ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠰᠤᠷᠠᠭ ᠵᠠᠩᠬᠢ
ᠬᠡᠷᠡᠭᠯᠡᠭᠡ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠠᠶ᠋ᠢᠮᠠᠭ ᠬᠤᠲᠠ᠎ᠶᠢᠨ ᠰᠣᠨᠣᠰᠬᠠᠯ
《ᠬᠣᠶᠠᠷ᠎ᠢ ᠴᠣᠭᠴᠠᠯᠠᠬᠤ》ᠵᠢᠨ ᠲᠣᠭᠣᠷᠢᠨ᠎ᠳᠤ ᠤᠳᠬ᠎ᠠ ᠤᠷᠠᠯᠢᠭ᠎ᠤᠨ ᠰᠤᠳᠤᠨ ᠪᠥᠲᠥᠭᠡᠯ ᠎ᠢ ᠳᠡᠯᠭᠡᠨ ᠦᠵᠡᠬᠦᠯᠬᠦ — ᠰᠢᠯᠢ ᠵᠢᠨ ᠭᠣᠤᠯ ᠠᠢ᠌ᠮᠠᠭ᠎ᠤᠨ ᠤᠯᠠᠭ᠋ᠠᠨᠮᠥ᠋ᠴᠢᠷ᠎ᠤᠨ ᠪᠥᠵᠢᠭ᠂ ᠬᠥᠭᠵᠢᠮ᠎ᠤᠨ ᠤᠷᠤᠯᠳᠤᠭ᠋ᠠᠨ ᠤᠳᠠᠯ ᠥᠬᠡᠶ ᠶᠠᠪᠤᠭᠳᠠᠬᠤ᠎ᠪᠠᠷ ᠪᠣᠶ
ᠨᠡᠶᠢᠲᠡᠯᠡᠭᠰᠡᠨ ᠴᠠᠭ᠄ 2022-05-19

     《ᠬᠣᠶᠠᠷ᠎ᠢ ᠴᠣᠭᠴᠠᠯᠠᠬᠤ》ᠠᠵᠢᠯ᠎ᠤᠨ ᠪᠠᠢ᠌ᠷᠢᠯᠠᠭᠤᠯᠤᠯᠲᠠ ᠵᠢᠨ ᠲᠣᠭᠣᠷᠢᠨ᠎ᠳᠤ᠂ ᠤᠳᠬ᠎ᠠ ᠤᠷᠠᠯᠢᠭ᠎ᠤᠨ ᠰᠣᠳᠣᠨ ᠪᠦᠲᠦᠭᠡᠯ᠎ᠢ ᠳᠡᠯᠭᠡᠨ ᠦᠵᠡᠭᠦᠯᠬᠦ ᠵᠢᠨ ᠲᠥᠯᠥᠭᠡ᠂ 2022 ᠣᠨ᠎ᠤ ᠰᠢᠯᠢ ᠵᠢᠨ ᠭᠣᠤᠯ᠎ᠤᠨ ᠤᠯᠠᠭ᠋ᠠᠨᠮᠥ᠋ᠴᠢᠷ᠎ᠤᠨ ᠤᠷᠠᠯᠢᠭ᠎ᠤᠨ ᠨᠠᠢ᠌ᠷ᠎ᠤᠨ ᠴᠢᠬᠤᠯᠠ ᠠᠵᠢᠯᠯᠠᠭ᠎ᠠ ᠵᠢᠨ ᠨᠢᠭᠡ ᠪᠣᠯᠬᠤ ᠪᠥᠬᠥ ᠠᠢ᠌ᠮᠠᠭ᠎ᠤᠨ ᠤᠯᠠᠭ᠋ᠠᠨᠮᠥ᠋ᠴᠢᠷ᠎ᠤᠨ ᠪᠥᠵᠢᠭ᠎ᠤᠨ ᠤᠷᠤᠯᠳᠤᠭ᠋ᠠᠨ᠂ ᠬᠥᠭᠵᠢᠮ᠎ᠤᠨ ᠤᠷᠤᠯᠳᠤᠭ᠋ᠠᠨ 6 ᠳ᠋ᠤᠭ᠋ᠠᠷ ᠰᠠᠷ᠎ᠠ ᠵᠢᠨ ᠰᠡᠭᠦᠯᠴᠢ᠎ᠪᠠᠷ ᠡᠬᠢᠯᠡᠬᠦ᠎ᠪᠠᠷ ᠪᠤᠢ᠃
      ᠲᠤᠰ ᠬᠤᠭᠤᠴᠠᠭ᠋ᠠᠨ᠎ᠤ ᠪᠥᠵᠢᠭ᠎ᠤᠨ ᠤᠷᠤᠯᠳᠤᠭ᠋ᠠᠨ᠂ ᠬᠥᠭᠵᠢᠮ᠎ᠤᠨ ᠤᠷᠤᠯᠳᠤᠭ᠋ᠠᠨ᠎ᠢ ᠠᠩᠬᠠᠨ᠎ᠤ ᠰᠢᠯᠭ᠋ᠠᠷᠠᠭᠤᠯᠤᠯᠲᠠ᠂ ᠲᠤᠬᠠᠶ ᠵᠢᠨ ᠲᠠᠯᠠᠪᠤᠷ᠎ᠤᠨ ᠤᠷᠤᠯᠳᠤᠭ᠋ᠠᠨ ᠬᠣᠶᠠᠷ ᠡᠭᠡᠯᠵᠢ ᠵᠢᠨ ᠰᠢᠯᠭ᠋ᠠᠷᠠᠭᠤᠯᠤᠯᠲᠠ ᠵᠢᠨ ᠬᠡᠯᠪᠡᠷᠢ᠎ᠪᠠᠷ ᠶᠠᠪᠤᠭᠳᠠᠭᠤᠯᠤᠨ᠎ᠠ  ᠃ ᠪᠥᠵᠢᠭ᠎ᠤᠨ ᠲᠥᠷᠥᠯ ᠵᠦᠢᠯ ᠎ᠳᠤ ᠭᠠᠭᠴᠠ ᠬᠥᠮᠦᠨ᠎ᠤ ᠪᠥᠵᠢᠭ᠂ ᠬᠣᠤᠰ ᠬᠥᠮᠦᠨ᠎ᠤ ᠪᠥᠵᠢᠭ᠂ ᠭᠤᠷᠪᠠᠨ ᠬᠥᠮᠦᠨ᠎ᠤ ᠪᠥᠵᠢᠭ ᠪᠠ ᠣᠯᠠᠨ ᠬᠥᠮᠦᠨ᠎ᠤ ᠪᠥᠵᠢᠭ; ᠬᠥᠭᠵᠢᠮ᠎ᠤᠨ ᠲᠥᠷᠥᠯ ᠵᠦᠢᠯ᠎ᠳᠤ ᠭᠣᠴᠣᠯᠠᠯ ᠬᠥᠭᠵᠢᠮ᠂ ᠬᠣᠤᠰᠯᠠᠯ ᠬᠥᠭᠵᠢᠮ᠂ ᠨᠠᠢ᠌ᠷᠠᠯ ᠬᠥᠭᠵᠢᠮ ᠵᠢᠴᠢ ᠬᠠᠮᠲᠤᠷᠠᠯ᠎ᠢ ᠲᠣᠬᠢᠷᠠᠭᠤᠯᠤᠨ᠎ᠠ  ᠃ ᠣᠳᠣᠬᠠᠨ᠎ᠳᠤ᠂ ᠪᠥᠬᠥ ᠠᠢ᠌ᠮᠠᠭ᠎ᠤᠨ ᠡᠯ᠎ᠡ ᠤᠯᠠᠭ᠋ᠠᠨᠮᠥ᠋ᠴᠢᠷ ᠶᠠᠭ ᠢᠳᠡᠪᠬᠢᠲᠡᠶ ᠵᠣᠬᠢᠶᠠᠨ   ᠪᠥᠲᠦᠭᠡᠵᠦ   ᠪᠤᠯᠪᠠᠰᠤᠷᠠᠨ ᠤᠷᠤᠯᠳᠤᠭ᠋ᠠᠨ᠎ᠳᠤ ᠰᠢᠯᠢᠳᠡᠭ ᠬᠢᠷᠢ ᠪᠦᠲᠦᠮᠵᠢ ᠤᠯᠬᠤ᠎ᠪᠠᠷ ᠴᠢᠷᠮᠠᠢ᠌ᠵᠤ ᠪᠠᠢ᠌ᠨ᠎ᠠ  ᠃

ᠢᠷᠡᠯᠲᠡ᠄ ᠰᠢᠯᠢ ᠵᠢᠨ ᠭᠣᠤᠯ ᠠᠢ᠌ᠮᠠᠭ᠎ᠤᠨ ᠰᠣᠶᠣᠯ ᠪᠡᠶ᠎ᠡ ᠵᠢᠨ ᠲᠠᠮᠢᠷ ᠵᠢᠭᠤᠯᠴᠢᠯᠠᠯ ᠷᠠᠳᠢᠣ᠋ ᠲᠧᠯᠸᠢᠰ᠎ᠤᠨ ᠲᠣᠪᠴᠢᠶ᠎ᠠ
          
ᠬᠠᠮᠢᠶ᠎ᠡ ᠪᠦᠬᠦᠢ ᠰᠣᠨᠢᠨ
ᠥᠪᠡᠷᠲᠡᠭᠡᠨ ᠵᠠᠰᠠᠬᠤ ᠣᠷᠣᠨ᠎ᠤ ᠵᠢᠭᠤᠯᠴᠢᠯᠠᠯ᠎ᠤᠨ ᠣᠳᠣᠨ ᠲᠠᠰ᠎ᠤᠨ ᠪᠠᠭᠤᠳᠠᠯ᠎ᠤᠨ ᠦᠨᠡᠯᠡᠨ ᠲᠣᠭᠲᠠᠭ᠋ᠠᠬᠤ ᠵᠥᠪᠯᠡᠯ᠎ᠤᠨ ᠲᠤᠰᠬᠠᠶ ᠮᠡᠷᠭᠡᠵᠢᠯᠲᠡᠨ ᠲᠦᠩᠯᠢᠶᠣᠤ ᠬᠣᠲᠠ᠎ᠳᠤ ᠢᠷᠡᠵᠦ ᠵᠢᠭᠤᠯᠴᠢᠯᠠᠯ᠎ᠤᠨ ᠠᠷᠠᠳ᠎ᠤᠨ ᠪᠠᠭᠤᠳᠠᠯ᠎ᠤᠨ ᠦᠨᠡᠯᠡᠨ ᠲᠣᠭᠲᠠᠭ᠋ᠠᠬᠤ ᠠᠵᠢᠯ ᠥᠷᠨᠢᠭᠦᠯᠪᠡ
ᠭᠦᠶᠡᠩ ᠰᠢᠶᠠᠨ᠎ᠤ ᠨᠣᠮ᠎ᠤᠨ ᠰᠠᠩ ᠶᠡᠷᠦᠩᠬᠡᠶ ᠬᠤᠪᠢᠶᠠᠷᠢ ᠣᠷᠳᠣᠨ᠎ᠤ ᠲᠣᠭ᠋ᠠᠵᠢᠭᠤᠯᠤᠭᠰᠠᠨ ᠠᠵᠢᠯᠯᠠᠭ᠎ᠠ ᠵᠢᠴᠢ ᠰᠠᠭ᠋ᠠᠳ ᠦᠭᠡᠢ ᠵᠢᠭᠡᠯᠡᠵᠦ ᠰᠠᠭ᠋ᠠᠳ ᠦᠭᠡᠢ ᠪᠤᠴᠠᠭ᠋ᠠᠬᠤ ᠡᠬᠢᠯᠡᠯᠲᠡ ᠵᠢᠨ ᠶᠣᠰᠣᠯᠠᠯ ᠶᠠᠪᠤᠭᠤᠯᠪᠠ
ᠬᠢᠩᠭ᠋ᠠᠨ ᠠᠢ᠌ᠮᠠᠭ᠎ᠤᠨ ᠨᠠᠮ᠎ᠤᠨ ᠬᠣᠷᠢᠶ᠎ᠠ ᠵᠢᠨ ᠵᠠᠬᠢᠷᠭ᠎ᠠ ᠵᠢᠨ ᠬᠤᠳᠠᠯᠳᠤᠭ᠎ᠠ ᠡᠵᠡᠩᠨᠡᠬᠦ ᠣᠷᠴᠢᠨ ᠨᠥᠬᠥᠴᠡᠯ᠎ᠢ ᠰᠢᠯᠢᠳᠡᠭᠵᠢᠭᠦᠯᠬᠦ ᠬᠣᠶᠠᠳᠤᠭ᠋ᠠᠷ ᠱᠠᠯᠠᠪᠳᠠᠭᠤᠯᠤᠨ ᠪᠠᠢ᠌ᠴᠠᠭ᠋ᠠᠬᠤ ᠳᠤᠭᠤᠢ᠌ᠯᠠᠩ ᠠᠢ᠌ᠮᠠᠭ᠎ᠤᠨ ᠰᠣᠶᠣᠯ ᠵᠢᠭᠤᠯᠴᠢᠯᠠᠯ ᠪᠡᠶ᠎ᠡ ᠵᠢᠨ ᠲᠠᠮᠢᠷ᠎ᠤᠨ ᠲᠣᠪᠴᠢᠶ᠎ᠠ᠎ᠳᠤ ᠬᠦᠷᠴᠦ ᠱᠠᠯᠠᠪᠳᠠᠭᠤᠯᠤᠨ ᠪᠠᠢ᠌ᠴᠠᠭ᠋ᠠᠵᠤ ᠵᠢᠭ᠋ᠠᠨ ᠵᠢᠯᠣᠭᠣᠳᠪᠠ
ᠦᠬᠠᠶ ᠬᠣᠲᠠ ᠵᠢᠨ ᠰᠣᠶᠣᠯ ᠪᠡᠶ᠎ᠡ ᠵᠢᠨ ᠲᠠᠮᠢᠷ ᠵᠢᠭᠤᠯᠴᠢᠯᠠᠯ ᠷᠠᠳᠢᠣ᠋ ᠲᠧᠯᠸᠢᠰ᠎ᠤᠨ ᠲᠣᠪᠴᠢᠶ᠎ᠠ ᠪᠥᠬᠥ ᠬᠣᠲᠠ ᠵᠢᠨ ᠵᠢᠭᠤᠯᠴᠢᠯᠠᠯ᠎ᠤᠨ ᠬᠥᠲᠥᠴᠢ᠂ ᠲᠠᠢ᠌ᠯᠪᠤᠷᠢᠯᠠᠭᠴᠢ ᠵᠢᠨ ᠦᠢᠯᠡᠴᠢᠯᠡᠭᠡᠨ᠎ᠤ ᠶᠠᠰᠤ ᠴᠢᠨᠠᠷ᠎ᠢ ᠳᠡᠭᠡᠭᠰᠢᠯᠡᠭᠦᠯᠬᠦ ᠪᠣᠯᠪᠠᠰᠤᠷᠠᠯ᠎ᠤᠨ ᠠᠩᠭᠢ ᠡᠷᠭᠢᠯᠡᠪᠡ
ᠥᠪᠡᠷᠲᠡᠭᠡᠨ ᠵᠠᠰᠠᠬᠤ ᠣᠷᠣᠨ᠎ᠤ ᠬᠠᠲᠤᠨ ᠭᠣᠤᠯ᠎ᠤᠨ ᠤᠯᠤᠰ᠎ᠤᠨ ᠰᠣᠶᠣᠯ᠎ᠤᠨ ᠴᠡᠴᠡᠷᠯᠢᠭ᠎ᠤᠨ ᠪᠥᠲᠥᠭᠡᠨ ᠪᠠᠢ᠌ᠭᠤᠯᠤᠯᠲᠠ ᠵᠢ ᠠᠬᠢᠭᠤᠯᠬᠤ ᠵᠢ ᠪᠠᠢ᠌ᠴᠠᠭ᠋ᠠᠨ ᠰᠤᠳᠤᠯᠬᠤ ᠰᠠᠭᠤᠳᠠᠯ᠎ᠤᠨ ᠬᠤᠷᠠᠯ ᠪᠠᠶᠠᠨᠨᠠᠭᠤᠷ ᠬᠣᠲᠠ᠎ᠳᠤ ᠪᠣᠯᠪᠠ
 
            