ᠲᠦᠩᠯᠢᠶᠣᠤ ᠬᠣᠲᠠ ᠵᠢᠨ ᠵᠢᠭᠤᠯᠴᠢᠯᠠᠯ᠎ᠤᠨ ᠬᠣᠨᠣᠭ ᠪᠠᠭᠤᠳᠠᠯ᠎ᠤᠨ ᠦᠢᠯᠡᠰ᠎ᠤᠨ ᠴᠢᠨᠠᠷ ᠰᠠᠢ᠌ᠲᠠᠶ ᠬᠥᠭᠵᠢᠯᠲᠡ ᠵᠢ ᠠᠬᠢᠭᠤᠯᠬᠤ ᠵᠢᠨ ᠲᠥᠯᠥᠭᠡ᠂ ᠥᠪᠡᠷᠲᠡᠭᠡᠨ ᠵᠠᠰᠠᠬᠤ ᠣᠷᠣᠨ᠎ᠤ ᠵᠢᠭᠤᠯᠴᠢᠯᠠᠯ᠎ᠤᠨ ᠣᠳᠣᠨ ᠲᠠᠰ᠎ᠤᠨ ᠪᠠᠭᠤᠳᠠᠯ᠎ᠢ ᠦᠨᠡᠯᠡᠨ ᠲᠣᠭᠲᠠᠭ᠋ᠠᠬᠤ ᠵᠥᠪᠯᠡᠯ᠎ᠤᠨ《ᠤᠯᠠᠭ᠋ᠠᠨ ᠲᠠᠰ᠎ᠤᠨ ᠵᠢᠭᠤᠯᠴᠢᠯᠠᠯ᠎ᠤᠨ ᠠᠷᠠᠳ᠎ᠤᠨ ᠪᠠᠭᠤᠳᠠᠯ ᠢ ᠦᠨᠡᠯᠡᠨ ᠲᠣᠭᠲᠠᠭ᠋ᠠᠬᠤ ᠪᠠᠢ᠌ᠴᠠᠭ᠋ᠠᠯᠲᠠ ᠵᠢᠨ ᠮᠡᠳᠡᠭᠳᠡᠯ᠎ᠤᠨ ᠪᠢᠴᠢᠭ》᠎ᠤᠨ ᠬᠠᠮᠢᠶ᠎ᠠ ᠪᠥᠬᠥᠶ ᠱᠠᠭ᠋ᠠᠷᠳᠠᠯᠭ᠎ᠠ ᠵᠢ ᠦᠨᠳᠦᠰᠦᠯᠡᠨ᠂ 5 ᠳ᠋ᠤᠭ᠋ᠠᠷ ᠰᠠᠷ᠎ᠠ ᠵᠢᠨ 11᠎ᠤ ᠡᠳᠦᠷ᠎ᠠᠴᠠ 13᠎ᠤ ᠡᠳᠦᠷ ᠪᠣᠯᠲᠠᠯ᠎ᠠ᠂ ᠥᠪᠡᠷᠲᠡᠭᠡᠨ ᠵᠠᠰᠠᠬᠤ ᠣᠷᠣᠨ᠎ᠤ ᠵᠢᠭᠤᠯᠴᠢᠯᠠᠯ᠎ᠤᠨ ᠣᠳᠣᠨ ᠲᠠᠰ᠎ᠤᠨ ᠪᠠᠭᠤᠳᠠᠯ᠎ᠢ ᠦᠨᠡᠯᠡᠨ ᠲᠣᠭᠲᠠᠭ᠋ᠠᠬᠤ ᠵᠥᠪᠯᠡᠯ ᠲᠤᠰᠬᠠᠶ ᠮᠡᠷᠭᠡᠵᠢᠯᠲᠡᠨ᠎ᠤ ᠳᠤᠭᠤᠢ᠌ᠯᠠᠩ ᠲᠣᠮᠢᠯᠠᠨ ᠲᠦᠩᠯᠢᠶᠣᠤ ᠬᠣᠲᠠ᠎ᠳᠤ ᠣᠴᠢᠭᠤᠯᠵᠤ᠂ ᠲᠦᠩᠯᠢᠶᠣᠤ ᠬᠣᠲᠠ ᠵᠢᠨ ᠨᠠᠢᠮᠠᠨ ᠬᠣᠰᠢᠭᠤᠨ᠎ᠤ ᠪᠠ ᠬᠤ᠌ ᠱᠠᠨ ᠵᠤᠸᠠᠩ ᠤᠨ ᠠᠷᠠᠳ ᠤᠨ ᠪᠠᠭᠤᠳᠠᠯ᠎ᠳᠤ ᠤᠯᠠᠭ᠋ᠠᠨ ᠳᠡᠰ᠎ᠤᠨ ᠠᠷᠠᠳ᠎ᠤᠨ ᠪᠠᠭᠤᠳᠠᠯ ᠢ ᠦᠨᠡᠯᠡᠨ ᠲᠣᠭᠲᠠᠭ᠋ᠠᠬᠤ ᠠᠵᠢᠯ᠎ᠢ ᠥᠷᠨᠢᠭᠦᠯᠪᠡ ᠃
ᠦᠨᠡᠯᠡᠨ ᠲᠣᠭᠲᠠᠭ᠋ᠠᠬᠤ ᠠᠵᠢᠯ᠎ᠢ ᠥᠷᠨᠢᠭᠦᠯᠬᠦ ᠶᠠᠪᠤᠴᠠ᠎ᠳᠤ᠂ ᠲᠤᠰᠬᠠᠶ ᠮᠡᠷᠭᠡᠵᠢᠯᠲᠡᠨ᠎ᠤ ᠳᠤᠭᠤᠢ᠌ᠯᠠᠩ 《ᠵᠢᠭᠤᠯᠴᠢᠯᠠᠯ᠎ᠤᠨ ᠠᠷᠠᠳ᠎ᠤᠨ ᠪᠠᠭᠤᠳᠠᠯ᠎ᠤᠨ ᠦᠨᠳᠦᠰᠦᠨ ᠱᠠᠭ᠋ᠠᠷᠳᠠᠯᠭ᠎ᠠ ᠬᠢᠭᠡᠳ ᠦᠨᠡᠯᠡᠯᠲᠡ (LB / T 065 - 2019)》 ᠭᠡᠬᠦ ᠪᠢᠴᠢᠭ ᠮᠠᠲ᠋ᠧᠷᠢᠶᠠᠯ᠎ᠤᠨ ᠱᠠᠭ᠋ᠠᠷᠳᠠᠯᠭ᠎ᠠ ᠶᠣᠰᠣᠭ᠋ᠠᠷ᠂ ᠲᠤᠬᠠᠶ ᠵᠢᠨ ᠭᠠᠵᠠᠷ᠎ᠲᠤᠨᠢ ᠪᠠᠢ᠌ᠴᠠᠭ᠋ᠠᠬᠤ᠂ ᠮᠠᠲ᠋ᠧᠷᠢᠶᠠᠯ᠎ᠢ ᠬᠢᠨᠠᠨ ᠰᠢᠯᠭ᠋ᠠᠬᠤ᠂ ᠬᠠᠷᠢᠭᠤ ᠮᠡᠳᠡᠭᠦᠯᠦᠯᠲᠡ ᠵᠢ ᠰᠣᠨᠣᠰᠬᠤ ᠵᠡᠷᠭᠡ ᠠᠷᠭ᠎ᠠ ᠮᠠᠶᠢᠭ ᠵᠶ᠋ᠠᠷ ᠳᠠᠮᠵᠢᠭᠤᠯᠤᠨ᠂ ᠪᠠ ᠬᠤ᠌ ᠱᠠᠨ ᠵᠤᠸᠠᠩ ᠤᠨ ᠠᠷᠠᠳ᠎ᠤᠨ ᠪᠠᠭᠤᠳᠠᠯ ᠢ ᠦᠨᠡᠯᠡᠨ ᠲᠣᠭᠲᠠᠭ᠋ᠠᠵᠤ ᠰᠢᠯᠭ᠋ᠠᠨ ᠠᠪᠤᠪᠠ ᠃ ᠦᠨᠡᠯᠡᠨ ᠲᠣᠭᠲᠠᠭ᠋ᠠᠵᠤ ᠬᠠᠷᠢᠭᠤ ᠲᠤᠰᠬᠠᠬᠤ ᠬᠤᠷᠠᠯ ᠳᠡᠭᠡᠷ᠎ᠡ᠂ ᠲᠤᠰᠬᠠᠶ ᠮᠡᠷᠭᠡᠵᠢᠯᠲᠡᠨ᠎ᠤ ᠳᠤᠭᠤᠢ᠌ᠯᠠᠩ ᠲᠦᠩᠯᠢᠶᠣᠤ ᠬᠣᠲᠠ ᠵᠢᠨ ᠠᠷᠠᠳ᠎ᠤᠨ ᠣᠷᠣᠨ ᠰᠠᠭᠤᠴᠠ ᠵᠢᠨ ᠠᠵᠤ ᠦᠢᠯᠡᠰ᠎ᠤᠨ ᠬᠥᠭᠵᠢᠯᠲᠡ ᠵᠢ ᠨᠤᠲᠠᠯᠠᠬᠤ ᠵᠢᠨ ᠬᠠᠮᠲᠤ ᠠᠷᠠᠳ᠎ᠤᠨ ᠣᠷᠣᠨ ᠰᠠᠭᠤᠴᠠ ᠵᠢ ᠡᠭᠦᠳᠦᠨ ᠪᠠᠢ᠌ᠭᠤᠯᠬᠤ ᠠᠵᠢᠯ᠎ᠳᠤ ᠲᠤᠰᠬᠠᠶ ᠮᠡᠷᠭᠡᠵᠢᠯ᠎ᠤᠨ ᠴᠢᠨᠠᠷᠲᠠᠶ ᠰᠠᠨᠠᠭᠤᠯᠭ᠎ᠠ ᠳᠤᠷᠠᠳᠴᠤ᠂ ᠪᠠ ᠬᠤ᠌ ᠱᠠᠨ ᠵᠤᠸᠠᠩ ᠤᠨ ᠠᠷᠠᠳ᠎ᠤᠨ ᠪᠠᠭᠤᠳᠠᠯ ᠤᠨ ᠣᠷᠣᠰᠢᠵᠤ ᠪᠠᠢ᠌ᠭ᠎ᠠ ᠬᠦᠷᠦᠯᠴᠡᠬᠦ ᠥᠬᠡᠶ ᠲᠠᠯ᠎ᠠ ᠵᠢᠴᠢ ᠢᠷᠡᠭᠡᠳᠦᠶ ᠵᠢᠨ ᠬᠥᠭᠵᠢᠯᠲᠡ᠎ᠳᠤ ᠲᠤᠬᠠᠢ᠌ᠯᠠᠭᠰᠠᠨ ᠠᠵᠢᠯ᠎ᠤᠨ ᠵᠢᠯᠣᠭᠣᠳᠣᠯᠭ᠎ᠠ ᠬᠠᠩᠭ᠋ᠠᠵᠤ᠂ ᠠᠷᠠᠳ᠎ᠤᠨ ᠪᠠᠭᠤᠳᠠᠯ ᠤᠨ ᠬᠥᠭᠵᠢᠯᠲᠡ ᠵᠢᠨ ᠴᠢᠭᠯᠡᠯ᠎ᠢ ᠲᠣᠳᠣᠷᠬᠠᠢ᠌ᠯᠠᠪᠠ ᠃ ᠡᠭᠦᠨ᠎ᠤ ᠬᠠᠮᠲᠤ᠂ ᠲᠤᠰᠬᠠᠶ ᠮᠡᠷᠭᠡᠵᠢᠯᠲᠡᠨ᠎ᠤ ᠳᠤᠭᠤᠢ᠌ᠯᠠᠩ᠎ᠤᠨ᠎ᠬᠢᠨ ᠪᠠ ᠬᠤ᠌ ᠱᠠᠨ ᠵᠤᠸᠠᠩ᠎ᠤᠨ ᠨᠠᠷᠢᠨ ᠵᠦᠢᠯᠡᠰ᠎ᠢ ᠤᠯᠠᠮ ᠨᠢᠭᠡ ᠠᠯᠬᠤᠮ ᠰᠢᠯᠢᠳᠡᠭᠵᠢᠭᠦᠯᠵᠦ᠂ ᠡᠯ᠎ᠡ ᠵᠦᠢᠯ᠎ᠤᠨ ᠴᠡᠭᠴᠡᠯᠡᠨ ᠰᠠᠢ᠌ᠵᠢᠷᠠᠭᠤᠯᠤᠯᠲᠠ ᠵᠢ ᠪᠠᠷᠢᠮᠵᠢᠶᠠᠯᠠᠨ ᠬᠠᠷᠭᠤᠭᠤᠯᠵᠤ ᠳᠠᠭᠤᠰᠬᠠᠬᠤ ᠵᠢᠨ ᠬᠠᠮᠲᠤ ᠲᠣᠰ ᠤᠳᠠᠭ᠋ᠠᠨ᠎ᠤ ᠰᠢᠯᠭ᠋ᠠᠨ ᠲᠤᠭᠲᠠᠭ᠋ᠠᠯᠲᠠ᠎ᠪᠠᠷ ᠰᠢᠨ᠎ᠡ ᠬᠠᠷᠠᠯᠲᠠ ᠰᠢᠨ᠎ᠡ ᠭᠠᠷᠤᠭ᠎ᠠ ᠪᠣᠯᠭ᠋ᠠᠵᠤ᠂ ᠲᠦᠩᠯᠢᠶᠣᠤ ᠬᠣᠲᠠ ᠵᠢᠨ ᠵᠢᠭᠤᠯᠴᠢᠯᠠᠯ᠎ᠤᠨ ᠠᠷᠠᠳ᠎ᠤᠨ ᠪᠠᠭᠤᠳᠠᠯ ᠤᠨ ᠴᠢᠨᠠᠷ ᠰᠠᠢ᠌ᠲᠠᠶ ᠬᠥᠭᠵᠢᠯᠲᠡ ᠵᠢ ᠤᠯᠠᠮ ᠨᠢᠭᠡ ᠠᠯᠬᠤᠮ ᠠᠬᠢᠭᠤᠯᠵᠤ᠂ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ᠎ᠳᠤ ᠬᠦᠴᠦᠨ ᠨᠡᠮᠡᠷᠢᠯᠡᠬᠦ ᠵᠢ ᠬᠦᠰᠡᠵᠦ ᠪᠠᠢ᠌ᠨ᠎ᠠ ᠭᠡᠪᠡ ᠃