ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠰᠤᠷᠠᠭ ᠵᠠᠩᠬᠢ
ᠬᠡᠷᠡᠭᠯᠡᠭᠡ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠠᠶ᠋ᠢᠮᠠᠭ ᠬᠤᠲᠠ᠎ᠶᠢᠨ ᠰᠣᠨᠣᠰᠬᠠᠯ
ᠤᠯᠠᠭ᠋ᠠᠨᠴᠠᠪ ᠬᠣᠲᠠ ᠵᠢᠨ ᠲᠠᠪᠤᠨ ᠰᠠᠷ᠎ᠠ ᠵᠢᠨ ᠰᠢᠨ᠎ᠡ ᠵᠢᠨ ᠲᠠᠪᠤᠨ᠎ᠤ ᠠᠮᠠᠷᠠᠯᠲᠠ ᠵᠢᠨ ᠵᠢᠭᠤᠯᠴᠢᠯᠠᠯ᠎ᠤᠨ ᠵᠠᠬ᠎ᠠ ᠳᠡᠯᠭᠡᠭᠦᠷ᠎ᠤᠨ ᠠᠵᠢᠯᠯᠠᠭ᠋ᠠᠨ ᠲᠠᠢ᠌ᠪᠤᠭᠤᠨ ᠲᠣᠭᠲᠠᠭᠤᠨ
ᠨᠡᠶᠢᠲᠡᠯᠡᠭᠰᠡᠨ ᠴᠠᠭ᠄ 2022-06-14

     6 ᠳ᠋ᠤᠭ᠋ᠠᠷ ᠰᠠᠷ᠎ᠠ ᠵᠢᠨ 3᠎ᠤ ᠡᠳᠦᠷ᠎ᠠᠴᠠ 6 ᠳ᠋ᠤᠭ᠋ᠠᠷ ᠰᠠᠷ᠎ᠠ ᠵᠢᠨ 5᠎ᠤ ᠡᠳᠦᠷ ᠪᠣᠯᠲᠠᠯ᠎ᠠ᠂ ᠤᠯᠠᠭ᠋ᠠᠨᠴᠠᠪ ᠬᠣᠲᠠ ᠵᠢᠨ ᠵᠢᠭᠤᠯᠴᠢᠯᠠᠯ᠎ᠤᠨ ᠵᠠᠬ᠎ᠠ ᠳᠡᠯᠭᠡᠭᠦᠷ᠎ᠤᠨ ᠵᠢᠭᠤᠯᠴᠢᠯᠠᠭᠴᠢᠳ᠎ᠤᠨ ᠢᠷᠡᠯᠲᠡ᠎ᠨᠢ ᠣᠷᠣᠨ᠎ᠤ ᠳᠣᠲᠣᠷᠠᠬᠢ ᠵᠢᠭᠤᠯᠴᠢᠯᠠᠭᠴᠢᠳ ᠵᠶ᠋ᠠᠷ ᠭᠤᠤᠯᠯᠠᠨ᠎ᠠ; ᠵᠢᠭᠤᠯᠴᠢᠯᠠᠭᠴᠢᠳ   ᠬᠤᠪᠢ᠎ᠪᠠᠷ ᠵᠶ᠋ᠠᠨ ᠵᠢᠭᠤᠯᠴᠢᠯᠠᠬᠤ᠎ᠨᠢ   ᠭᠤᠤᠯᠯᠠᠵᠤ᠂ ᠵᠢᠭᠤᠯᠴᠢᠯᠠᠯ᠎ᠤᠨ ᠪᠦᠯᠬᠦᠮ᠎ᠨᠢ ᠥᠪᠡᠷ   ᠵᠶ᠋ᠠᠨ ᠲᠡᠷᠭᠡ ᠵᠢᠯᠣᠭᠣᠳᠴᠤ ᠵᠢᠭᠤᠯᠴᠢᠯᠠᠬᠤ᠂   ᠤᠢ᠌ᠷ᠎ᠠ ᠤᠷᠴᠢᠮ ᠵᠶ᠋ᠠᠷ   ᠵᠢᠭᠤᠯᠴᠢᠯᠠᠬᠤ᠎ᠪᠠᠷ ᠭᠤᠤᠯᠯᠠᠨ᠎ᠠ᠃
      ᠡᠯ᠎ᠡ ᠦᠵᠡᠮᠵᠢ ᠵᠢᠨ ᠣᠷᠣᠨ ᠬᠢᠵᠢᠭ᠎ᠤᠨ ᠪᠠᠢ᠌ᠳᠠᠯ᠎ᠢ ᠰᠡᠷᠭᠡᠢ᠌ᠯᠡᠨ ᠡᠵᠡᠮᠳᠡᠬᠦ《ᠬᠡᠮᠵᠢᠶ᠎ᠡ ᠵᠢ ᠬᠢᠵᠠᠭ᠋ᠠᠷᠯᠠᠬᠤ᠂ ᠤᠷᠢᠳᠴᠢᠯᠠᠨ ᠪᠣᠯᠵᠣᠬᠤ᠂ ᠣᠷᠭᠢᠯ᠎ᠤᠨ ᠬᠤᠭᠤᠴᠠᠭ᠎ᠠ ᠵᠢ ᠵᠥᠷᠢᠭᠦᠯᠬᠦ》ᠱᠠᠭ᠋ᠠᠷᠳᠠᠯᠭ᠎ᠠ ᠵᠢ ᠦᠷᠭᠦᠯᠵᠢᠯᠡᠨ ᠴᠢᠩᠭ᠎ᠠ ᠨᠠᠢ᠌ᠳᠠᠪᠤᠷᠢᠵᠢᠭᠤᠯᠵᠤ᠂ ᠵᠢᠭᠤᠯᠴᠢᠯᠠᠭᠴᠢᠳ᠎ᠢ ᠭᠥᠯᠢᠶᠡᠨ ᠠᠪᠬᠤ ᠲᠣᠭ᠎ᠠ ᠬᠡᠮᠵᠢᠶ᠎ᠡ ᠵᠢ ᠰᠠᠢ᠌ᠲᠤᠷ ᠡᠵᠡᠮᠳᠡᠪᠡ; ᠡᠭᠦᠳᠡᠨ ᠪᠢᠯᠧᠲ᠎ᠢ ᠤᠷᠢᠳᠴᠢᠯᠠᠨ ᠪᠣᠯᠵᠣᠬᠤ ᠲᠦᠷᠢᠮ᠎ᠢ ᠪᠥᠬᠥ ᠲᠠᠯ᠎ᠠ᠎ᠪᠠᠷ ᠬᠡᠷᠡᠭᠵᠢᠭᠦᠯᠵᠦ᠂   ᠵᠢᠭᠤᠯᠴᠢᠯᠠᠭᠴᠢᠳ᠎ᠤᠨ ᠦᠵᠡᠮᠵᠢ ᠵᠢᠨ ᠣᠷᠣᠨ᠎ᠳᠤ ᠤᠷᠤᠬᠤ ᠵᠢ ᠵᠠᠪᠰᠠᠷᠯᠠᠭᠤᠯᠵᠤ᠂ ᠣᠷᠭᠢᠯ᠎ᠤᠨ ᠬᠤᠭᠤᠴᠠᠭ᠎ᠠ ᠵᠢ ᠵᠥᠷᠢᠭᠦᠯᠦᠨ ᠵᠢᠭᠤᠯᠴᠢᠯᠠᠬᠤ ᠵᠢ ᠬᠥᠲᠥᠯᠦᠨ ᠵᠢᠯᠣᠭᠣᠳᠴᠤ᠂ ᠤᠷᠤᠰᠴᠠ ᠵᠢ ᠬᠠᠮᠢᠶᠠᠷᠤᠨ ᠡᠵᠡᠮᠳᠡᠬᠦ ᠪᠣᠭᠣᠮᠲᠠ ᠵᠢ ᠤᠷᠢᠳᠴᠢᠯᠠᠭᠤᠯᠪᠠ᠃ ᠡᠷᠡᠭᠦᠯ ᠬᠠᠮᠠᠭ᠋ᠠᠯᠠᠯ ᠪᠠ ᠬᠢᠵᠢᠭ᠎ᠢ ᠰᠡᠷᠭᠡᠢ᠌ᠯᠡᠬᠦ ᠬᠠᠮᠢᠶ᠎ᠠ ᠪᠦᠬᠦᠢ ᠲᠣᠭᠲᠠᠭ᠋ᠠᠯ᠎ᠢ ᠴᠢᠩᠭ᠎ᠠ ᠵᠢᠷᠤᠮᠯᠠᠵᠤ᠂ ᠵᠢᠭᠤᠯᠴᠢᠯᠠᠯ᠎ᠤᠨ ᠬᠦᠯᠢᠶᠡᠨ ᠠᠪᠬᠤ ᠪᠡᠯᠡᠳᠬᠡᠮᠵᠢ ᠪᠠ ᠲᠠᠯᠠᠪᠤᠷ ᠭᠠᠵᠠᠷ᠎ᠢ ᠲᠣᠭᠲᠠᠭ᠋ᠠᠯ ᠶᠣᠰᠣᠭ᠋ᠠᠷ   ᠪᠦᠬᠦ ᠲᠠᠯ᠎ᠠ᠎ᠪᠠᠷ ᠠᠷᠢᠭᠤᠳᠬᠠᠨ ᠴᠡᠪᠡᠷᠯᠡᠪᠡ᠃ ᠠᠮᠠᠪᠴᠢ ᠵᠡᠭᠦᠬᠦ᠂ ᠺᠣᠳ᠋ ᠰᠢᠷᠪᠢᠵᠦ ᠲᠡᠮᠳᠡᠭᠯᠡᠬᠦ᠂ ᠬᠥᠮᠦᠰ᠎ᠤᠨ ᠮᠡᠳᠡᠭᠡ ᠵᠠᠩᠭᠢ ᠵᠢ ᠴᠤᠭᠯᠠᠭᠤᠯᠬᠤ᠂ ᠡᠷᠡᠭᠦᠯ ᠮᠡᠨᠳᠦ ᠵᠢ ᠪᠠᠢ᠌ᠴᠠᠭ᠋ᠠᠨ ᠰᠢᠯᠭ᠋ᠠᠬᠤ᠂ ᠪᠡᠶ᠎ᠡ ᠵᠢᠨ ᠬᠠᠯᠠᠭᠤᠨ᠎ᠢ ᠪᠠᠢ᠌ᠴᠠᠭ᠋ᠠᠨ ᠬᠡᠮᠵᠢᠬᠦ ᠲᠦᠷᠢᠮ᠎ᠢ ᠴᠢᠩᠭ᠎ᠠ   ᠨᠠᠢ᠌ᠳᠠᠪᠤᠷᠢᠵᠢᠭᠤᠯᠪᠠ᠃ ᠵᠢᠭᠤᠯᠴᠢᠯᠠᠭᠴᠢᠳ᠎ᠲᠤ ᠤᠬᠠᠭᠤᠯᠭ᠎ᠠ ᠬᠢᠵᠦ ᠬᠥᠲᠥᠯᠥᠨ ᠵᠢᠯᠣᠭᠣᠳᠬᠤ ᠵᠢ ᠴᠢᠩᠭ᠋ᠠᠳᠬᠠᠵᠤ᠂ ᠪᠣᠯᠪᠠᠰᠤᠨ ᠵᠶ᠋ᠠᠷ ᠬᠣᠭᠣᠯᠠᠯᠠᠬᠤ᠂ ᠬᠡᠭᠡᠷ᠎ᠡ ᠵᠢᠨ ᠢᠳᠡᠭᠡᠨ᠎ᠢ ᠳᠤᠷ᠎ᠠ᠎ᠪᠠᠷ ᠢᠳᠡᠬᠦ ᠥᠬᠡᠶ ᠪᠠᠢ᠌ᠬᠤ ᠵᠢ ᠰᠠᠨᠠᠭ᠋ᠠᠴᠢᠯᠠᠵᠤ᠂《ᠫᠢᠯᠠ᠎ᠪᠠᠨ ᠬᠣᠭᠣᠰᠣᠯᠠᠬᠤ ᠠᠵᠢᠯᠯᠠᠭ᠎ᠠ》ᠵᠢ ᠨᠠᠢ᠌ᠳᠠᠪᠤᠷᠢᠵᠢᠭᠤᠯᠤᠨ᠂ ᠢᠳᠡᠭᠡᠨ ᠤᠮᠳᠠᠭ᠋ᠠᠨ᠎ᠢ ᠪᠦᠷᠢᠯᠭᠡᠨ ᠰᠦᠢᠳᠬᠡᠬᠦ ᠵᠢ ᠰᠡᠷᠭᠡᠢ᠌ᠯᠡᠨ ᠬᠤᠷᠢᠭᠯᠠᠪᠠ  ᠃
      ᠲᠠᠪᠤᠨ ᠰᠠᠷ᠎ᠠ ᠵᠢᠨ ᠰᠢᠨ᠎ᠡ ᠵᠢᠨ ᠲᠠᠪᠤᠨ᠎ᠤ ᠪᠠᠶᠠᠷ᠎ᠠᠴᠠ ᠡᠮᠦᠨᠡᠬᠡᠨ᠂ ᠤᠯᠠᠭ᠋ᠠᠨᠴᠠᠪ ᠬᠣᠲᠠ ᠵᠢᠨ ᠰᠣᠶᠣᠯ ᠵᠢᠭᠤᠯᠴᠢᠯᠠᠯ᠎ᠤᠨ ᠲᠣᠪᠴᠢᠶ᠎ᠠ ᠲᠠᠪᠤᠨ ᠰᠠᠷ᠎ᠠ ᠵᠢᠨ ᠰᠢᠨ᠎ᠡ ᠵᠢᠨ ᠲᠠᠪᠤᠨ᠎ᠤ ᠠᠮᠠᠷᠠᠯᠲᠠ ᠵᠢᠨ ᠬᠤᠭᠤᠴᠠᠭ᠋ᠠᠨ᠎ᠳᠤ᠎ᠬᠢ ᠠᠶᠤᠯ ᠦᠭᠡᠢ ᠦᠢᠯᠡᠳᠪᠦᠷᠢᠯᠡᠯ ᠵᠢᠴᠢ ᠬᠢᠵᠢᠭ᠎ᠤᠨ ᠪᠠᠢ᠌ᠳᠠᠯ᠎ᠢ ᠰᠡᠷᠭᠡᠢ᠌ᠯᠡᠨ ᠡᠵᠡᠮᠳᠡᠬᠦ ᠠᠵᠢᠯ᠎ᠤᠨ ᠬᠤᠷᠠᠯ ᠬᠤᠷᠠᠯᠳᠤᠭᠤᠯᠵᠤ᠂ ᠪᠥᠬᠥ ᠬᠣᠲᠠ ᠵᠢᠨ ᠰᠣᠶᠣᠯ ᠵᠢᠭᠤᠯᠴᠢᠯᠠᠯ ᠪᠡᠶ᠎ᠡ ᠵᠢᠨ ᠲᠠᠮᠢᠷ᠎ᠤᠨ ᠰᠢᠰᠲ᠋ᠧᠮ᠎ᠤᠨ《ᠲᠠᠪᠤᠨ ᠰᠠᠷ᠎ᠠ ᠵᠢᠨ ᠰᠢᠨ᠎ᠡ ᠵᠢᠨ ᠲᠠᠪᠤᠨ᠎ᠤ ᠪᠠᠶᠠᠷ》᠎ᠤᠨ ᠠᠮᠠᠷᠠᠯᠲᠠ ᠵᠢᠨ ᠡᠳᠦᠷ᠎ᠤᠨ ᠠᠵᠢᠯ᠎ᠢ ᠲᠣᠬᠢᠷᠠᠭᠤᠯᠤᠨ ᠪᠠᠢ᠌ᠷᠢᠯᠠᠭᠤᠯᠪᠠ  ᠃ ᠬᠣᠲᠠ ᠵᠢᠨ ᠰᠣᠶᠣᠯ ᠵᠢᠭᠤᠯᠴᠢᠯᠠᠯ ᠪᠡᠶ᠎ᠡ ᠵᠢᠨ ᠲᠠᠮᠢᠷ᠎ᠤᠨ ᠲᠣᠪᠴᠢᠶ᠎ᠠ  ᠎ᠨᠢ ᠬᠣᠲᠠ ᠵᠢᠨ ᠲᠣᠪᠴᠢᠶ᠎ᠠ ᠵᠢᠨ ᠤᠳᠤᠷᠢᠳᠤᠯᠭ᠎ᠠ ᠦᠵᠡᠮᠵᠢ ᠵᠢᠨ ᠣᠷᠣᠨ᠎ᠢ ᠳᠠᠭ᠋ᠠᠭ᠋ᠠᠴᠢᠯᠠᠨ ᠬᠠᠷᠢᠯᠴᠠᠬᠤ ᠬᠠᠷᠢᠭᠤᠴᠠᠯᠭ᠎ᠠ ᠵᠢᠨ ᠲᠦᠷᠢᠮ᠎ᠢ ᠬᠡᠷᠡᠭᠵᠢᠭᠦᠯᠵᠦ᠂ ᠬᠢᠵᠢᠭ᠎ᠤᠨ ᠪᠠᠢ᠌ᠳᠠᠯ᠎ᠢ ᠰᠡᠷᠭᠡᠢ᠌ᠯᠡᠨ ᠡᠵᠡᠮᠳᠡᠬᠦ᠂ ᠠᠶᠤᠯ ᠥᠬᠡᠶ ᠦᠢᠯᠡᠳᠪᠦᠷᠢᠯᠡᠯ᠎ᠤᠨ ᠠᠵᠢᠯ᠎ᠢ   ᠵᠢᠯᠤᠭᠤᠳᠤᠭᠤᠯᠪᠠ᠃ ᠲᠠᠪᠤᠨ ᠰᠠᠷ᠎ᠠ ᠵᠢᠨ ᠰᠢᠨ᠎ᠡ ᠵᠢᠨ ᠲᠠᠪᠤᠨ᠎ᠤ ᠠᠮᠠᠷᠠᠯᠲᠠ ᠵᠢᠨ ᠬᠤᠭᠤᠴᠠᠭ᠋ᠠᠨ᠎ᠳᠤ᠂ ᠪᠦᠬᠦ ᠬᠣᠲᠠ ᠵᠢᠨ ᠰᠣᠶᠣᠯ ᠵᠢᠭᠤᠯᠴᠢᠯᠠᠯ᠎ᠤᠨ ᠪᠦᠬᠦᠯᠢ ᠴᠣᠭᠴᠠ ᠵᠢᠨ ᠵᠠᠬ᠎ᠠ ᠳᠡᠯᠭᠡᠭᠦᠷ᠎ᠤᠨ ᠡᠮᠬᠢ ᠳᠢᠭᠯᠢᠮ ᠲᠣᠭᠲᠠᠭᠤᠨ᠂ ᠬᠥᠮᠦᠨ ᠬᠠᠷ᠎ᠠ ᠲᠥᠪᠯᠡᠷᠡᠭᠰᠡᠨ ᠦᠭᠡᠢ᠂ ᠶᠠᠷᠢᠶ᠎ᠠ ᠬᠡᠯᠡᠯᠴᠡᠭᠡᠨ᠎ᠤ   ᠪᠠᠢ᠌ᠳᠠᠯ ᠡᠬᠦᠰᠦᠭᠰᠡᠨ ᠦᠭᠡᠢ  ᠃ ᠢᠯᠡᠴᠢᠯᠡᠨ ᠮᠡᠳᠡᠭᠦᠯᠵᠦ ᠵᠠᠭ᠋ᠠᠯᠳᠤᠭᠰᠠᠨ ᠪᠠᠢ᠌ᠳᠠᠯ ᠭᠠᠷᠤᠭᠰᠠᠨ ᠦᠭᠡᠶ᠂ ᠬᠠᠤᠯᠢ ᠲᠣᠭᠲᠠᠭ᠋ᠠᠯ᠎ᠠᠴᠠ ᠵᠥᠷᠢᠴᠡᠭᠰᠡᠨ ᠦᠢ᠍ᠯᠡ ᠠᠵᠢᠯᠯᠠᠭ᠎ᠠ   ᠭᠠᠷᠤᠭᠰᠠᠨ ᠦᠭᠡᠶ  ᠃

ᠢᠷᠡᠯᠲᠡ᠄ ᠤᠯᠠᠭ᠋ᠠᠨᠴᠠᠪ ᠬᠣᠲᠠ ᠵᠢᠨ ᠰᠣᠶᠣᠯ ᠵᠢᠭᠤᠯᠴᠢᠯᠠᠯ ᠪᠡᠶ᠎ᠡ ᠵᠢᠨ ᠲᠠᠮᠢᠷ᠎ᠤᠨ ᠲᠣᠪᠴᠢᠶ᠎ᠠ
          
ᠬᠠᠮᠢᠶ᠎ᠡ ᠪᠦᠬᠦᠢ ᠰᠣᠨᠢᠨ
ᠪᠤᠭᠤᠲᠤ ᠬᠣᠲᠠ ᠵᠢᠨ ᠰᠣᠶᠣᠯ ᠵᠢᠭᠤᠯᠴᠢᠯᠠᠯ ᠷᠠᠳᠢᠣ᠋ ᠲᠧᠯᠸᠢᠰ᠎ᠤᠨ ᠲᠣᠪᠴᠢᠶ᠎ᠠ ᠵᠢᠨ ᠨᠠᠰᠤᠵᠢᠯ᠎ᠤᠨ ᠠᠰᠠᠷᠠᠮᠵᠢ ᠵᠢᠨ ᠮᠡᠬᠡᠯᠡᠯ᠎ᠳᠤ ᠴᠣᠬᠢᠯᠲᠠ ᠥᠭᠬᠦ ᠤᠬᠠᠭᠤᠯᠭ᠎ᠠ ᠵᠢ ᠨᠡᠢ᠌ᠭᠡᠮ ᠲᠣᠭᠣᠷᠢᠭ᠎ᠲᠤ ᠣᠷᠣᠭᠤᠯᠬᠤ ᠠᠵᠢᠯᠯᠠᠭ᠎ᠠ
ᠠᠯᠠᠱ᠌ᠠ ᠠᠢ᠌ᠮᠠᠭ ᠰᠣᠶᠣᠯ ᠵᠢᠭᠤᠯᠴᠢᠯᠠᠯ᠎ᠤᠨ ᠠᠵᠤ ᠠᠬᠤᠢ᠌ᠯᠠᠯ᠎ᠤᠨ ᠰᠠᠭᠤᠳᠠᠯ ᠎ᠤᠨ ᠬᠤᠷᠠᠯ᠎ᠢ ᠵᠣᠬᠢᠶᠠᠨ ᠪᠠᠢ᠌ᠭᠤᠯᠤᠨ ᠬᠤᠷᠠᠯᠳᠤᠭᠤᠯᠪᠠ
ᠬᠢᠩᠭ᠋ᠠᠨ ᠠᠢ᠌ᠮᠠᠭ᠎ᠤᠨ ᠰᠣᠶᠣᠯ ᠵᠢᠭᠤᠯᠴᠢᠯᠠᠯ ᠪᠡᠶ᠎ᠡ ᠵᠢᠨ ᠲᠠᠮᠢᠷ᠎ᠤᠨ ᠲᠣᠪᠴᠢᠶ᠎ᠠ ᠷᠠᠰᠢᠶᠠᠨ᠎ᠤ ᠤᠯᠤᠰ᠎ᠤᠨ ᠲᠠᠰ᠎ᠤᠨ ᠵᠢᠭᠤᠯᠴᠢᠯᠠᠯ ᠠᠮᠠᠷᠠᠯᠲᠠ ᠵᠢᠨ ᠣᠷᠣᠨ᠎ᠢ ᠡᠭᠦᠳᠦᠨ ᠪᠠᠢ᠌ᠭᠤᠯᠬᠤ ᠪᠠ ᠪᠥᠬᠥ ᠠᠢ᠌ᠮᠠᠭ᠎ᠤᠨ ᠭᠣᠤᠯᠳᠠᠯᠭ᠎ᠠ᠎ᠲᠠᠢ ᠵᠢᠭᠤᠯᠴᠢᠯᠠᠯ᠎ᠤᠨ ᠲᠥᠷᠥᠯ ᠵᠦᠢᠯ᠎ᠤᠨ ᠪᠥᠲᠥᠭᠡᠨ ᠪᠠᠢ᠌ᠭᠤᠯᠤᠯᠲᠠ ᠵᠢ ᠪᠠᠷᠢᠮᠵᠢᠶ᠎ᠠ᠎ᠲᠠᠢ ᠭᠦᠨᠵᠡᠭᠡᠶ ᠬᠠᠷᠢᠴᠠᠭᠤᠯᠵᠤ᠂ ᠣᠨᠣᠪᠴᠢᠲᠠᠶ ᠵᠤᠯᠭ᠋ᠠᠭᠤᠯᠪᠠ
ᠤᠯᠠᠭ᠋ᠠᠨᠴᠠᠪ ᠬᠣᠲᠠ ᠵᠢᠨ ᠰᠣᠶᠣᠯ᠎ᠤᠨ ᠵᠠᠬ᠎ᠠ ᠳᠡᠯᠭᠡᠭᠦᠷ᠎ᠤᠨ ᠶᠡᠷᠦᠩᠬᠡᠢ᠌ᠯᠡᠭᠰᠡᠨ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠲᠣᠪᠴᠢᠶ᠎ᠠ ᠠᠶᠤᠯ ᠥᠬᠡᠶ ᠦᠢᠯᠡᠳᠪᠦᠷᠢᠯᠡᠯ᠎ᠤᠨ ᠪᠠᠢ᠌ᠴᠠᠭ᠋ᠠᠯᠲᠠ ᠥᠷᠨᠢᠭᠦᠯᠵᠦ ᠶᠡᠬᠡ ᠳᠡᠭᠡᠳᠦ ᠰᠤᠷᠭ᠋ᠠᠭᠤᠯᠢ᠎ᠳᠤ ᠰᠣᠷᠣᠭᠴᠢ ᠡᠯᠰᠡᠬᠦ ᠨᠢᠭᠡᠳᠦᠯᠲᠡᠶ ᠰᠢᠯᠭ᠋ᠠᠯᠲᠠ ᠵᠢ ᠪᠠᠲᠤᠯᠠᠨ ᠬᠠᠮᠠᠭ᠋ᠠᠯᠠᠪᠠ
ᠬᠥᠬᠡᠬᠣᠲᠠ ᠵᠢᠨ ᠨᠣᠮ᠎ᠤᠨ ᠰᠠᠩ ᠢ ᠵᠢᠩ ᠼᠦᠢ ᠬᠤᠸᠠ ᠯᠢᠨ ᠨᠡᠢ᠌ᠭᠡᠮ ᠲᠣᠭᠣᠷᠢᠭ᠎ᠲᠤ ᠬᠦᠷᠴᠦ ᠪᠥᠬᠥ ᠠᠷᠠᠳ ᠵᠶ᠋ᠠᠷ ᠵᠶ᠋ᠠᠨ ᠨᠤᠮ ᠤᠩᠰᠢᠬᠤ ᠵᠢ ᠳᠡᠯᠭᠡᠷᠡᠭᠦᠯᠬᠦ ᠠᠵᠢᠯᠯᠠᠭ᠎ᠠ ᠥᠷᠨᠢᠭᠦᠯᠪᠡ
 
            