ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠰᠤᠷᠠᠭ ᠵᠠᠩᠬᠢ
ᠬᠡᠷᠡᠭᠯᠡᠭᠡ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠠᠶ᠋ᠢᠮᠠᠭ ᠬᠤᠲᠠ᠎ᠶᠢᠨ ᠰᠣᠨᠣᠰᠬᠠᠯ
ᠦᠬᠠᠶ ᠬᠣᠲᠠ ᠵᠢᠨ ᠰᠣᠶᠣᠯ ᠪᠡᠶ᠎ᠡ ᠵᠢᠨ ᠲᠠᠮᠢᠷ ᠵᠢᠭᠤᠯᠴᠢᠯᠠᠯ ᠷᠠᠳᠢᠣ᠋ ᠲᠧᠯᠸᠢᠰ᠎ᠤᠨ ᠲᠣᠪᠴᠢᠶ᠎ᠠ 《5·19》 ᠳᠤᠮᠳᠠᠳᠤ ᠤᠯᠤᠰ᠎ᠤᠨ ᠵᠢᠭᠤᠯᠴᠢᠯᠠᠯ᠎ᠤᠨ ᠡᠳᠦᠷ᠎ᠤᠨ ᠠᠵᠢᠯᠯᠠᠭ᠎ᠠ ᠵᠢ ᠵᠣᠯᠭ᠋ᠠᠭᠤᠯᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄ 2022-05-11

      ᠠᠵᠢᠯ ᠲᠥᠷᠥᠯ᠎ᠤᠨ ᠬᠥᠭᠵᠢᠯᠲᠡ ᠵᠢᠨ ᠢᠲᠡᠭᠡᠯ᠎ᠢ ᠤᠯᠠᠮ ᠨᠢᠭᠡ ᠠᠯᠬᠤᠮ ᠬᠥᠪᠴᠢᠯᠡᠵᠦ᠂ ᠵᠢᠭᠤᠯᠴᠢᠯᠠᠯ᠎ᠤᠨ ᠵᠠᠬ᠎ᠠ ᠳᠡᠯᠭᠡᠭᠦᠷ᠎ᠤᠨ ᠠᠮᠢᠵᠢᠷᠠᠯ᠎ᠤᠨ ᠬᠦᠴᠦᠨ᠎ᠢ ᠨᠡᠮᠡᠭᠳᠡᠭᠦᠯᠦᠨ᠂ ᠵᠢᠭᠤᠯᠴᠢᠯᠠᠯ᠎ᠤᠨ ᠵᠠᠬ᠎ᠠ ᠳᠡᠯᠭᠡᠭᠦᠷ᠎ᠤᠨ ᠰᠡᠷᠭᠦᠨ ᠬᠥᠭᠵᠢᠬᠦ᠎ᠳᠤ ᠬᠦᠴᠦᠨ ᠨᠡᠮᠡᠷᠢᠯᠡᠬᠦ ᠵᠢᠨ ᠲᠥᠯᠥᠭᠡ᠂ 5 ᠳ᠋ᠤᠭ᠋ᠠᠷ ᠰᠠᠷ᠎ᠠ ᠵᠢᠨ 6᠎ᠤ ᠡᠳᠦᠷ᠂ ᠦᠬᠠᠶ ᠬᠣᠲᠠ ᠵᠢᠨ ᠰᠣᠶᠣᠯ ᠪᠡᠶ᠎ᠡ ᠵᠢᠨ ᠲᠠᠮᠢᠷ ᠵᠢᠭᠤᠯᠴᠢᠯᠠᠯ ᠷᠠᠳᠢᠣ᠋ ᠲᠧᠯᠸᠢᠰ᠎ᠤᠨ ᠲᠣᠪᠴᠢᠶ᠎ᠠ 《5· 19》 ᠳᠤᠮᠳᠠᠳᠤ ᠤᠯᠤᠰ᠎ᠤᠨ ᠵᠢᠭᠤᠯᠴᠢᠯᠠᠯ᠎ᠤᠨ ᠡᠳᠦᠷ᠎ᠤᠨ ᠠᠵᠢᠯᠯᠠᠭ᠎ᠠ ᠵᠢ ᠵᠣᠯᠭ᠋ᠠᠭᠤᠯᠬᠤ ᠬᠤᠷᠠᠯ ᠬᠤᠷᠠᠯᠳᠤᠭᠤᠯᠪᠠ᠃ ᠭᠤᠷᠪᠠᠨ ᠣᠷᠣᠨ᠎ᠤ ᠰᠣᠶᠣᠯ ᠵᠢᠭᠤᠯᠴᠢᠯᠠᠯ ᠪᠡᠶ᠎ᠡ ᠵᠢᠨ ᠲᠠᠮᠢᠷ᠎ᠤᠨ ᠲᠣᠪᠴᠢᠶ᠎ᠠ᠂ ᠦᠬᠠᠶ ᠨᠠᠭᠤᠷ᠎ᠤᠨ ᠰᠡᠯᠡᠭᠦᠴᠡᠯ ᠵᠢᠭᠤᠯᠴᠢᠯᠠᠯ᠎ᠤᠨ ᠠᠮᠠᠷᠠᠯᠲᠠ ᠵᠢᠨ ᠣᠷᠣᠨ᠂ ᠬᠣᠲᠠ ᠵᠢᠨ ᠵᠢᠭᠤᠯᠴᠢᠯᠠᠯ᠎ᠤᠨ ᠨᠡᠢ᠌ᠭᠡᠮᠯᠢᠭ ᠵᠡᠷᠭᠡ ᠨᠢᠭᠡᠴᠢ ᠵᠢᠨ ᠬᠠᠮᠢᠶ᠎ᠠ ᠪᠥᠬᠥᠶ ᠬᠠᠷᠢᠭᠤᠴᠠᠯᠭ᠋ᠠᠲᠠᠨ ᠵᠣᠯᠭ᠋ᠠᠭᠤᠯᠬᠤ ᠬᠤᠷᠠᠯ᠎ᠳᠤ ᠣᠷᠤᠯᠴᠠᠵᠠᠢ᠃
      ᠬᠤᠷᠠᠯ᠎ᠳᠤ᠂ ᠠᠵᠢᠯᠯᠠᠭ᠋ᠠᠨ᠎ᠤ ᠲᠤᠬᠠᠶ ᠵᠢᠨ ᠡᠳᠦᠷ ᠪᠥᠬᠥ ᠬᠣᠲᠠ ᠵᠢᠨ ᠭᠣᠤᠯᠳᠠᠯᠭ᠎ᠠ᠎ᠲᠠᠢ ᠦᠵᠡᠮᠵᠢ ᠵᠢᠨ ᠣᠷᠣᠨ᠎ᠢ ᠲᠤᠬᠠᠶ ᠵᠢᠨ ᠲᠠᠯᠠᠪᠠᠶ᠎ᠳᠤ ᠲᠠᠨᠢᠯᠴᠠᠭᠤᠯᠵᠤ᠂ ᠪᠣᠳᠠᠰ᠎ᠤᠨ ᠪᠤᠰᠤ ᠰᠣᠶᠣᠯ᠎ᠤᠨ ᠥᠪ᠎ᠤᠨ ᠲᠥᠷᠥᠯ ᠵᠦᠢᠯ᠂ ᠰᠣᠶᠣᠯ᠎ᠤᠨ ᠡᠭᠦᠳᠦᠯᠲᠡ ᠵᠢᠨ ᠪᠦᠲᠦᠭᠡᠭᠳᠡᠬᠦᠨ᠎ᠢ   ᠳᠡᠯᠭᠡᠵᠦ ᠦᠵᠡᠭᠦᠯᠦᠨ᠂ ᠲᠠᠷᠢᠶᠠᠯᠠᠩ᠎ᠤᠨ ᠲᠤᠰᠠᠯᠠᠬᠤ ᠪᠦᠲᠦᠭᠡᠭᠳᠡᠬᠦᠨ᠎ᠢ ᠪᠣᠷᠤᠯᠠᠭᠤᠯᠵᠤ᠂ ᠤᠯᠠᠭ᠋ᠠᠨᠮᠥ᠋ᠴᠢᠷ᠎ᠤᠨ ᠳᠠᠭᠤᠤ ᠪᠥᠵᠢᠭ᠎ᠤᠨ ᠲᠣᠭᠯᠠᠯᠲᠠ   ᠭᠠᠷᠭ᠋ᠠᠨ᠎ᠠ᠃ ᠲᠤᠬᠠᠶ ᠵᠢᠨ ᠲᠠᠯᠠᠪᠠᠶ᠎ᠳᠤ ᠬᠣᠲᠠ ᠵᠢᠨ ᠠᠷᠠᠳ᠎ᠲᠠᠢ ᠬᠠᠷᠢᠯᠴᠠᠨ ᠬᠥᠳᠡᠯᠦᠯᠴᠡᠵᠦ ᠵᠢᠵᠢᠭ ᠪᠡᠯᠡᠭ᠂ ᠬᠦᠩᠭᠡᠯᠡᠯᠲᠡ ᠵᠢᠨ ᠲᠠᠰᠤᠯᠪᠤᠷᠢ ᠲᠠᠷᠬᠠᠭ᠋ᠠᠨ᠎ᠠ᠃ ᠲᠡᠭᠡᠬᠦ ᠪᠦᠭᠡᠳ ᠬᠢᠵᠢᠭ᠎ᠲᠠᠢ ᠲᠡᠮᠡᠴᠡᠭᠰᠡᠨ ᠬᠥᠮᠦᠰ᠂ ᠶᠣᠰᠣ ᠰᠤᠷᠲᠠᠬᠤᠨ᠎ᠤ ᠵᠢᠱ᠌ᠢᠶᠡᠴᠢ᠂ ᠦᠬᠠᠶ ᠵᠢᠨ ᠰᠠᠢ᠌ᠨ ᠬᠥᠮᠦᠨ᠎ᠳᠤ ᠴᠢᠭᠯᠡᠭᠦᠯᠦᠨ ᠦᠨ᠎ᠡ ᠲᠥᠯᠥᠪᠦᠷᠢ ᠦᠭᠡᠢ᠎ᠪᠠᠷ ᠨᠢᠭᠡ ᠡᠳᠦᠷ ᠵᠢᠭᠤᠯᠴᠢᠯᠠᠬᠤ ᠬᠠᠷᠠᠭ᠋ᠠᠯᠵᠠᠯ᠎ᠢ ᠦᠵᠡᠭᠦᠯᠬᠦ ᠠᠵᠢᠯᠯᠠᠭ᠎ᠠ ᠥᠷᠨᠢᠭᠦᠯᠦᠨ᠎ᠡ᠃ ᠠᠵᠢᠯᠯᠠᠭ᠋ᠠᠨ᠎ᠤ ᠶᠠᠪᠤᠴᠠ᠎ᠳᠤ ᠬᠢᠵᠢᠭ᠎ᠤᠨ ᠪᠠᠢ᠌ᠳᠠᠯ᠎ᠢ ᠰᠡᠷᠭᠡᠢ᠌ᠯᠡᠨ ᠡᠵᠡᠮᠳᠡᠬᠦ ᠠᠵᠢᠯ᠎ᠤᠨ ᠱᠠᠭ᠋ᠠᠷᠳᠠᠯᠭ᠎ᠠ ᠵᠢ ᠴᠢᠩᠭ᠎ᠠ ᠨᠠᠢ᠌ᠳᠠᠪᠤᠷᠢᠵᠢᠭᠤᠯᠵᠤ᠂ ᠠᠮᠤᠷ ᠲᠦᠪᠰᠢᠨ᠂ ᠡᠮᠬᠢ ᠵᠢᠷᠤᠮ᠎ᠲᠠᠢ ᠪᠠᠢ᠌ᠬᠤ ᠵᠢ ᠦᠨᠡᠨ ᠬᠦ᠌ ᠪᠠᠲᠤᠯᠠᠨ᠎ᠠ ᠭᠡᠵᠦ ᠳᠤᠷᠠᠳᠪᠠ᠃
      ᠬᠤᠷᠠᠯ᠎ᠳᠤ᠂ ᠲᠣᠰ ᠤᠳᠠᠭ᠋ᠠᠨ᠎ᠤ ᠠᠵᠢᠯᠯᠠᠭ᠎ᠠ 《5·19》 ᠳᠤᠮᠳᠠᠳᠤ ᠤᠯᠤᠰ᠎ᠤᠨ ᠵᠢᠭᠤᠯᠴᠢᠯᠠᠯ᠎ᠤᠨ ᠡᠳᠦᠷ ᠵᠶ᠋ᠡᠷ ᠠᠵᠠ ᠲᠣᠬᠢᠶᠠᠯ ᠵᠶ᠋ᠡᠨ ᠪᠣᠯᠭ᠋ᠠᠨ᠂ ᠰᠣᠶᠣᠯ ᠪᠠ ᠵᠢᠭᠤᠯᠴᠢᠯᠠᠯ᠎ᠤᠨ ᠭᠦᠨᠵᠡᠭᠡᠶ ᠠᠭᠤᠰᠤᠯᠴᠠᠯ᠎ᠢ ᠦᠷᠭᠦᠯᠵᠢᠯᠡᠨ ᠠᠬᠢᠭᠤᠯᠵᠤ᠂ ᠵᠢᠭᠤᠯᠴᠢᠯᠠᠯ᠎ᠤᠨ ᠠᠵᠤ ᠦᠢ᠌ᠯᠡᠰᠵᠢᠯᠲᠡ ᠵᠢ ᠠᠬᠢᠭᠤᠯᠤᠨ᠂ 《ᠵᠢᠭᠤᠯᠴᠢᠯᠠᠯ + ᠰᠣᠶᠣᠯ》᠂ 《ᠵᠢᠭᠤᠯᠴᠢᠯᠠᠯ + ᠲᠠᠷᠢᠶᠠᠯᠠᠩ》᠂ 《ᠵᠢᠭᠤᠯᠴᠢᠯᠠᠯ + ᠰᠣᠶᠣᠯ᠎ᠤᠨ ᠡᠭᠦᠳᠦᠯᠲᠡ》 ᠵᠡᠷᠭᠡ ᠠᠵᠤ ᠦᠢᠯᠡᠰ᠎ᠤᠨ ᠣᠯᠠᠨ ᠡᠰᠢᠲᠦ ᠠᠭᠤᠰᠤᠯᠴᠠᠯ᠎ᠢ ᠠᠬᠢᠭᠤᠯᠬᠤ ᠶᠤᠮ᠃ ᠤᠬᠠᠭᠤᠯᠬᠤ ᠡᠷᠴᠢᠮ ᠵᠶ᠋ᠡᠨ ᠴᠢᠩᠭ᠋ᠠᠷᠠᠭᠤᠯᠵᠤ᠂ ᠤᠬᠠᠭᠤᠯᠬᠤ ᠠᠷᠭ᠎ᠠ ᠮᠠᠶᠢᠭ᠎ᠲᠤ ᠰᠢᠨ᠎ᠡ ᠵᠢ ᠡᠭᠦᠳᠦᠨ᠂ ᠰᠦᠯᠵᠢᠶᠡᠨ ᠳᠡᠭᠡᠷ᠎ᠡ ᠪᠠ ᠰᠦᠯᠵᠢᠶᠡᠨ᠎ᠤ ᠭᠠᠳᠠᠨ᠎ᠠ ᠰᠣᠶᠣᠯ ᠵᠢᠭᠤᠯᠴᠢᠯᠠᠯ᠎ᠤᠨ ᠤᠬᠠᠭᠤᠯᠭ᠎ᠠ ᠵᠢ ᠵᠡᠷᠭᠡ᠎ᠪᠠᠷ ᠥᠷᠨᠢᠭᠦᠯᠵᠦ᠂ ᠤᠬᠠᠭᠤᠯᠭ᠎ᠠ ᠵᠢᠨ ᠵᠢᠭᠰᠠᠭ᠋ᠠᠯ᠎ᠤᠨ ᠭᠠᠵᠠᠷ᠎ᠢ ᠪᠣᠶ ᠪᠣᠯᠭ᠋ᠠᠨ᠎ᠠ ᠭᠡᠵᠦ ᠴᠢᠩᠭ᠋ᠠᠳᠬᠠᠵᠠᠢ᠃

ᠢᠷᠡᠯᠲᠡ᠄ ᠦᠬᠠᠶ ᠬᠣᠲᠠ ᠵᠢᠨ ᠰᠣᠶᠣᠯ ᠪᠡᠶ᠎ᠡ ᠵᠢᠨ ᠲᠠᠮᠢᠷ ᠵᠢᠭᠤᠯᠴᠢᠯᠠᠯ ᠷᠠᠳᠢᠣ᠋ ᠲᠧᠯᠸᠢᠰ᠎ᠤᠨ ᠲᠣᠪᠴᠢᠶ᠎ᠠ
          
ᠬᠠᠮᠢᠶ᠎ᠡ ᠪᠦᠬᠦᠢ ᠰᠣᠨᠢᠨ
ᠦᠬᠠᠶ ᠬᠣᠲᠠ ᠵᠢᠨ ᠰᠣᠶᠣᠯ ᠷᠠᠳᠢᠣ᠋ ᠲᠧᠯᠸᠢᠰ᠎ᠤᠨ ᠦᠢᠯᠡᠰ᠎ᠤᠨ ᠬᠥᠭᠵᠢᠯᠲᠡ ᠵᠢᠨ ᠲᠥᠪ᠎ᠤᠨ ᠨᠣᠮ᠎ᠤᠨ ᠰᠠᠩ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢ ᠠᠬᠢᠭᠤᠯᠬᠤ ᠲᠦᠷᠢᠮ》᠎ᠤᠨ ᠤᠬᠠᠭᠤᠯᠭ᠎ᠠ ᠬᠥᠮᠦᠵᠢᠯ᠎ᠤᠨ ᠠᠵᠢᠯᠯᠠᠭ᠎ᠠ ᠦᠷᠨᠢᠭᠦᠯᠪᠡ
ᠦᠨᠳᠦᠰᠦᠲᠡᠨ᠎ᠤ ᠲᠥᠷᠥ ᠵᠢᠨ ᠪᠣᠳᠣᠯᠭ᠎ᠠ ᠵᠢᠨ ᠤᠬᠠᠭᠤᠯᠭ᠎ᠠ᠎ᠳᠤ ᠬᠦᠴᠦᠨ ᠨᠡᠮᠡᠷᠢᠯᠡᠵᠦ ᠣᠶᠤᠨ ᠰᠠᠨᠠᠭ᠎ᠠ ᠰᠣᠶᠣᠯ᠎ᠤᠨ ᠬᠡᠷᠡᠭᠴᠡᠭᠡ ᠵᠢ ᠪᠠᠶᠠᠯᠢᠭᠵᠢᠭᠤᠯᠤᠨ᠎ᠠ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠳᠣᠨ ᠲᠠᠰ᠎ᠤᠨ ᠪᠠᠭᠤᠳᠠᠯ᠎ᠤᠨ ᠠᠵᠢᠯ ᠡᠷᠬᠢᠯᠡᠭᠴᠢᠳ᠎ᠤᠨ ᠦᠢᠯᠡᠴᠢᠯᠡᠭᠡᠨ᠎ᠤ ᠤᠷ᠎ᠠ ᠴᠢᠳᠠᠪᠤᠷᠢ ᠵᠢᠨ ᠤᠷᠤᠯᠳᠤᠭ᠋ᠠᠨ᠎ᠤ ᠪᠤᠭᠤᠲᠤ᠎ᠳᠤ᠎ᠬᠢ ᠰᠢᠯᠭ᠋ᠠᠷᠠᠭᠤᠯᠬᠤ ᠤᠷᠤᠯᠳᠤᠭ᠋ᠠᠨ ᠡᠬᠢᠯᠡᠪᠡ
ᠪᠤᠭᠤᠲᠤ ᠬᠣᠲᠠ ᠵᠢᠨ ᠰᠣᠶᠣᠯ ᠵᠢᠭᠤᠯᠴᠢᠯᠠᠯ ᠷᠠᠳᠢᠣ᠋ ᠲᠧᠯᠸᠢᠰ᠎ᠤᠨ ᠲᠣᠪᠴᠢᠶ᠎ᠠ ᠲᠡᠦᠬᠡ ᠵᠢᠨ ᠳᠤᠷᠠᠰᠬᠠᠯᠲᠤ ᠵᠦᠢᠯᠡᠰ᠎ᠤᠨ ᠬᠠᠮᠠᠭ᠋ᠠᠯᠠᠯᠲᠠ ᠵᠢᠨ ᠨᠢᠭᠡᠴᠢ ᠵᠢᠨ ᠠᠮᠤᠷ ᠲᠦᠪᠰᠢᠨ᠎ᠤ ᠶᠡᠬᠡ ᠬᠢᠨᠠᠯᠲᠠ ᠪᠠᠢ᠌ᠴᠠᠭ᠋ᠠᠯᠲᠠ ᠵᠢᠨ ᠠᠵᠢᠯ᠎ᠢ ᠵᠣᠬᠢᠶᠠᠨ ᠪᠠᠢ᠌ᠭᠤᠯᠵᠤ ᠥᠷᠨᠢᠭᠦᠯᠪᠡ
ᠣᠷᠳᠣᠰ ᠬᠣᠲᠠ ᠵᠢᠨ ᠡᠯ᠎ᠡ ᠤᠯᠠᠭ᠋ᠠᠨᠮᠥ᠋ᠴᠢᠷ᠎ᠤᠨ ᠥᠷᠨᠢᠭᠦᠯᠦᠭᠰᠡᠨ《ᠪᠥᠬᠥ ᠣᠷᠣᠨ᠎ᠤ ᠦᠨᠳᠦᠰᠦᠲᠡᠨ᠎ᠤ ᠲᠥᠷᠥ ᠵᠢᠨ ᠪᠣᠳᠣᠯᠭ᠎ᠠ ᠵᠢᠨ ᠤᠬᠠᠭᠤᠯᠭ᠎ᠠ ᠵᠢᠨ ᠰᠠᠷ᠎ᠠ》ᠵᠢᠨ ᠠᠵᠢᠯᠯᠠᠭ᠎ᠠ ᠬᠠᠯᠠᠭᠤᠨ ᠲᠤᠰᠬᠠᠯ ᠤᠯᠪᠠ
 
            