5 ᠳ᠋ᠤᠭ᠋ᠠᠷ ᠰᠠᠷ᠎ᠠ ᠵᠢᠨ 31᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠬᠠᠲᠤᠨ ᠭᠣᠤᠯ᠎ᠤᠨ ᠤᠯᠤᠰ᠎ᠤᠨ ᠰᠣᠶᠣᠯ᠎ᠤᠨ ᠴᠡᠴᠡᠷᠯᠢᠭ᠎ᠤᠨ ᠪᠥᠲᠥᠭᠡᠨ ᠪᠠᠢ᠌ᠭᠤᠯᠤᠯᠲᠠ ᠵᠢ ᠠᠬᠢᠭᠤᠯᠬᠤ ᠵᠢ ᠪᠠᠢ᠌ᠴᠠᠭ᠋ᠠᠨ ᠰᠤᠳᠤᠯᠬᠤ ᠰᠠᠭᠤᠳᠠᠯ᠎ᠤᠨ ᠬᠤᠷᠠᠯ ᠪᠠᠶᠠᠨᠨᠠᠭᠤᠷ ᠬᠣᠲᠠ᠎ᠳᠤ ᠪᠣᠯᠪᠠ᠃ ᠪᠦᠬᠦ ᠤᠯᠤᠰ᠎ᠤᠨ ᠤᠯᠤᠰ ᠲᠦᠷᠦ ᠵᠢᠨ ᠵᠥᠪᠯᠡᠯᠭᠡᠨ᠎ᠤ ᠪᠠᠢ᠌ᠩᠭᠤ ᠵᠢᠨ ᠭᠡᠰᠢᠭᠦᠨ᠂ ᠠᠷᠠᠳᠴᠢᠯᠠᠭᠰᠠᠨ ᠬᠣᠯᠪᠤᠭ᠋ᠠᠨ᠎ᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠣᠷᠢᠢ᠎ᠠ ᠵᠢᠨ ᠡᠷᠬᠢᠯᠡᠭᠴᠢ ᠭᠡᠰᠢᠭᠦᠨ ᠳ᠋ᠦᠩ ᠾᠧᠩ ᠢᠦᠢ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠪᠠᠢ᠌ᠩᠭᠤ ᠵᠢᠨ ᠬᠣᠷᠢᠶᠠᠨ᠎ᠤ ᠭᠡᠰᠢᠭᠦᠨ᠂ ᠠᠷᠠᠳᠴᠢᠯᠠᠭᠰᠠᠨ ᠬᠣᠯᠪᠤᠭ᠋ᠠᠨ᠎ᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠣᠷᠢᠢ᠎ᠠ ᠵᠢᠨ ᠳᠡᠳ᠋ ᠡᠷᠬᠢᠯᠡᠭᠴᠢ ᠭᠡᠰᠢᠭᠦᠨ ᠵᠤᠤ ᠵᠢᠢ᠂ ᠥᠪᠡᠷᠲᠡᠭᠡᠨ ᠵᠠᠰᠠᠬᠤ ᠣᠷᠣᠨ᠎ᠤ ᠤᠯᠤᠰ ᠲᠦᠷᠦ ᠵᠢᠨ ᠵᠥᠪᠯᠡᠯᠭᠡᠨ᠎ᠤ ᠪᠠᠢ᠌ᠩᠭᠤ ᠵᠢᠨ ᠭᠡᠰᠢᠭᠦᠨ᠂ ᠠᠷᠠᠳᠴᠢᠯᠠᠭᠰᠠᠨ ᠬᠣᠯᠪᠤᠭ᠋ᠠᠨ᠎ᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠣᠷᠢᠢ᠎ᠠ ᠵᠢᠨ ᠳᠡᠳ᠋ ᠡᠷᠬᠢᠯᠡᠭᠴᠢ ᠭᠡᠰᠢᠭᠦᠨ ᠾᠧ ᠵᠢᠶᠦ᠋ᠨ᠂ ᠪᠣᠷᠣᠲᠣᠬᠣᠢ ᠵᠢᠨ ᠤᠰᠤᠯᠠᠯᠲᠠ ᠵᠢᠨ ᠣᠷᠣᠨ᠎ᠤ ᠤᠰᠤᠨ ᠠᠰᠢᠭᠯᠠᠯᠲᠠ ᠵᠢᠨ ᠬᠥᠭᠵᠢᠯᠲᠡ ᠵᠢᠨ ᠲᠥᠪ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠱᠦᠵᠢ ᠯᠢ ᠭ᠋ᠸᠨ ᠳ᠋ᠦᠩ ᠣᠷᠣᠯᠴᠠᠪᠠ᠃ ᠬᠣᠲᠠ ᠵᠢᠨ ᠳᠡᠳ᠋ ᠳᠠᠷᠤᠭ᠎ᠠ᠂ ᠠᠷᠠᠳᠴᠢᠯᠠᠭᠰᠠᠨ ᠬᠣᠯᠪᠤᠭ᠋ᠠᠨ᠎ᠤ ᠪᠠᠶᠠᠨᠨᠠᠭᠤᠷ ᠬᠣᠲᠠ ᠵᠢᠨ ᠨᠠᠮ᠎ᠤᠨ ᠬᠣᠷᠢᠶᠠᠨ᠎ᠤ ᠡᠷᠬᠢᠯᠡᠭᠴᠢ ᠭᠡᠰᠢᠭᠦᠨ ᠳ᠋ᠦ᠋ ᠪᠥᠸᠧ ᠵᠢᠶᠦ᠋ᠨ ᠰᠠᠭᠤᠳᠠᠯ᠎ᠤᠨ ᠬᠤᠷᠠᠯ᠎ᠢ ᠡᠷᠭᠢᠯᠡᠪᠡ᠃
ᠪᠠᠢ᠌ᠴᠠᠭ᠋ᠠᠨ ᠰᠤᠳᠤᠯᠬᠤ ᠳᠤᠭᠤᠢ᠌ᠯᠠᠩ ᠪᠠᠶᠠᠨᠨᠠᠭᠤᠷ ᠬᠣᠲᠠ ᠵᠢᠨ ᠬᠠᠲᠤᠨ ᠭᠣᠤᠯ᠎ᠤᠨ ᠰᠣᠶᠣᠯ ᠪᠠ ᠤᠰᠤᠨ ᠠᠰᠢᠭᠯᠠᠯᠲᠠ ᠵᠢᠨ ᠰᠣᠶᠣᠯ᠎ᠤᠨ ᠤᠯᠠᠮᠵᠢᠯᠠᠯ ᠪᠠ ᠬᠥᠭᠵᠢᠯᠲᠡ ᠵᠢ ᠨᠤᠲᠠᠯᠠᠬᠤ ᠵᠢᠨ ᠬᠠᠮᠲᠤ ᠬᠣᠢ᠌ᠰᠢᠳᠠ ᠵᠢᠨ ᠬᠠᠲᠤᠨ ᠭᠣᠤᠯ᠎ᠤᠨ ᠰᠣᠶᠣᠯ᠎ᠢ ᠭᠦᠨᠵᠡᠭᠡᠶ ᠠᠭᠤᠳᠠᠯᠤᠨ ᠠᠰᠢᠭᠯᠠᠬᠤ ᠲᠤᠬᠠᠶ ᠰᠠᠨᠠᠯ ᠰᠠᠨᠠᠭᠤᠯᠭ᠎ᠠ ᠳᠤᠷᠠᠳᠪᠠ᠃
ᠬᠤᠷᠠᠯ᠎ᠠᠴᠠ᠂ ᠬᠠᠳᠤᠨ ᠭᠣᠣᠯ᠎ᠤᠨ ᠤᠯᠤᠰ᠎ᠤᠨ ᠰᠣᠶᠣᠯ᠎ᠤᠨ ᠴᠡᠴᠡᠷᠯᠢᠭ᠎ᠢ ᠪᠦᠳᠦᠭᠡᠨ ᠪᠠᠢ᠌ᠭᠤᠯᠬᠤ ᠪᠠᠶᠠᠯᠢᠭ ᠠᠭᠤᠯᠤᠭᠳᠠᠬᠤᠨ᠎ᠢ ᠭᠦᠨᠵᠡᠭᠡᠢ ᠣᠢ᠌ᠯᠠᠭ᠋ᠠᠵᠤ᠂ ᠬᠣᠯᠪᠣᠭᠳᠠᠯ ᠪᠦᠬᠦᠢ ᠰᠠᠯᠠᠭ᠎ᠠ ᠮᠥᠴᠢᠷ᠎ᠤᠨ᠎ᠬᠢᠨ ᠬᠠᠳᠤᠨ ᠭᠣᠣᠯ᠎ᠤᠨ ᠤᠯᠤᠰ᠎ᠤᠨ ᠰᠣᠶᠣᠯ᠎ᠤᠨ ᠴᠡᠴᠡᠷᠯᠢᠭ᠎ᠤᠨ ᠪᠦᠳᠦᠭᠡᠨ ᠪᠠᠢ᠌ᠭᠤᠯᠤᠯᠲᠠ᠎ᠪᠠᠷ ᠠᠵᠠ ᠲᠣᠬᠢᠶᠠᠯ ᠪᠣᠯᠭ᠋ᠠᠨ᠂ ᠬᠠᠳᠤᠨ ᠭᠣᠣᠯ᠎ᠤᠨ ᠰᠣᠶᠣᠯ᠎ᠢ ᠬᠠᠮᠠᠭ᠋ᠠᠯᠠᠬᠤ᠂ ᠤᠯᠠᠮᠵᠢᠯᠠᠬᠤ ᠪᠠ ᠪᠠᠳᠠᠷᠠᠭᠤᠯᠬᠤ ᠵᠢ ᠠᠬᠢᠭᠤᠯᠵᠤ᠂ ᠬᠠᠳᠤᠨ ᠭᠣᠣᠯ᠎ᠤᠨ ᠰᠠᠪᠠ ᠭᠠᠵᠠᠷ᠎ᠤᠨ ᠰᠣᠶᠣᠯ ᠵᠢᠭᠤᠯᠴᠢᠯᠠᠯ᠎ᠤᠨ ᠴᠢᠨᠠᠷ ᠰᠠᠢ᠌ᠲᠠᠢ ᠬᠥᠭᠵᠢᠯᠲᠡ ᠵᠢ ᠠᠬᠢᠭᠤᠯᠬᠤ ᠬᠡᠷᠡᠭᠲᠡᠢ ᠭᠡᠵᠦ ᠵᠢᠭ᠋ᠠᠵᠤ ᠭᠠᠷᠭ᠋ᠠᠪᠠ᠃