ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠰᠤᠷᠠᠭ ᠵᠠᠩᠬᠢ
ᠬᠡᠷᠡᠭᠯᠡᠭᠡ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠠᠶ᠋ᠢᠮᠠᠭ ᠬᠤᠲᠠ᠎ᠶᠢᠨ ᠰᠣᠨᠣᠰᠬᠠᠯ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠳᠣᠨ ᠲᠠᠰ᠎ᠤᠨ ᠪᠠᠭᠤᠳᠠᠯ᠎ᠤᠨ ᠠᠵᠢᠯ ᠡᠷᠬᠢᠯᠡᠭᠴᠢᠳ᠎ᠤᠨ ᠦᠢᠯᠡᠴᠢᠯᠡᠭᠡᠨ᠎ᠤ ᠤᠷ᠎ᠠ ᠴᠢᠳᠠᠪᠤᠷᠢ ᠵᠢᠨ ᠤᠷᠤᠯᠳᠤᠭ᠋ᠠᠨ᠎ᠤ ᠪᠤᠭᠤᠲᠤ᠎ᠳᠤ᠎ᠬᠢ ᠰᠢᠯᠭ᠋ᠠᠷᠠᠭᠤᠯᠬᠤ ᠤᠷᠤᠯᠳᠤᠭ᠋ᠠᠨ ᠡᠬᠢᠯᠡᠪᠡ
ᠨᠡᠶᠢᠲᠡᠯᠡᠭᠰᠡᠨ ᠴᠠᠭ᠄ 2022-05-16

     5 ᠳ᠋ᠤᠭ᠋ᠠᠷ ᠰᠠᠷ᠎ᠠ ᠵᠢᠨ 10᠎ᠤ ᠡᠳᠦᠷ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠳᠣᠨ ᠲᠠᠰ᠎ᠤᠨ ᠪᠠᠭᠤᠳᠠᠯ᠎ᠤᠨ   ᠠᠵᠢᠯ ᠡᠷᠬᠢᠯᠡᠭᠴᠢᠳ᠎ᠤᠨ ᠦᠢᠯᠡᠴᠢᠯᠡᠭᠡᠨ᠎ᠤ ᠤᠷ᠎ᠠ ᠴᠢᠳᠠᠪᠤᠷᠢ ᠵᠢᠨ ᠤᠷᠤᠯᠳᠤᠭ᠋ᠠᠨ᠎ᠤ ᠪᠤᠭᠤᠲᠤ᠎ᠳᠤ᠎ᠬᠢ ᠰᠢᠯᠭ᠋ᠠᠷᠠᠭᠤᠯᠬᠤ ᠤᠷᠤᠯᠳᠤᠭ᠋ᠠᠨ ᠬᠣᠪᠣᠷ ᠰᠢᠷᠣᠶ ᠪᠠᠭᠤᠳᠠᠯ᠎ᠳᠤ ᠡᠬᠢᠯᠡᠪᠡ᠃
      ᠲᠣᠰ ᠤᠳᠠᠭ᠋ᠠᠨ᠎ᠤ ᠰᠢᠯᠭ᠋ᠠᠷᠠᠭᠤᠯᠬᠤ ᠤᠷᠤᠯᠳᠤᠭ᠋ᠠᠨ᠎ᠳᠤ ᠥᠪᠡᠷᠲᠡᠭᠡᠨ ᠵᠠᠰᠠᠬᠤ ᠣᠷᠣᠨ᠎ᠤ ᠲᠠᠰ᠎ᠤᠨ 7 ᠰᠢᠯᠭ᠋ᠠᠷᠠᠭᠤᠯᠬᠤ ᠲᠤᠰᠬᠠᠶ ᠮᠡᠷᠭᠡᠵᠢᠯᠲᠡᠨ᠎ᠢ ᠤᠷᠢᠵᠤ ᠬᠢᠨᠠᠭᠴᠢ ᠵᠢᠨ ᠪᠦᠯᠬᠦᠮ ᠪᠣᠯᠭ᠋ᠠᠵᠤ᠂ ᠨᠡᠢ᠌ᠲᠡ 30 ᠬᠦᠮᠦᠨ ᠤᠷᠤᠯᠳᠤᠭ᠋ᠠᠨ᠎ᠳᠤ ᠣᠷᠣᠯᠴᠠᠵᠠᠶ᠃ ᠰᠢᠯᠭ᠋ᠠᠷᠠᠭᠤᠯᠬᠤ ᠤᠷᠤᠯᠳᠤᠭ᠋ᠠᠨ᠎ᠢ ᠡᠮᠦᠨ᠎ᠡ ᠲᠠᠪᠴᠠᠩ᠎ᠤᠨ ᠦᠢᠯᠡᠴᠢᠯᠡᠭᠡ᠂ ᠳᠤᠮᠳᠠᠳᠤ ᠮᠠᠶᠢᠭ᠎ᠤᠨ ᠣᠷᠣ ᠳᠡᠪᠢᠰᠬᠦ ᠵᠢᠴᠢ ᠤᠨᠳᠠᠯᠭ᠎ᠠ ᠵᠢᠨ ᠣᠷᠣ ᠲᠡᠪᠢᠰᠬᠦ᠂ ᠬᠢᠲᠠᠳ ᠬᠣᠭᠣᠯᠠᠨ᠎ᠤ ᠳᠠᠢ᠌ᠯᠠᠯᠭ᠎ᠠ ᠵᠢᠨ ᠰᠢᠷᠡᠭᠡ ᠵᠠᠰᠠᠬᠤ᠂ ᠧᠦ᠋ᠷᠣᠫᠠ ᠬᠣᠭᠣᠯᠠᠨ᠎ᠤ ᠳᠠᠢ᠌ᠯᠠᠯᠭ᠎ᠠ ᠵᠢᠨ ᠰᠢᠷᠡᠭᠡ ᠵᠠᠰᠠᠬᠤ ᠵᠡᠷᠭᠡ ᠳᠥᠷᠪᠡᠨ ᠤᠷᠤᠯᠳᠤᠭ᠋ᠠᠨ᠎ᠤ ᠲᠥᠷᠥᠯ ᠵᠦᠢᠯ ᠬᠤᠪᠢᠶᠠᠪᠠ᠃ ᠨᠢᠭᠡ ᠡᠳᠦᠷ᠎ᠤᠨ ᠬᠤᠭᠤᠴᠠᠭ᠎ᠠ᠎ᠲᠠᠢ ᠤᠷᠤᠯᠳᠤᠭ᠋ᠠᠨ᠎ᠳᠤ᠂ ᠤᠷᠤᠯᠳᠤᠭ᠋ᠠᠨ᠎ᠳᠤ ᠣᠷᠣᠯᠴᠠᠭᠰᠠᠳ ᠥᠪᠡᠷ ᠥᠪᠡᠷ᠎ᠤᠨ ᠠᠪᠢᠶᠠᠰ ᠴᠢᠳᠠᠪᠤᠷᠢ᠎ᠪᠠᠨ ᠪᠠᠳᠠᠷᠠᠭᠤᠯᠵᠤ᠂ ᠮᠡᠷᠭᠡᠵᠢᠯ ᠵᠶ᠋ᠡᠨ ᠪᠤᠯᠢᠶᠠᠯᠳᠤᠨ ᠭᠠᠷᠭ᠋ᠠᠵᠤ᠂ ᠣᠳᠣᠨ ᠲᠠᠰ᠎ᠤᠨ ᠪᠠᠭᠤᠳᠠᠯ᠎ᠤᠨ ᠠᠵᠢᠯ ᠡᠷᠬᠢᠯᠡᠭᠴᠢᠳ᠎ᠤᠨ ᠠᠵᠢᠯ᠎ᠤᠨ ᠪᠠᠢ᠌ᠷᠢ᠎ᠪᠠᠨ ᠬᠠᠢ᠌ᠷᠠᠯᠠᠵᠤ ᠠᠵᠢᠯ ᠦᠢᠯᠡᠰ ᠵᠶ᠋ᠡᠨ ᠳᠡᠭᠡᠳᠦᠯᠡᠬᠦ ᠣᠶᠤᠨ ᠰᠠᠨᠠᠭ᠋ᠠᠨ᠎ᠤ ᠳᠦᠷᠰᠦ ᠪᠠᠢ᠌ᠳᠠᠯ᠂ ᠪᠣᠯᠪᠠᠰᠤᠷᠠᠩᠭᠤᠶ ᠦᠢᠯᠡᠴᠢᠯᠡᠭᠡᠨ᠎ᠤ ᠤᠷ᠎ᠠ ᠴᠢᠳᠠᠪᠤᠷᠢ ᠵᠢ ᠭᠦᠢᠴᠡᠳ ᠢᠯᠡᠷᠡᠭᠦᠯᠪᠡ᠃
      ᠬᠤᠷᠴᠠ ᠰᠢᠷᠦᠭᠦᠨ ᠥᠷᠢᠰᠥᠯᠳᠦᠭᠡᠨ ᠵᠶ᠋ᠡᠷ ᠳᠠᠮᠵᠢᠭ᠋ᠠᠳ᠂ ᠪᠤᠭᠤᠲᠤ᠎ᠳᠤ᠎ᠬᠢ ᠰᠢᠯᠭ᠋ᠠᠷᠠᠭᠤᠯᠬᠤ ᠤᠷᠤᠯᠳᠤᠭ᠋ᠠᠨ᠎ᠳᠤ ᠨᠡᠢ᠌ᠲᠡ 6 ᠰᠢᠯᠢᠳᠡᠭ   ᠲᠥᠯᠥᠭᠡᠯᠡᠭᠴᠢ ᠤᠷᠤᠯᠴᠠᠭᠴᠢ ᠵᠢ ᠰᠣᠩᠭᠣᠨ ᠭᠠᠷᠭ᠋ᠠᠵᠤ᠂ ᠪᠥᠬᠥ ᠣᠷᠣᠨ᠎ᠤ ᠣᠳᠣᠨ ᠲᠠᠰ᠎ᠤᠨ ᠪᠠᠭᠤᠳᠠᠯ᠎ᠤᠨ ᠠᠵᠢᠯ ᠡᠷᠬᠢᠯᠡᠭᠴᠢᠳ᠎ᠤᠨ ᠦᠢᠯᠡᠴᠢᠯᠡᠭᠡᠨ᠎ᠤ ᠤᠷ᠎ᠠ ᠴᠢᠳᠠᠪᠤᠷᠢ ᠵᠢᠨ ᠤᠷᠤᠯᠳᠤᠭ᠋ᠠᠨ᠎ᠳᠤ ᠣᠷᠣᠯᠴᠠᠬᠤ ᠪᠣᠯᠤᠨ᠎ᠠ᠃

ᠢᠷᠡᠯᠲᠡ᠄ ᠪᠤᠭᠤᠲᠤ ᠬᠣᠲᠠ ᠵᠢᠨ ᠰᠣᠶᠣᠯ ᠵᠢᠭᠤᠯᠴᠢᠯᠠᠯ ᠷᠠᠳᠢᠣ᠋ ᠲᠧᠯᠸᠢᠰ᠎ᠤᠨ ᠲᠣᠪᠴᠢᠶ᠎ᠠ
          
ᠬᠠᠮᠢᠶ᠎ᠡ ᠪᠦᠬᠦᠢ ᠰᠣᠨᠢᠨ
ᠪᠤᠭᠤᠲᠤ ᠬᠣᠲᠠ ᠵᠢᠨ ᠰᠣᠶᠣᠯ ᠵᠢᠭᠤᠯᠴᠢᠯᠠᠯ ᠷᠠᠳᠢᠣ᠋ ᠲᠧᠯᠸᠢᠰ᠎ᠤᠨ ᠲᠣᠪᠴᠢᠶ᠎ᠠ ᠲᠡᠦᠬᠡ ᠵᠢᠨ ᠳᠤᠷᠠᠰᠬᠠᠯᠲᠤ ᠵᠦᠢᠯᠡᠰ᠎ᠤᠨ ᠬᠠᠮᠠᠭ᠋ᠠᠯᠠᠯᠲᠠ ᠵᠢᠨ ᠨᠢᠭᠡᠴᠢ ᠵᠢᠨ ᠠᠮᠤᠷ ᠲᠦᠪᠰᠢᠨ᠎ᠤ ᠶᠡᠬᠡ ᠬᠢᠨᠠᠯᠲᠠ ᠪᠠᠢ᠌ᠴᠠᠭ᠋ᠠᠯᠲᠠ ᠵᠢᠨ ᠠᠵᠢᠯ᠎ᠢ ᠵᠣᠬᠢᠶᠠᠨ ᠪᠠᠢ᠌ᠭᠤᠯᠵᠤ ᠥᠷᠨᠢᠭᠦᠯᠪᠡ
ᠣᠷᠳᠣᠰ ᠬᠣᠲᠠ ᠵᠢᠨ ᠡᠯ᠎ᠡ ᠤᠯᠠᠭ᠋ᠠᠨᠮᠥ᠋ᠴᠢᠷ᠎ᠤᠨ ᠥᠷᠨᠢᠭᠦᠯᠦᠭᠰᠡᠨ《ᠪᠥᠬᠥ ᠣᠷᠣᠨ᠎ᠤ ᠦᠨᠳᠦᠰᠦᠲᠡᠨ᠎ᠤ ᠲᠥᠷᠥ ᠵᠢᠨ ᠪᠣᠳᠣᠯᠭ᠎ᠠ ᠵᠢᠨ ᠤᠬᠠᠭᠤᠯᠭ᠎ᠠ ᠵᠢᠨ ᠰᠠᠷ᠎ᠠ》ᠵᠢᠨ ᠠᠵᠢᠯᠯᠠᠭ᠎ᠠ ᠬᠠᠯᠠᠭᠤᠨ ᠲᠤᠰᠬᠠᠯ ᠤᠯᠪᠠ
ᠤᠯᠠᠭ᠋ᠠᠨᠴᠠᠪ ᠬᠣᠲᠠ ᠵᠢᠨ ᠡᠷᠲᠡᠨ᠎ᠤ ᠳᠠᠭᠤᠤ ᠬᠥᠭᠵᠢᠮ᠂ ᠬᠠᠲᠠᠭ᠋ᠠᠮᠠᠯ ᠲᠠᠬᠢᠶ᠎ᠠ ᠦᠢᠯᠡᠳᠬᠦ ᠤᠷ᠎ᠠ ᠮᠡᠷᠭᠡᠵᠢᠯ ᠵᠡᠷᠭᠡ ᠲᠤᠯᠤᠭ᠋ᠠᠨ ᠲᠥᠷᠥᠯ ᠵᠦᠢᠯ᠎ᠨᠢ ᠳᠣᠯᠣᠳᠤᠭ᠋ᠠᠷ ᠪᠦᠯᠦᠭ᠎ᠤᠨ ᠥᠪᠡᠷᠲᠡᠭᠡᠨ ᠵᠠᠰᠠᠬᠤ ᠣᠷᠣᠨ᠎ᠤ ᠲᠠᠰ᠎ᠤᠨ ᠪᠣᠳᠠᠰ᠎ᠤᠨ ᠪᠤᠰᠤ ᠰᠣᠶᠣᠯ᠎ᠤᠨ ᠥᠪ᠎ᠤᠨ ᠲᠥᠯᠥᠭᠡᠯᠡᠬᠦ ᠴᠢᠨᠠᠷᠲᠠᠶ ᠲᠥᠷᠥᠯ ᠵᠦᠢᠯ᠎ᠤᠨ ᠨᠡᠷᠡᠰ᠎ᠤᠨ ᠵᠢᠭᠰᠠᠭ᠋ᠠᠯᠲᠠ᠎ᠳᠤ ᠰᠣᠩᠭᠣᠭᠳᠠᠪᠠ
《ᠬᠣᠶᠠᠷ᠎ᠢ ᠴᠣᠭᠴᠠᠯᠠᠬᠤ》ᠵᠢᠨ ᠲᠣᠭᠣᠷᠢᠨ᠎ᠳᠤ ᠤᠳᠬ᠎ᠠ ᠤᠷᠠᠯᠢᠭ᠎ᠤᠨ ᠰᠤᠳᠤᠨ ᠪᠥᠲᠥᠭᠡᠯ ᠎ᠢ ᠳᠡᠯᠭᠡᠨ ᠦᠵᠡᠬᠦᠯᠬᠦ — ᠰᠢᠯᠢ ᠵᠢᠨ ᠭᠣᠤᠯ ᠠᠢ᠌ᠮᠠᠭ᠎ᠤᠨ ᠤᠯᠠᠭ᠋ᠠᠨᠮᠥ᠋ᠴᠢᠷ᠎ᠤᠨ ᠪᠥᠵᠢᠭ᠂ ᠬᠥᠭᠵᠢᠮ᠎ᠤᠨ ᠤᠷᠤᠯᠳᠤᠭ᠋ᠠᠨ ᠤᠳᠠᠯ ᠥᠬᠡᠶ ᠶᠠᠪᠤᠭᠳᠠᠬᠤ᠎ᠪᠠᠷ ᠪᠣᠶ
 
            