ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠰᠤᠷᠠᠭ ᠵᠠᠩᠬᠢ
ᠬᠡᠷᠡᠭᠯᠡᠭᠡ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠠᠶ᠋ᠢᠮᠠᠭ ᠬᠤᠲᠠ᠎ᠶᠢᠨ ᠰᠣᠨᠣᠰᠬᠠᠯ
ᠣᠷᠳᠣᠰ ᠬᠣᠲᠠ ᠵᠢᠨ ᠡᠯ᠎ᠡ ᠤᠯᠠᠭ᠋ᠠᠨᠮᠥ᠋ᠴᠢᠷ᠎ᠤᠨ ᠥᠷᠨᠢᠭᠦᠯᠦᠭᠰᠡᠨ《ᠪᠥᠬᠥ ᠣᠷᠣᠨ᠎ᠤ ᠦᠨᠳᠦᠰᠦᠲᠡᠨ᠎ᠤ ᠲᠥᠷᠥ ᠵᠢᠨ ᠪᠣᠳᠣᠯᠭ᠎ᠠ ᠵᠢᠨ ᠤᠬᠠᠭᠤᠯᠭ᠎ᠠ ᠵᠢᠨ ᠰᠠᠷ᠎ᠠ》ᠵᠢᠨ ᠠᠵᠢᠯᠯᠠᠭ᠎ᠠ ᠬᠠᠯᠠᠭᠤᠨ ᠲᠤᠰᠬᠠᠯ ᠤᠯᠪᠠ
ᠨᠡᠶᠢᠲᠡᠯᠡᠭᠰᠡᠨ ᠴᠠᠭ᠄ 2022-05-16

     5 ᠳ᠋ᠤᠭ᠋ᠠᠷ ᠰᠠᠷ᠎ᠠ ᠵᠢᠨ 6᠎ᠤ ᠡᠳᠦᠷ᠂ ᠣᠷᠳᠣᠰ ᠬᠣᠲᠠ ᠵᠢᠨ ᠡᠯ᠎ᠡ ᠤᠯᠠᠭ᠋ᠠᠨᠮᠥ᠋ᠴᠢᠷ ᠬᠠᠤᠯᠢᠵᠢᠯ᠎ᠤᠨ ᠤᠯᠠᠭ᠋ᠠᠨᠮᠥ᠋ᠴᠢᠷ᠎ᠤᠨ ᠡᠭᠦᠷᠭᠡ ᠴᠢᠳᠠᠪᠤᠷᠢ᠎ᠪᠠᠨ ᠪᠠᠳᠠᠷᠠᠭᠤᠯᠵᠤ᠂《ᠨᠠᠮ᠎ᠤᠨ ᠦᠨᠳᠦᠰᠦᠲᠡᠨ᠎ᠤ ᠣᠨᠣᠯ ᠲᠥᠷᠥ ᠵᠢᠨ ᠪᠣᠳᠣᠯᠭ᠎ᠠ ᠵᠢ ᠭᠦᠨᠵᠡᠭᠡᠶ ᠤᠬᠠᠭᠤᠯᠤᠨ   ᠲᠤᠭᠤᠰᠢᠯᠠᠭᠤᠯᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ》᠎ᠪᠠᠷ ᠭᠣᠤᠯ ᠰᠡᠳᠦᠪ ᠪᠣᠯᠭ᠋ᠠᠭᠰᠠᠨ《ᠪᠥᠬᠥ ᠣᠷᠣᠨ᠎ᠤ ᠦᠨᠳᠦᠰᠦᠲᠡᠨ᠎ᠤ ᠲᠥᠷᠥ ᠵᠢᠨ ᠪᠣᠳᠣᠯᠭ᠎ᠠ ᠵᠢᠨ ᠤᠬᠠᠭᠤᠯᠭ᠎ᠠ ᠵᠢᠨ ᠰᠠᠷ᠎ᠠ》ᠵᠢᠨ ᠤᠳᠬ᠎ᠠ ᠤᠷᠠᠯᠢᠭ᠎ᠤᠨ ᠤᠬᠠᠭᠤᠯᠭ᠎ᠠ ᠵᠢᠨ ᠠᠵᠢᠯᠯᠠᠭ᠎ᠠ ᠵᠢ ᠢᠳᠡᠪᠬᠢᠲᠡᠶ ᠥᠷᠨᠢᠭᠦᠯᠪᠡ᠃
      ᠠᠵᠢᠯᠯᠠᠭ᠎ᠠ ᠳᠤᠮᠳᠠ᠂ ᠡᠯ᠎ᠡ ᠤᠯᠠᠭ᠋ᠠᠨᠮᠥ᠋ᠴᠢᠷ᠎ᠤᠨ᠎ᠬᠢᠨ《ᠰᠡᠳᠬᠢᠯ ᠨᠢᠭᠡᠳᠦᠨ ᠬᠠᠮᠲᠤ᠎ᠪᠠᠷ ᠤᠷᠤᠭᠰᠢᠯᠠᠶ᠎ᠠ》᠂《ᠠᠶᠠᠯᠠᠯ ᠵᠶ᠋ᠠᠨ ᠡᠬᠢᠯᠡᠭᠦᠯᠦᠶ᠎ᠡ》᠂《ᠳᠠᠬᠢᠨᠲᠠ   ᠮᠤᠷᠳᠠᠬᠤ᠎ᠨᠢ》᠂《ᠪᠢ ᠡᠬᠡ ᠤᠯᠤᠰ᠎ᠲᠠᠢ᠎ᠪᠠᠨ》᠂《ᠬᠠᠳᠤᠨ ᠭᠣᠣᠯ᠎ᠤᠨ ᠲᠤᠬᠤᠢ》ᠵᠡᠷᠭᠡ   ᠦᠨᠳᠦᠰᠦᠲᠡᠨ᠎ᠤ ᠪᠦᠯᠬᠦᠮᠳᠡᠯ᠎ᠤᠨ ᠠᠭᠤᠯᠭ᠎ᠠ ᠵᠢ ᠬᠠᠷᠠᠭᠤᠯᠤᠭᠰᠠᠨ ᠡᠯ᠎ᠡ ᠲᠦᠷᠦᠯ᠎ᠤᠨ ᠤᠷᠠᠯᠢᠭ᠎ᠤᠨ ᠲᠣᠭᠯᠠᠯᠲᠠ ᠭᠠᠷᠭ᠋ᠠᠵᠤ᠂ ᠥᠷᠭᠡᠨ ᠤᠯᠠᠨ ᠬᠤᠳᠠ ᠵᠢᠨ ᠠᠷᠠᠳ᠎ᠲᠤ 7 ᠭᠣᠢ᠌ᠲᠠ ᠰᠠᠢ᠌ᠬᠠᠨ ᠲᠣᠭᠯᠠᠯᠲᠠ ᠭᠠᠷᠭ᠋ᠠᠵᠤ ᠥᠭᠪᠡ᠃ ᠲᠣᠭᠯᠠᠯᠲᠠ ᠵᠢᠨ ᠠᠬᠤᠢ ᠲᠠᠯᠠᠪᠠᠢ ᠬᠦᠷ ᠬᠥᠭᠵᠢᠶᠡᠨ ᠵᠶ᠋ᠡᠷ ᠪᠢᠯᠬᠠᠵᠤ᠂ ᠠᠯᠠᠭ᠎ᠠ ᠲᠠᠰᠢᠯᠳᠠ ᠵᠢᠨ ᠲᠠᠭᠤᠨ ᠲᠠᠰᠤᠷᠠᠯᠳᠠ ᠦᠭᠡᠢ ᠦᠷᠬᠦᠯᠵᠢᠯᠡᠪᠡ᠃ ᠠᠵᠢᠯᠯᠠᠭ᠎ᠠ᠎ᠨᠢ ᠪᠠᠰᠠ ᠰᠦᠯᠵᠢᠶᠡᠨ ᠳᠡᠭᠡᠷ᠎ᠡ ᠪᠠ ᠰᠦᠯᠵᠢᠶᠡᠨ᠎ᠠᠴᠠ ᠭᠠᠳᠠᠭᠤᠷ ᠤᠬᠠᠭᠤᠯᠬᠤ ᠰᠠᠮᠪᠠᠷ᠎ᠠ ᠲᠣᠬᠢᠷᠠᠭᠤᠯᠬᠤ᠂ ᠦᠨᠳᠦᠰᠦᠲᠡᠨ᠎ᠤ ᠲᠥᠷᠥ ᠵᠢᠨ ᠪᠣᠳᠣᠯᠭ᠎ᠠ ᠬᠠᠤᠯᠢ ᠲᠣᠭᠲᠠᠭ᠋ᠠᠯ᠎ᠤᠨ ᠤᠬᠠᠭᠤᠯᠭ᠎ᠠ ᠵᠢᠨ ᠮᠠᠲ᠋ᠧᠷᠢᠶᠠᠯ ᠲᠠᠷᠬᠠᠭ᠋ᠠᠬᠤ ᠵᠡᠷᠭᠡ ᠣᠯᠠᠨ ᠵᠦᠢᠯ᠎ᠤᠨ ᠬᠡᠯᠪᠡᠷᠢ᠎ᠪᠠᠷ ᠳᠠᠮᠵᠢᠭᠤᠯᠤᠨ ᠨᠠᠮ᠎ᠤᠨ ᠬᠠᠢ᠌ᠷ᠎ᠠ ᠬᠠᠯᠠᠮᠵᠢ ᠪᠠ ᠲᠥᠷᠥ ᠵᠢᠨ ᠪᠣᠳᠣᠯᠭ᠎ᠠ ᠵᠢ ᠲᠦᠭ ᠲᠦᠮᠡᠨ ᠡᠷᠦᠬᠡ᠎ᠳᠤ   ᠬᠦᠷᠭᠡᠭᠰᠡᠨ ᠪᠠᠢ᠌ᠨ᠎ᠠ᠃
      ᠲᠠᠷᠠᠭ᠋ᠠᠴᠢ ᠵᠢᠨ ᠠᠯᠬᠤᠮ᠎ᠳᠤ᠂ ᠣᠷᠳᠣᠰ ᠬᠣᠲᠠ ᠵᠢᠨ ᠰᠣᠶᠣᠯ ᠪᠠ ᠵᠢᠭᠤᠯᠴᠢᠯᠠᠯ᠎ᠤᠨ ᠲᠣᠪᠴᠢᠶ᠎ᠠ᠎ᠨᠢ ᠦᠷᠭᠦᠯᠵᠢᠯᠡᠨ ᠪᠥᠬᠥ ᠬᠣᠲᠠ ᠵᠢᠨ ᠤᠯᠠᠭ᠋ᠠᠨᠮᠥ᠋ᠴᠢᠷ᠎ᠢ ᠵᠣᠬᠢᠶᠠᠨ ᠪᠠᠢ᠌ᠭᠤᠯᠵᠤ ᠲᠠᠯ᠎ᠠ ᠨᠤᠲᠤᠭ᠎ᠤᠨ ᠬᠤᠪᠢᠰᠬᠠᠯᠲᠤ ᠤᠳᠬ᠎ᠠ ᠤᠷᠠᠯᠢᠭ᠎ᠤᠨ ᠬᠥᠩᠭᠡᠨ ᠮᠣᠷᠢᠲᠤ ᠴᠡᠷᠢᠭ᠎ᠤᠨ ᠵᠣᠷᠢᠭ ᠰᠠᠨᠠᠭ᠎ᠠ ᠵᠢ ᠤᠯᠠᠮ ᠨᠢᠭᠡ ᠠᠯᠬᠤᠮ ᠪᠠᠳᠠᠷᠠᠭᠤᠯᠵᠤ᠂ ᠨᠠᠮ᠎ᠤᠨ ᠬᠠᠢ᠌ᠷ᠎ᠠ ᠬᠠᠯᠠᠮᠵᠢ ᠪᠠ ᠲᠥᠷᠥ ᠵᠢᠨ ᠪᠣᠳᠣᠯᠭ᠎ᠠ ᠵᠢ ᠤᠷᠠᠯᠢᠭ᠎ᠤᠨ ᠬᠡᠯᠪᠡᠷᠢ᠎ᠪᠠᠷ ᠪᠥᠬᠥ ᠬᠣᠲᠠ᠎ᠳᠤ ᠳᠠᠮᠵᠢᠭᠤᠯᠵᠤ᠂ ᠰᠣᠶᠣᠯ᠎ᠤᠨ ᠦᠢᠯᠡᠴᠢᠯᠡᠭᠡ ᠵᠢ ᠣᠯᠠᠨ ᠲᠦᠮᠡᠨ᠎ᠤ ᠬᠠᠮᠤᠭ᠎ᠤᠨ ᠬᠡᠷᠡᠭᠴᠡᠭᠡ᠎ᠲᠠᠢ ᠭᠠᠵᠠᠷ᠎ᠲᠤ ᠬᠦᠷᠭᠡᠵᠦ᠂ ᠣᠯᠠᠨ ᠲᠦᠮᠡᠨ᠎ᠤ ᠢᠳᠡᠪᠬᠢᠵᠢᠯ᠂ ᠣᠷᠣᠯᠴᠠᠬᠤ ᠴᠢᠨᠠᠷ᠎ᠢ ᠭᠦᠢᠴᠡᠳ ᠳᠠᠢ᠌ᠴᠢᠯᠠᠵᠤ᠂ ᠨᠠᠮ᠎ᠤᠨ ᠦᠨᠳᠦᠰᠦᠲᠡᠨ᠎ᠤ ᠣᠨᠣᠯ ᠲᠥᠷᠥ ᠵᠢᠨ ᠪᠣᠳᠣᠯᠭ᠎ᠠ ᠵᠢ ᠤᠬᠠᠭᠤᠯᠤᠨ ᠲᠠᠢ᠌ᠯᠪᠤᠷᠢᠯᠠᠬᠤ ᠡᠷᠴᠢᠮ᠎ᠢ ᠴᠢᠩᠭ᠋ᠠᠷᠠᠭᠤᠯᠵᠤ᠂ ᠦᠨᠳᠦᠰᠦᠲᠡᠨ᠎ᠤ ᠪᠦᠯᠬᠦᠮᠳᠡᠯ᠎ᠤᠨ ᠭᠣᠤᠯ ᠬᠥᠭ ᠠᠶᠠᠰ᠎ᠢ ᠴᠢᠪᠬᠠᠳᠠᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ᠎ᠳᠤ ᠬᠦᠴᠦᠨ ᠴᠢᠳᠠᠯ ᠵᠶ᠋ᠠᠨ ᠡᠷᠭᠦᠨ᠎ᠡ᠃  

ᠢᠷᠡᠯᠲᠡ᠄ ᠣᠷᠳᠣᠰ ᠬᠣᠲᠠ ᠵᠢᠨ ᠰᠣᠶᠣᠯ ᠪᠠ ᠵᠢᠭᠤᠯᠴᠢᠯᠠᠯ᠎ᠤᠨ ᠲᠣᠪᠴᠢᠶ᠎ᠠ
          
ᠬᠠᠮᠢᠶ᠎ᠡ ᠪᠦᠬᠦᠢ ᠰᠣᠨᠢᠨ
ᠤᠯᠠᠭ᠋ᠠᠨᠴᠠᠪ ᠬᠣᠲᠠ ᠵᠢᠨ ᠡᠷᠲᠡᠨ᠎ᠤ ᠳᠠᠭᠤᠤ ᠬᠥᠭᠵᠢᠮ᠂ ᠬᠠᠲᠠᠭ᠋ᠠᠮᠠᠯ ᠲᠠᠬᠢᠶ᠎ᠠ ᠦᠢᠯᠡᠳᠬᠦ ᠤᠷ᠎ᠠ ᠮᠡᠷᠭᠡᠵᠢᠯ ᠵᠡᠷᠭᠡ ᠲᠤᠯᠤᠭ᠋ᠠᠨ ᠲᠥᠷᠥᠯ ᠵᠦᠢᠯ᠎ᠨᠢ ᠳᠣᠯᠣᠳᠤᠭ᠋ᠠᠷ ᠪᠦᠯᠦᠭ᠎ᠤᠨ ᠥᠪᠡᠷᠲᠡᠭᠡᠨ ᠵᠠᠰᠠᠬᠤ ᠣᠷᠣᠨ᠎ᠤ ᠲᠠᠰ᠎ᠤᠨ ᠪᠣᠳᠠᠰ᠎ᠤᠨ ᠪᠤᠰᠤ ᠰᠣᠶᠣᠯ᠎ᠤᠨ ᠥᠪ᠎ᠤᠨ ᠲᠥᠯᠥᠭᠡᠯᠡᠬᠦ ᠴᠢᠨᠠᠷᠲᠠᠶ ᠲᠥᠷᠥᠯ ᠵᠦᠢᠯ᠎ᠤᠨ ᠨᠡᠷᠡᠰ᠎ᠤᠨ ᠵᠢᠭᠰᠠᠭ᠋ᠠᠯᠲᠠ᠎ᠳᠤ ᠰᠣᠩᠭᠣᠭᠳᠠᠪᠠ
《ᠬᠣᠶᠠᠷ᠎ᠢ ᠴᠣᠭᠴᠠᠯᠠᠬᠤ》ᠵᠢᠨ ᠲᠣᠭᠣᠷᠢᠨ᠎ᠳᠤ ᠤᠳᠬ᠎ᠠ ᠤᠷᠠᠯᠢᠭ᠎ᠤᠨ ᠰᠤᠳᠤᠨ ᠪᠥᠲᠥᠭᠡᠯ ᠎ᠢ ᠳᠡᠯᠭᠡᠨ ᠦᠵᠡᠬᠦᠯᠬᠦ — ᠰᠢᠯᠢ ᠵᠢᠨ ᠭᠣᠤᠯ ᠠᠢ᠌ᠮᠠᠭ᠎ᠤᠨ ᠤᠯᠠᠭ᠋ᠠᠨᠮᠥ᠋ᠴᠢᠷ᠎ᠤᠨ ᠪᠥᠵᠢᠭ᠂ ᠬᠥᠭᠵᠢᠮ᠎ᠤᠨ ᠤᠷᠤᠯᠳᠤᠭ᠋ᠠᠨ ᠤᠳᠠᠯ ᠥᠬᠡᠶ ᠶᠠᠪᠤᠭᠳᠠᠬᠤ᠎ᠪᠠᠷ ᠪᠣᠶ
ᠥᠪᠡᠷᠲᠡᠭᠡᠨ ᠵᠠᠰᠠᠬᠤ ᠣᠷᠣᠨ᠎ᠤ ᠵᠢᠭᠤᠯᠴᠢᠯᠠᠯ᠎ᠤᠨ ᠣᠳᠣᠨ ᠲᠠᠰ᠎ᠤᠨ ᠪᠠᠭᠤᠳᠠᠯ᠎ᠤᠨ ᠦᠨᠡᠯᠡᠨ ᠲᠣᠭᠲᠠᠭ᠋ᠠᠬᠤ ᠵᠥᠪᠯᠡᠯ᠎ᠤᠨ ᠲᠤᠰᠬᠠᠶ ᠮᠡᠷᠭᠡᠵᠢᠯᠲᠡᠨ ᠲᠦᠩᠯᠢᠶᠣᠤ ᠬᠣᠲᠠ᠎ᠳᠤ ᠢᠷᠡᠵᠦ ᠵᠢᠭᠤᠯᠴᠢᠯᠠᠯ᠎ᠤᠨ ᠠᠷᠠᠳ᠎ᠤᠨ ᠪᠠᠭᠤᠳᠠᠯ᠎ᠤᠨ ᠦᠨᠡᠯᠡᠨ ᠲᠣᠭᠲᠠᠭ᠋ᠠᠬᠤ ᠠᠵᠢᠯ ᠥᠷᠨᠢᠭᠦᠯᠪᠡ
ᠭᠦᠶᠡᠩ ᠰᠢᠶᠠᠨ᠎ᠤ ᠨᠣᠮ᠎ᠤᠨ ᠰᠠᠩ ᠶᠡᠷᠦᠩᠬᠡᠶ ᠬᠤᠪᠢᠶᠠᠷᠢ ᠣᠷᠳᠣᠨ᠎ᠤ ᠲᠣᠭ᠋ᠠᠵᠢᠭᠤᠯᠤᠭᠰᠠᠨ ᠠᠵᠢᠯᠯᠠᠭ᠎ᠠ ᠵᠢᠴᠢ ᠰᠠᠭ᠋ᠠᠳ ᠦᠭᠡᠢ ᠵᠢᠭᠡᠯᠡᠵᠦ ᠰᠠᠭ᠋ᠠᠳ ᠦᠭᠡᠢ ᠪᠤᠴᠠᠭ᠋ᠠᠬᠤ ᠡᠬᠢᠯᠡᠯᠲᠡ ᠵᠢᠨ ᠶᠣᠰᠣᠯᠠᠯ ᠶᠠᠪᠤᠭᠤᠯᠪᠠ
 
            