢᠳᠠᠪᠬᠢ ᠡᠭᠦᠷᠭᠡ ᠬᠠᠷᠢᠭᠤᠴᠠᠯᠭ᠎ᠠ᠎ᠲᠠᠢ᠎ᠪᠠᠨ ᠤᠶᠠᠯᠳᠤᠭᠤᠯᠤᠨ᠂ ᠦᠨᠳᠦᠰᠦᠲᠡᠨ᠎ᠤ ᠪᠦᠯᠬᠦᠮᠳᠡᠯ᠎ᠤᠨ ᠮᠡᠳᠡᠯᠭᠡ ᠵᠢᠨ ᠲᠠᠢ᠌ᠯᠤᠮᠵᠢ᠂ ᠰᠣᠩᠭᠣᠳᠠᠭ ᠪᠦᠲᠦᠭᠡᠯ᠎ᠤᠨ ᠤᠩᠰᠢᠯᠭ᠎ᠠ᠂ 《ᠦᠵᠦᠮ ᠬᠡᠦᠬᠡᠳ ᠥᠯᠢᠭᠡᠷ   ᠶᠠᠷᠢᠨ᠎ᠠ》 ᠵᠡᠷᠭᠡ ᠠᠭᠤᠯᠭ᠎ᠠ᠎ᠪᠠᠷ ᠪᠠᠶᠠᠯᠢᠭ᠂ ᠬᠡᠯᠪᠡᠷᠢ᠎ᠪᠠᠷ ᠣᠯᠠᠨ ᠶᠠᠩᠵᠤ ᠵᠢᠨ ᠪᠥᠬᠥ ᠠᠷᠠᠳ᠎ᠤᠨ ᠤᠩᠰᠢᠯᠭ᠎ᠠ ᠵᠢᠨ ᠠᠵᠢᠯᠯᠠᠭ᠎ᠠ ᠵᠢ ᠥᠷᠨᠢᠭᠦᠯᠵᠦ᠂ ᠡᠭᠦᠨ᠎ᠤ ᠤᠯᠠᠮ ᠵᠶ᠋ᠠᠷ ᠡᠯ᠎ᠡ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠦᠵᠡᠯ ᠰᠠᠨᠠᠭ᠋ᠠᠨ᠎ᠤ ᠰᠠᠭᠤᠷᠢ ᠵᠢ ᠪᠠᠲᠤ   ᠴᠣᠭᠴᠠᠯᠠᠨ᠂ ᠪᠥᠬᠥ ᠬᠣᠲᠠ ᠵᠢᠨ ᠠᠵᠤ ᠠᠬᠤᠶ ᠨᠡᠢ᠌ᠭᠡᠮ᠎ᠤᠨ ᠡᠯ᠎ᠡ ᠵᠦᠢᠯ᠎ᠤᠨ ᠠᠵᠢᠯ ᠦᠢᠯᠡᠰ᠎ᠤᠨ ᠬᠥᠭᠵᠢᠯᠲᠡ᠎ᠳᠤ ᠰᠠᠢ᠌ᠨ ᠰᠠᠢ᠌ᠬᠠᠨ ᠠᠭᠤᠷ ᠠᠮᠢᠰᠬᠤᠯ᠎ᠢ ᠪᠣᠶ ᠪᠣᠯᠭ᠋ᠠᠵᠤ᠂ ᠪᠣᠳᠠᠲᠤ ᠠᠵᠢᠯᠯᠠᠭ᠎ᠠ᠎ᠪᠠᠷ ᠵᠶ᠋ᠠᠨ ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠠᠮᠵᠢᠯᠲᠠ᠎ᠲᠠᠢ ᠬᠤᠷᠠᠯᠳᠤᠬᠤ ᠵᠢ ᠤᠭᠲᠤᠬᠤ ᠶᠤᠮ᠃

ᠢᠷᠡᠯᠲᠡ᠄ ᠦᠬᠠᠶ ᠬᠣᠲᠠ ᠵᠢᠨ ᠰᠣᠶᠣᠯ ᠪᠡᠶ᠎ᠡ ᠵᠢᠨ ᠲᠠᠮᠢᠷ ᠵᠢᠭᠤᠯᠴᠢᠯᠠᠯ ᠷᠠᠳᠢᠣ᠋ ᠲᠧᠯᠸᠢᠰ᠎ᠤᠨ ᠲᠣᠪᠴᠢᠶ᠎ᠠ
          
ᠬᠠᠮᠢᠶ᠎ᠡ ᠪᠦᠬᠦᠢ ᠰᠣᠨᠢᠨ
ᠦᠨᠳᠦᠰᠦᠲᠡᠨ᠎ᠤ ᠲᠥᠷᠥ ᠵᠢᠨ ᠪᠣᠳᠣᠯᠭ᠎ᠠ ᠵᠢᠨ ᠤᠬᠠᠭᠤᠯᠭ᠎ᠠ᠎ᠳᠤ ᠬᠦᠴᠦᠨ ᠨᠡᠮᠡᠷᠢᠯᠡᠵᠦ ᠣᠶᠤᠨ ᠰᠠᠨᠠᠭ᠎ᠠ ᠰᠣᠶᠣᠯ᠎ᠤᠨ ᠬᠡᠷᠡᠭᠴᠡᠭᠡ ᠵᠢ ᠪᠠᠶᠠᠯᠢᠭᠵᠢᠭᠤᠯᠤᠨ᠎ᠠ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠳᠣᠨ ᠲᠠᠰ᠎ᠤᠨ ᠪᠠᠭᠤᠳᠠᠯ᠎ᠤᠨ ᠠᠵᠢᠯ ᠡᠷᠬᠢᠯᠡᠭᠴᠢᠳ᠎ᠤᠨ ᠦᠢᠯᠡᠴᠢᠯᠡᠭᠡᠨ᠎ᠤ ᠤᠷ᠎ᠠ ᠴᠢᠳᠠᠪᠤᠷᠢ ᠵᠢᠨ ᠤᠷᠤᠯᠳᠤᠭ᠋ᠠᠨ᠎ᠤ ᠪᠤᠭᠤᠲᠤ᠎ᠳᠤ᠎ᠬᠢ ᠰᠢᠯᠭ᠋ᠠᠷᠠᠭᠤᠯᠬᠤ ᠤᠷᠤᠯᠳᠤᠭ᠋ᠠᠨ ᠡᠬᠢᠯᠡᠪᠡ
ᠪᠤᠭᠤᠲᠤ ᠬᠣᠲᠠ ᠵᠢᠨ ᠰᠣᠶᠣᠯ ᠵᠢᠭᠤᠯᠴᠢᠯᠠᠯ ᠷᠠᠳᠢᠣ᠋ ᠲᠧᠯᠸᠢᠰ᠎ᠤᠨ ᠲᠣᠪᠴᠢᠶ᠎ᠠ ᠲᠡᠦᠬᠡ ᠵᠢᠨ ᠳᠤᠷᠠᠰᠬᠠᠯᠲᠤ ᠵᠦᠢᠯᠡᠰ᠎ᠤᠨ ᠬᠠᠮᠠᠭ᠋ᠠᠯᠠᠯᠲᠠ ᠵᠢᠨ ᠨᠢᠭᠡᠴᠢ ᠵᠢᠨ ᠠᠮᠤᠷ ᠲᠦᠪᠰᠢᠨ᠎ᠤ ᠶᠡᠬᠡ ᠬᠢᠨᠠᠯᠲᠠ ᠪᠠᠢ᠌ᠴᠠᠭ᠋ᠠᠯᠲᠠ ᠵᠢᠨ ᠠᠵᠢᠯ᠎ᠢ ᠵᠣᠬᠢᠶᠠᠨ ᠪᠠᠢ᠌ᠭᠤᠯᠵᠤ ᠥᠷᠨᠢᠭᠦᠯᠪᠡ
ᠣᠷᠳᠣᠰ ᠬᠣᠲᠠ ᠵᠢᠨ ᠡᠯ᠎ᠡ ᠤᠯᠠᠭ᠋ᠠᠨᠮᠥ᠋ᠴᠢᠷ᠎ᠤᠨ ᠥᠷᠨᠢᠭᠦᠯᠦᠭᠰᠡᠨ《ᠪᠥᠬᠥ ᠣᠷᠣᠨ᠎ᠤ ᠦᠨᠳᠦᠰᠦᠲᠡᠨ᠎ᠤ ᠲᠥᠷᠥ ᠵᠢᠨ ᠪᠣᠳᠣᠯᠭ᠎ᠠ ᠵᠢᠨ ᠤᠬᠠᠭᠤᠯᠭ᠎ᠠ ᠵᠢᠨ ᠰᠠᠷ᠎ᠠ》ᠵᠢᠨ ᠠᠵᠢᠯᠯᠠᠭ᠎ᠠ ᠬᠠᠯᠠᠭᠤᠨ ᠲᠤᠰᠬᠠᠯ ᠤᠯᠪᠠ
 
            