ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠰᠤᠷᠠᠭ ᠵᠠᠩᠬᠢ
ᠬᠡᠷᠡᠭᠯᠡᠭᠡ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠠᠶ᠋ᠢᠮᠠᠭ ᠬᠤᠲᠠ᠎ᠶᠢᠨ ᠰᠣᠨᠣᠰᠬᠠᠯ
ᠪᠤᠭᠤᠲᠤ ᠬᠣᠲᠠ ᠵᠢᠨ ᠰᠣᠶᠣᠯ ᠵᠢᠭᠤᠯᠴᠢᠯᠠᠯ ᠷᠠᠳᠢᠣ᠋ ᠲᠧᠯᠸᠢᠰ᠎ᠤᠨ ᠲᠣᠪᠴᠢᠶ᠎ᠠ ᠵᠢᠨ ᠨᠠᠰᠤᠵᠢᠯ᠎ᠤᠨ ᠠᠰᠠᠷᠠᠮᠵᠢ ᠵᠢᠨ ᠮᠡᠬᠡᠯᠡᠯ᠎ᠳᠤ ᠴᠣᠬᠢᠯᠲᠠ ᠥᠭᠬᠦ ᠤᠬᠠᠭᠤᠯᠭ᠎ᠠ ᠵᠢ ᠨᠡᠢ᠌ᠭᠡᠮ ᠲᠣᠭᠣᠷᠢᠭ᠎ᠲᠤ ᠣᠷᠣᠭᠤᠯᠬᠤ ᠠᠵᠢᠯᠯᠠᠭ᠎ᠠ
ᠨᠡᠶᠢᠲᠡᠯᠡᠭᠰᠡᠨ ᠴᠠᠭ᠄ 2022-06-14

      ᠣᠢ᠌ᠷ᠎ᠠ᠎ᠳᠤ᠂ ᠪᠤᠭᠤᠲᠤ ᠬᠣᠲᠠ ᠵᠢᠨ ᠰᠣᠶᠣᠯ ᠵᠢᠭᠤᠯᠴᠢᠯᠠᠯ ᠷᠠᠳᠢᠣ᠋ ᠲᠧᠯᠸᠢᠰ᠎ᠤᠨ ᠲᠣᠪᠴᠢᠶ᠎ᠠ᠂ ᠬᠣᠲᠠ ᠵᠢᠨ ᠰᠣᠶᠣᠯ᠎ᠤᠨ ᠵᠠᠬ᠎ᠠ ᠳᠡᠯᠭᠡᠭᠦᠷ᠎ᠤᠨ ᠶᠡᠷᠦᠩᠬᠡᠢ᠌ᠯᠡᠭᠰᠡᠨ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠲᠣᠪᠴᠢᠶ᠎ᠠ ᠪᠣᠯᠤᠨ ᠬᠣᠲᠠ ᠵᠢᠨ ᠹᠦ᠋ ᠳ᠋ᠦᠩ ᠵᠠᠮ᠎ᠤᠨ ᠵᠡᠭᠡᠯᠢ ᠭᠤᠳᠤᠮᠵᠢ ᠵᠢᠨ ᠬᠡᠷᠡᠭ ᠡᠷᠬᠢᠯᠡᠬᠦ ᠭᠠᠵᠠᠷ ᠬᠠᠮᠲᠤᠷᠠᠨ 《ᠨᠠᠰᠤᠵᠢᠯ᠎ᠤᠨ ᠠᠰᠠᠷᠠᠮᠵᠢ ᠵᠢᠨ ᠮᠡᠬᠡᠯᠡᠯ᠎ᠳᠤ ᠴᠣᠬᠢᠯᠲᠠ ᠥᠭᠴᠦ ᠴᠡᠭᠴᠡᠯᠡᠨ ᠵᠠᠰᠠᠬᠤ》 ᠤᠬᠠᠭᠤᠯᠭ᠎ᠠ ᠵᠢᠨ ᠠᠵᠢᠯᠯᠠᠭ᠎ᠠ ᠥᠷᠨᠢᠭᠦᠯᠪᠡ  ᠃
     《ᠨᠠᠰᠤᠵᠢᠯ᠎ᠤᠨ ᠮᠡᠬᠡᠯᠡᠯ᠎ᠳᠤ ᠴᠣᠬᠢᠯᠲᠠ ᠥᠭᠴᠦ ᠴᠡᠭᠴᠡᠯᠡᠨ ᠵᠠᠰᠠᠬᠤ》 ᠤᠬᠠᠭᠤᠯᠭ᠎ᠠ ᠵᠢᠨ ᠠᠵᠢᠯᠯᠠᠭ᠎ᠠ ᠵᠢᠨ ᠦᠷ᠎ᠡ ᠪᠦᠲᠦᠮᠵᠢ ᠵᠢ ᠴᠢᠩᠭ᠋ᠠᠳᠬᠠᠬᠤ ᠵᠢᠨ ᠲᠥᠯᠥᠭᠡ᠂ ᠪᠤᠭᠤᠲᠤ ᠬᠣᠲᠠ ᠵᠢᠨ ᠰᠣᠶᠣᠯ ᠵᠢᠭᠤᠯᠴᠢᠯᠠᠯ ᠷᠠᠳᠢᠣ᠋ ᠲᠧᠯᠸᠢᠰ᠎ᠤᠨ ᠲᠣᠪᠴᠢᠶ᠎ᠠ᠎ᠨᠢ ᠰᠣᠶᠣᠯ ᠵᠢᠭᠤᠯᠴᠢᠯᠠᠯ᠎ᠤᠨ ᠵᠠᠬ᠎ᠠ ᠳᠡᠯᠭᠡᠭᠦᠷ᠎ᠤᠨ ᠬᠦᠷᠢᠶᠡᠨ᠎ᠳᠤ᠎ᠬᠢ ᠨᠠᠰᠤᠵᠢᠯ᠎ᠤᠨ ᠮᠡᠬᠡᠯᠡᠯ᠎ᠢ ᠰᠡᠷᠭᠡᠢ᠌ᠯᠡᠬᠦ ᠪᠠ ᠪᠣᠯᠪᠠᠰᠤᠨ ᠵᠢᠭᠤᠯᠴᠢᠯᠠᠯ᠎ᠤᠨ ᠤᠬᠠᠭᠤᠯᠭ᠎ᠠ ᠵᠢᠨ ᠬᠠᠭᠤᠳᠠᠰᠤ ᠪᠠ ᠤᠬᠠᠭᠤᠯᠭ᠎ᠠ ᠵᠢᠨ ᠵᠠᠷᠯᠠᠯ᠎ᠢ ᠨᠠᠷᠢᠨ ᠨᠢᠮᠪᠠᠶ ᠦᠢᠯᠡᠳᠪᠡ᠃ ᠠᠵᠢᠯᠯᠠᠭ᠎ᠠ ᠵᠢᠨ ᠲᠤᠬᠠᠶ ᠵᠢᠨ ᠲᠠᠯᠠᠪᠠᠶ᠎ᠳᠤ᠂ ᠠᠵᠢᠯᠲᠠᠳ ᠣᠯᠠᠨ ᠲᠦᠮᠡᠨ᠎ᠳᠤ ᠤᠬᠠᠭᠤᠯᠭ᠎ᠠ ᠵᠢᠨ ᠭᠠᠷ ᠳᠡᠪᠲᠡᠷ ᠲᠠᠷᠬᠠᠭ᠋ᠠᠭᠰᠠᠨ ᠪᠥᠭᠡᠳ ᠰᠣᠶᠣᠯ ᠪᠠ ᠵᠢᠭᠤᠯᠴᠢᠯᠠᠯ᠎ᠤᠨ ᠬᠦᠷᠢᠶᠡᠨ᠎ᠳᠤ᠎ᠬᠢ ᠬᠣᠯᠪᠣᠭᠳᠠᠯ ᠪᠥᠬᠥᠶ ᠤᠷᠠᠯᠢᠭ᠎ᠤᠨ ᠪᠦᠲᠦᠭᠡᠭᠳᠡᠬᠦᠨ᠎ᠤ ᠡᠵᠡᠩᠨᠡᠯᠲᠡ᠂ ᠨᠠᠰᠤᠵᠢᠯ᠎ᠤᠨ ᠠᠰᠠᠷᠠᠮᠵᠢ ᠵᠢᠨ ᠵᠢᠭᠤᠯᠴᠢᠯᠠᠯ ᠵᠢᠴᠢ ᠵᠦᠶ ᠵᠣᠬᠢᠰ ᠥᠬᠡᠶ ᠬᠢᠮᠳᠠ ᠦᠨ᠎ᠡ ᠵᠢᠨ ᠵᠢᠭᠤᠯᠴᠢᠯᠠᠯ ᠵᠡᠷᠭᠡ ᠨᠠᠰᠤᠵᠢᠯ᠎ᠤᠨ ᠠᠰᠠᠷᠠᠮᠵᠢ ᠵᠢᠨ ᠮᠡᠬᠡᠯᠡᠯ᠎ᠤᠨ 《ᠵᠤᠷᠰᠢᠭᠰᠠᠨ ᠠᠷᠭ᠎ᠠ》 ᠵᠢ ᠨᠠᠷᠢᠨ ᠲᠠᠢ᠌ᠯᠪᠤᠷᠢᠯᠠᠵᠤ᠂ ᠨᠠᠰᠤᠲᠠᠢ᠌ᠴᠤᠳ᠎ᠲᠤ ᠰᠣᠨᠣᠷ ᠰᠡᠷᠡᠮᠵᠢ᠎ᠪᠠᠨ ᠳᠡᠭᠡᠭᠰᠢᠯᠡᠭᠦᠯᠵᠦ᠂ ᠠᠮᠤᠷ ᠲᠦᠪᠰᠢᠨ᠎ᠤ ᠰᠡᠷᠭᠡᠢ᠌ᠯᠡᠯᠲᠡ ᠵᠢᠨ ᠤᠬᠠᠮᠰᠠᠷ ᠵᠶ᠋ᠠᠨ ᠴᠢᠩᠭ᠋ᠠᠳᠬᠠᠵᠤ᠂ ᠪᠠᠭ᠎ᠠ ᠰᠠᠭ᠎ᠠ ᠠᠰᠢᠭ ᠲᠤᠰᠠ ᠵᠢ ᠬᠥᠭᠡᠭᠡᠴᠡᠯᠳᠦᠬᠦ ᠥᠬᠡᠶ᠂ ᠥᠨᠳᠥᠷ ᠠᠰᠢᠭ᠎ᠤᠨ ᠥᠳᠥᠭᠡᠯᠭᠡ᠎ᠠᠴᠠ ᠵᠠᠢ᠌ᠳᠠᠵᠤ᠂ ᠮᠡᠬᠡᠯᠡᠯ᠎ᠢ ᠰᠡᠷᠭᠡᠢ᠌ᠯᠡᠬᠦ 《ᠡᠰᠡᠷᠬᠦᠴᠡᠬᠦ ᠴᠢᠳᠠᠪᠤᠷᠢ》᠎ᠪᠠᠨ ᠳᠡᠭᠡᠭᠰᠢᠯᠡᠭᠦᠯᠵᠦ᠂ 《ᠵᠣᠭᠣᠰᠣᠨ ᠴᠦᠩᠬᠦ》᠎ᠪᠠᠨ ᠴᠢᠩᠭ᠎ᠠ ᠠᠳᠬᠤᠬᠤ ᠵᠡᠷᠭᠡ ᠠᠮᠤᠷ ᠲᠦᠪᠰᠢᠨ᠎ᠤ ᠰᠡᠷᠭᠡᠢ᠌ᠯᠡᠯᠲᠡ ᠵᠢᠨ ᠤᠬᠠᠮᠰᠠᠷ᠎ᠢ ᠪᠠᠲᠤ ᠰᠠᠬᠢᠬᠤ ᠬᠡᠷᠡᠭᠲᠡᠶ ᠭᠡᠵᠦ ᠰᠠᠨᠠᠭᠤᠯᠵᠠᠶ  ᠃
      ᠲᠣᠰ ᠤᠳᠠᠭ᠋ᠠᠨ᠎ᠤ 《ᠨᠠᠰᠤᠵᠢᠯ᠎ᠤᠨ ᠠᠰᠠᠷᠠᠮᠵᠢ ᠵᠢᠨ ᠮᠡᠬᠡᠯᠡᠯ᠎ᠳᠤ ᠴᠣᠬᠢᠯᠲᠠ ᠥᠭᠴᠦ ᠴᠡᠭᠴᠡᠯᠡᠨ ᠵᠠᠰᠠᠬᠤ》 ᠵᠢ ᠨᠡᠢ᠌ᠭᠡᠮ ᠲᠣᠭᠣᠷᠢᠭ᠎ᠲᠤ   ᠤᠷᠤᠭᠤᠯᠬᠤ ᠤᠬᠠᠭᠤᠯᠭ᠎ᠠ ᠵᠢᠨ ᠠᠵᠢᠯᠯᠠᠭ᠎ᠠ᠎ᠳᠤ ᠨᠡᠢ᠌ᠲᠡ 200 ᠭᠠᠷᠤᠶ ᠬᠤᠪᠢ ᠤᠬᠠᠭᠤᠯᠭ᠎ᠠ ᠵᠢᠨ ᠮᠠᠲ᠋ᠧᠷᠢᠶᠠᠯ ᠲᠠᠷᠬᠠᠭ᠋ᠠᠵᠤ᠂   ᠣᠯᠠᠨ ᠲᠦᠮᠡᠨ ᠎ᠤ ᠠᠰᠠᠭᠤᠯᠲᠠ ᠯᠠᠪᠯᠠᠯᠲᠠ   ᠵᠢ 50 ᠭᠠᠷᠤᠶ ᠬᠥᠮᠦᠨ ᠤᠳᠠᠭ᠎ᠠ ᠭᠥᠯᠢᠶᠡᠨ ᠠᠪᠴᠤ᠂ ᠨᠠᠰᠤᠲᠠᠢ᠌ᠴᠤᠳ᠎ᠤᠨ ᠮᠡᠬᠡᠯᠡᠯ᠎ᠢ ᠰᠡᠷᠭᠡᠢ᠌ᠯᠡᠬᠦ ᠤᠬᠠᠮᠰᠠᠷ᠎ᠢ ᠳᠡᠭᠡᠭᠰᠢᠯᠡᠭᠦᠯᠵᠦ᠂ ᠲᠤᠰᠬᠠᠶ ᠴᠡᠭᠴᠡᠯᠡᠨ ᠵᠠᠰᠠᠭᠰᠠᠨ ᠪᠠ ᠨᠡᠢ᠌ᠭᠡᠮ᠎ᠤᠨ ᠬᠦᠴᠦᠨ ᠬᠠᠮᠲᠤ᠎ᠪᠠᠷ ᠣᠷᠣᠯᠴᠠᠭᠰᠠᠨ 《ᠨᠠᠰᠤᠵᠢᠯ᠎ᠤᠨ ᠠᠰᠠᠷᠠᠮᠵᠢ ᠵᠢᠨ ᠮᠡᠬᠡᠯᠡᠯ᠎ᠳᠤ ᠴᠣᠬᠢᠯᠲᠠ ᠥᠭᠴᠦ ᠴᠡᠭᠴᠡᠯᠡᠨ ᠵᠠᠰᠠᠬᠤ》 ᠠᠭᠤᠷ ᠠᠮᠢᠰᠬᠤᠯ᠎ᠢ ᠪᠣᠶ ᠪᠣᠯᠭ᠋ᠠᠪᠠ  ᠃

ᠢᠷᠡᠯᠲᠡ᠄ ᠪᠤᠭᠤᠲᠤ ᠬᠣᠲᠠ ᠵᠢᠨ ᠰᠣᠶᠣᠯ ᠵᠢᠭᠤᠯᠴᠢᠯᠠᠯ ᠷᠠᠳᠢᠣ᠋ ᠲᠧᠯᠸᠢᠰ᠎ᠤᠨ ᠲᠣᠪᠴᠢᠶ᠎ᠠ
          
ᠬᠠᠮᠢᠶ᠎ᠡ ᠪᠦᠬᠦᠢ ᠰᠣᠨᠢᠨ
ᠠᠯᠠᠱ᠌ᠠ ᠠᠢ᠌ᠮᠠᠭ ᠰᠣᠶᠣᠯ ᠵᠢᠭᠤᠯᠴᠢᠯᠠᠯ᠎ᠤᠨ ᠠᠵᠤ ᠠᠬᠤᠢ᠌ᠯᠠᠯ᠎ᠤᠨ ᠰᠠᠭᠤᠳᠠᠯ ᠎ᠤᠨ ᠬᠤᠷᠠᠯ᠎ᠢ ᠵᠣᠬᠢᠶᠠᠨ ᠪᠠᠢ᠌ᠭᠤᠯᠤᠨ ᠬᠤᠷᠠᠯᠳᠤᠭᠤᠯᠪᠠ
ᠬᠢᠩᠭ᠋ᠠᠨ ᠠᠢ᠌ᠮᠠᠭ᠎ᠤᠨ ᠰᠣᠶᠣᠯ ᠵᠢᠭᠤᠯᠴᠢᠯᠠᠯ ᠪᠡᠶ᠎ᠡ ᠵᠢᠨ ᠲᠠᠮᠢᠷ᠎ᠤᠨ ᠲᠣᠪᠴᠢᠶ᠎ᠠ ᠷᠠᠰᠢᠶᠠᠨ᠎ᠤ ᠤᠯᠤᠰ᠎ᠤᠨ ᠲᠠᠰ᠎ᠤᠨ ᠵᠢᠭᠤᠯᠴᠢᠯᠠᠯ ᠠᠮᠠᠷᠠᠯᠲᠠ ᠵᠢᠨ ᠣᠷᠣᠨ᠎ᠢ ᠡᠭᠦᠳᠦᠨ ᠪᠠᠢ᠌ᠭᠤᠯᠬᠤ ᠪᠠ ᠪᠥᠬᠥ ᠠᠢ᠌ᠮᠠᠭ᠎ᠤᠨ ᠭᠣᠤᠯᠳᠠᠯᠭ᠎ᠠ᠎ᠲᠠᠢ ᠵᠢᠭᠤᠯᠴᠢᠯᠠᠯ᠎ᠤᠨ ᠲᠥᠷᠥᠯ ᠵᠦᠢᠯ᠎ᠤᠨ ᠪᠥᠲᠥᠭᠡᠨ ᠪᠠᠢ᠌ᠭᠤᠯᠤᠯᠲᠠ ᠵᠢ ᠪᠠᠷᠢᠮᠵᠢᠶ᠎ᠠ᠎ᠲᠠᠢ ᠭᠦᠨᠵᠡᠭᠡᠶ ᠬᠠᠷᠢᠴᠠᠭᠤᠯᠵᠤ᠂ ᠣᠨᠣᠪᠴᠢᠲᠠᠶ ᠵᠤᠯᠭ᠋ᠠᠭᠤᠯᠪᠠ
ᠤᠯᠠᠭ᠋ᠠᠨᠴᠠᠪ ᠬᠣᠲᠠ ᠵᠢᠨ ᠰᠣᠶᠣᠯ᠎ᠤᠨ ᠵᠠᠬ᠎ᠠ ᠳᠡᠯᠭᠡᠭᠦᠷ᠎ᠤᠨ ᠶᠡᠷᠦᠩᠬᠡᠢ᠌ᠯᠡᠭᠰᠡᠨ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠲᠣᠪᠴᠢᠶ᠎ᠠ ᠠᠶᠤᠯ ᠥᠬᠡᠶ ᠦᠢᠯᠡᠳᠪᠦᠷᠢᠯᠡᠯ᠎ᠤᠨ ᠪᠠᠢ᠌ᠴᠠᠭ᠋ᠠᠯᠲᠠ ᠥᠷᠨᠢᠭᠦᠯᠵᠦ ᠶᠡᠬᠡ ᠳᠡᠭᠡᠳᠦ ᠰᠤᠷᠭ᠋ᠠᠭᠤᠯᠢ᠎ᠳᠤ ᠰᠣᠷᠣᠭᠴᠢ ᠡᠯᠰᠡᠬᠦ ᠨᠢᠭᠡᠳᠦᠯᠲᠡᠶ ᠰᠢᠯᠭ᠋ᠠᠯᠲᠠ ᠵᠢ ᠪᠠᠲᠤᠯᠠᠨ ᠬᠠᠮᠠᠭ᠋ᠠᠯᠠᠪᠠ
ᠬᠥᠬᠡᠬᠣᠲᠠ ᠵᠢᠨ ᠨᠣᠮ᠎ᠤᠨ ᠰᠠᠩ ᠢ ᠵᠢᠩ ᠼᠦᠢ ᠬᠤᠸᠠ ᠯᠢᠨ ᠨᠡᠢ᠌ᠭᠡᠮ ᠲᠣᠭᠣᠷᠢᠭ᠎ᠲᠤ ᠬᠦᠷᠴᠦ ᠪᠥᠬᠥ ᠠᠷᠠᠳ ᠵᠶ᠋ᠠᠷ ᠵᠶ᠋ᠠᠨ ᠨᠤᠮ ᠤᠩᠰᠢᠬᠤ ᠵᠢ ᠳᠡᠯᠭᠡᠷᠡᠭᠦᠯᠬᠦ ᠠᠵᠢᠯᠯᠠᠭ᠎ᠠ ᠥᠷᠨᠢᠭᠦᠯᠪᠡ
ᠹᠧᠩᠵᠧᠨ ᠬᠣᠲᠠ ᠵᠢᠨ ᠰᠣᠶᠣᠯ ᠪᠠ ᠵᠢᠭᠤᠯᠴᠢᠯᠠᠯ᠎ᠤᠨ ᠲᠣᠪᠴᠢᠶ᠎ᠠ ᠰᠣᠶᠣᠯ ᠪᠠ ᠵᠢᠭᠤᠯᠴᠢᠯᠠᠯ᠎ᠤᠨ ᠵᠠᠬ᠎ᠠ ᠳᠡᠯᠭᠡᠭᠦᠷ᠎ᠤᠨ ᠨᠠᠰᠤᠵᠢᠯ᠎ᠤᠨ ᠠᠰᠠᠷᠠᠮᠵᠢ ᠵᠢᠨ ᠮᠡᠬᠡᠯᠡᠯ᠎ᠳᠤ ᠴᠣᠬᠢᠯᠲᠠ ᠥᠭᠴᠦ ᠴᠡᠭᠴᠡᠯᠡᠨ ᠵᠠᠰᠠᠬᠤ ᠲᠤᠰᠬᠠᠶ ᠠᠵᠢᠯᠯᠠᠭ᠎ᠠ ᠵᠢᠨ ᠤᠬᠠᠭᠤᠯᠭ᠎ᠠ ᠵᠢᠨ ᠠᠵᠢᠯᠯᠠᠭ᠎ᠠ ᠥᠷᠨᠢᠭᠦᠯᠪᠡ
 
            