ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠰᠤᠷᠠᠭ ᠵᠠᠩᠬᠢ
ᠬᠡᠷᠡᠭᠯᠡᠭᠡ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠠᠶ᠋ᠢᠮᠠᠭ ᠬᠤᠲᠠ᠎ᠶᠢᠨ ᠰᠣᠨᠣᠰᠬᠠᠯ
ᠪᠤᠭᠤᠲᠤ ᠬᠣᠲᠠ ᠵᠢᠨ ᠰᠣᠶᠣᠯ ᠵᠢᠭᠤᠯᠴᠢᠯᠠᠯ ᠷᠠᠳᠢᠣ᠋ ᠲᠧᠯᠸᠢᠰ᠎ᠤᠨ ᠲᠣᠪᠴᠢᠶ᠎ᠠ ᠲᠡᠦᠬᠡ ᠵᠢᠨ ᠳᠤᠷᠠᠰᠬᠠᠯᠲᠤ ᠵᠦᠢᠯᠡᠰ᠎ᠤᠨ ᠬᠠᠮᠠᠭ᠋ᠠᠯᠠᠯᠲᠠ ᠵᠢᠨ ᠨᠢᠭᠡᠴᠢ ᠵᠢᠨ ᠠᠮᠤᠷ ᠲᠦᠪᠰᠢᠨ᠎ᠤ ᠶᠡᠬᠡ ᠬᠢᠨᠠᠯᠲᠠ ᠪᠠᠢ᠌ᠴᠠᠭ᠋ᠠᠯᠲᠠ ᠵᠢᠨ ᠠᠵᠢᠯ᠎ᠢ ᠵᠣᠬᠢᠶᠠᠨ ᠪᠠᠢ᠌ᠭᠤᠯᠵᠤ ᠥᠷᠨᠢᠭᠦᠯᠪᠡ
ᠨᠡᠶᠢᠲᠡᠯᠡᠭᠰᠡᠨ ᠴᠠᠭ᠄ 2022-05-16

      ᠣᠢ᠌ᠷ᠎ᠠ᠎ᠳᠤ᠂ ᠬᠦᠨᠳᠦ ᠶᠡᠬᠡ ᠠᠮᠤᠷ ᠲᠦᠪᠰᠢᠨ᠎ᠤ ᠠᠶᠤᠯ ᠲᠦᠭᠰᠢᠭᠦᠷᠢ ᠵᠢ ᠰᠡᠷᠭᠡᠢ᠌ᠯᠡᠨ ᠠᠷᠢᠯᠭ᠋ᠠᠬᠤ ᠵᠢ ᠨᠠᠢ᠌ᠳᠠᠪᠤᠷᠢᠵᠢᠭᠤᠯᠵᠤ᠂ ᠭᠠᠯ᠎ᠤᠨ   ᠠᠶᠤᠯ᠎ᠤᠨ ᠳᠠᠯᠳᠠ ᠬᠡᠮ᠎ᠢ ᠴᠡᠭᠴᠡᠯᠡᠨ ᠵᠠᠰᠠᠬᠤ ᠭᠤᠷᠪᠠᠨ ᠵᠢᠯ᠎ᠤᠨ ᠠᠵᠢᠯᠯᠠᠭ᠎ᠠ ᠵᠢᠨ ᠠᠵᠢᠯ᠎ᠢ ᠭᠦᠨᠵᠡᠭᠡᠶ ᠥᠷᠨᠢᠬᠦᠯᠬᠦ ᠵᠢᠨ ᠲᠥᠯᠥᠭᠡ᠂ ᠪᠤᠭᠤᠲᠤ ᠬᠣᠲᠠ ᠵᠢᠨ ᠰᠣᠶᠣᠯ ᠵᠢᠭᠤᠯᠴᠢᠯᠠᠯ ᠷᠠᠳᠢᠣ᠋ ᠲᠧᠯᠸᠢᠰ᠎ᠤᠨ ᠲᠣᠪᠴᠢᠶ᠎ᠠ ᠬᠣᠲᠠ ᠵᠢᠨ ᠮᠦᠽᠧᠶ ᠵᠢᠨ ᠲᠤᠰᠬᠠᠶ ᠮᠡᠷᠭᠡᠵᠢᠯ᠎ᠤᠨ ᠠᠵᠢᠯᠲᠠᠨ᠎ᠢ ᠵᠣᠬᠢᠶᠠᠨ ᠪᠠᠢ᠌ᠭᠤᠯᠵᠤ 10 ᠬᠣᠰᠢᠭᠤ ᠰᠢᠶᠠᠨ ᠲᠣᠭᠣᠷᠢᠭ᠎ᠲᠤ ᠬᠣᠲᠠ ᠵᠢᠨ ᠲᠠᠰ ᠵᠢᠴᠢ ᠲᠡᠭᠦᠨ᠎ᠠᠴᠠ ᠳᠡᠭᠡᠭᠰᠢᠬᠢ ᠲᠡᠦᠬᠡ ᠵᠢᠨ ᠳᠤᠷᠠᠰᠬᠠᠯᠲᠤ ᠵᠦᠢᠯᠡᠰ᠎ᠤᠨ ᠬᠠᠮᠠᠭ᠋ᠠᠯᠠᠯᠲᠠ ᠵᠢᠨ ᠨᠢᠭᠡᠴᠢ ᠵᠢᠨ ᠠᠮᠤᠷ ᠲᠦᠪᠰᠢᠨ᠎ᠤ ᠶᠡᠬᠡ ᠬᠢᠨᠠᠯᠲᠠ ᠪᠠᠢ᠌ᠴᠠᠭ᠋ᠠᠯᠲᠠ ᠵᠢᠨ ᠠᠵᠢᠯ ᠥᠷᠨᠢᠭᠦᠯᠪᠡ᠃
      ᠣᠳᠣᠬᠠᠨ ᠪᠣᠯᠲᠠᠯ᠎ᠠ᠂ ᠲᠦᠮᠡᠳ ᠪᠠᠷᠠᠭᠤᠨ ᠬᠣᠰᠢᠭᠤᠨ᠎ᠤ 25 ᠭᠠᠵᠠᠷ᠂ ᠬᠥᠨᠳᠡᠯᠡᠨ ᠲᠣᠭᠣᠷᠢᠭ᠎ᠤᠨ 11 ᠭᠠᠵᠠᠷ᠂   ᠴᠢᠩ ᠱᠠᠨ ᠲᠣᠭᠣᠷᠢᠭ᠎ᠤᠨ 6 ᠰᠣᠶᠣᠯ᠎ᠤᠨ ᠬᠠᠮᠠᠭ᠋ᠠᠯᠠᠯᠲᠠ ᠵᠢᠨ ᠨᠢᠭᠡᠴᠢ ᠵᠢ   ᠬᠢᠨᠠᠨ ᠪᠠᠢ᠌ᠴᠠᠭ᠋ᠠᠬᠤ ᠠᠵᠢᠯ᠎ᠢ ᠨᠢᠭᠡᠨᠲᠡ ᠪᠡᠶᠡᠯᠡᠭᠦᠯᠵᠦ᠂ ᠭᠦᠶᠡᠩ ᠰᠢᠶᠠᠨ᠎ᠤ 19 ᠭᠠᠵᠠᠷ᠂ ᠰᠢᠭᠤᠢ᠌ᠲᠤ ᠲᠣᠭᠣᠷᠢᠭ᠎ᠤᠨ 9 ᠭᠠᠵᠠᠷ᠎ᠤᠨ ᠰᠣᠶᠣᠯ᠎ᠤᠨ ᠬᠠᠮᠠᠭ᠋ᠠᠯᠠᠯᠲᠠ ᠵᠢᠨ ᠨᠢᠭᠡᠴᠢ ᠵᠢ ᠬᠢᠨᠠᠨ ᠪᠠᠢ᠌ᠴᠠᠭ᠋ᠠᠬᠤ ᠠᠵᠢᠯ᠎ᠢ ᠪᠡᠶᠡᠯᠡᠭᠦᠯᠪᠡ᠃ ᠡᠨᠡ ᠠᠵᠢᠯ ᠪᠠᠰᠠ ᠦᠷᠬᠦᠯᠵᠢᠯᠡᠨ ᠶᠠᠪᠤᠭᠳᠠᠵᠤ ᠪᠠᠢ᠌ᠨ᠎ᠠ᠃
 

ᠢᠷᠡᠯᠲᠡ᠄ ᠪᠤᠭᠤᠲᠤ ᠬᠣᠲᠠ ᠵᠢᠨ ᠰᠣᠶᠣᠯ ᠵᠢᠭᠤᠯᠴᠢᠯᠠᠯ ᠷᠠᠳᠢᠣ᠋ ᠲᠧᠯᠸᠢᠰ᠎ᠤᠨ ᠲᠣᠪᠴᠢᠶ᠎ᠠ
          
ᠬᠠᠮᠢᠶ᠎ᠡ ᠪᠦᠬᠦᠢ ᠰᠣᠨᠢᠨ
ᠣᠷᠳᠣᠰ ᠬᠣᠲᠠ ᠵᠢᠨ ᠡᠯ᠎ᠡ ᠤᠯᠠᠭ᠋ᠠᠨᠮᠥ᠋ᠴᠢᠷ᠎ᠤᠨ ᠥᠷᠨᠢᠭᠦᠯᠦᠭᠰᠡᠨ《ᠪᠥᠬᠥ ᠣᠷᠣᠨ᠎ᠤ ᠦᠨᠳᠦᠰᠦᠲᠡᠨ᠎ᠤ ᠲᠥᠷᠥ ᠵᠢᠨ ᠪᠣᠳᠣᠯᠭ᠎ᠠ ᠵᠢᠨ ᠤᠬᠠᠭᠤᠯᠭ᠎ᠠ ᠵᠢᠨ ᠰᠠᠷ᠎ᠠ》ᠵᠢᠨ ᠠᠵᠢᠯᠯᠠᠭ᠎ᠠ ᠬᠠᠯᠠᠭᠤᠨ ᠲᠤᠰᠬᠠᠯ ᠤᠯᠪᠠ
ᠤᠯᠠᠭ᠋ᠠᠨᠴᠠᠪ ᠬᠣᠲᠠ ᠵᠢᠨ ᠡᠷᠲᠡᠨ᠎ᠤ ᠳᠠᠭᠤᠤ ᠬᠥᠭᠵᠢᠮ᠂ ᠬᠠᠲᠠᠭ᠋ᠠᠮᠠᠯ ᠲᠠᠬᠢᠶ᠎ᠠ ᠦᠢᠯᠡᠳᠬᠦ ᠤᠷ᠎ᠠ ᠮᠡᠷᠭᠡᠵᠢᠯ ᠵᠡᠷᠭᠡ ᠲᠤᠯᠤᠭ᠋ᠠᠨ ᠲᠥᠷᠥᠯ ᠵᠦᠢᠯ᠎ᠨᠢ ᠳᠣᠯᠣᠳᠤᠭ᠋ᠠᠷ ᠪᠦᠯᠦᠭ᠎ᠤᠨ ᠥᠪᠡᠷᠲᠡᠭᠡᠨ ᠵᠠᠰᠠᠬᠤ ᠣᠷᠣᠨ᠎ᠤ ᠲᠠᠰ᠎ᠤᠨ ᠪᠣᠳᠠᠰ᠎ᠤᠨ ᠪᠤᠰᠤ ᠰᠣᠶᠣᠯ᠎ᠤᠨ ᠥᠪ᠎ᠤᠨ ᠲᠥᠯᠥᠭᠡᠯᠡᠬᠦ ᠴᠢᠨᠠᠷᠲᠠᠶ ᠲᠥᠷᠥᠯ ᠵᠦᠢᠯ᠎ᠤᠨ ᠨᠡᠷᠡᠰ᠎ᠤᠨ ᠵᠢᠭᠰᠠᠭ᠋ᠠᠯᠲᠠ᠎ᠳᠤ ᠰᠣᠩᠭᠣᠭᠳᠠᠪᠠ
《ᠬᠣᠶᠠᠷ᠎ᠢ ᠴᠣᠭᠴᠠᠯᠠᠬᠤ》ᠵᠢᠨ ᠲᠣᠭᠣᠷᠢᠨ᠎ᠳᠤ ᠤᠳᠬ᠎ᠠ ᠤᠷᠠᠯᠢᠭ᠎ᠤᠨ ᠰᠤᠳᠤᠨ ᠪᠥᠲᠥᠭᠡᠯ ᠎ᠢ ᠳᠡᠯᠭᠡᠨ ᠦᠵᠡᠬᠦᠯᠬᠦ — ᠰᠢᠯᠢ ᠵᠢᠨ ᠭᠣᠤᠯ ᠠᠢ᠌ᠮᠠᠭ᠎ᠤᠨ ᠤᠯᠠᠭ᠋ᠠᠨᠮᠥ᠋ᠴᠢᠷ᠎ᠤᠨ ᠪᠥᠵᠢᠭ᠂ ᠬᠥᠭᠵᠢᠮ᠎ᠤᠨ ᠤᠷᠤᠯᠳᠤᠭ᠋ᠠᠨ ᠤᠳᠠᠯ ᠥᠬᠡᠶ ᠶᠠᠪᠤᠭᠳᠠᠬᠤ᠎ᠪᠠᠷ ᠪᠣᠶ
ᠥᠪᠡᠷᠲᠡᠭᠡᠨ ᠵᠠᠰᠠᠬᠤ ᠣᠷᠣᠨ᠎ᠤ ᠵᠢᠭᠤᠯᠴᠢᠯᠠᠯ᠎ᠤᠨ ᠣᠳᠣᠨ ᠲᠠᠰ᠎ᠤᠨ ᠪᠠᠭᠤᠳᠠᠯ᠎ᠤᠨ ᠦᠨᠡᠯᠡᠨ ᠲᠣᠭᠲᠠᠭ᠋ᠠᠬᠤ ᠵᠥᠪᠯᠡᠯ᠎ᠤᠨ ᠲᠤᠰᠬᠠᠶ ᠮᠡᠷᠭᠡᠵᠢᠯᠲᠡᠨ ᠲᠦᠩᠯᠢᠶᠣᠤ ᠬᠣᠲᠠ᠎ᠳᠤ ᠢᠷᠡᠵᠦ ᠵᠢᠭᠤᠯᠴᠢᠯᠠᠯ᠎ᠤᠨ ᠠᠷᠠᠳ᠎ᠤᠨ ᠪᠠᠭᠤᠳᠠᠯ᠎ᠤᠨ ᠦᠨᠡᠯᠡᠨ ᠲᠣᠭᠲᠠᠭ᠋ᠠᠬᠤ ᠠᠵᠢᠯ ᠥᠷᠨᠢᠭᠦᠯᠪᠡ
 
            