ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠰᠤᠷᠠᠭ ᠵᠠᠩᠬᠢ
ᠬᠡᠷᠡᠭᠯᠡᠭᠡ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠠᠶ᠋ᠢᠮᠠᠭ ᠬᠤᠲᠠ᠎ᠶᠢᠨ ᠰᠣᠨᠣᠰᠬᠠᠯ
ᠬᠢᠩᠭ᠋ᠠᠨ ᠠᠢ᠌ᠮᠠᠭ᠎ᠤᠨ ᠰᠣᠶᠣᠯ ᠵᠢᠭᠤᠯᠴᠢᠯᠠᠯ ᠪᠡᠶ᠎ᠡ ᠵᠢᠨ ᠲᠠᠮᠢᠷ᠎ᠤᠨ ᠲᠣᠪᠴᠢᠶ᠎ᠠ ᠷᠠᠰᠢᠶᠠᠨ᠎ᠤ ᠤᠯᠤᠰ᠎ᠤᠨ ᠲᠠᠰ᠎ᠤᠨ ᠵᠢᠭᠤᠯᠴᠢᠯᠠᠯ ᠠᠮᠠᠷᠠᠯᠲᠠ ᠵᠢᠨ ᠣᠷᠣᠨ᠎ᠢ ᠡᠭᠦᠳᠦᠨ ᠪᠠᠢ᠌ᠭᠤᠯᠬᠤ ᠪᠠ ᠪᠥᠬᠥ ᠠᠢ᠌ᠮᠠᠭ᠎ᠤᠨ ᠭᠣᠤᠯᠳᠠᠯᠭ᠎ᠠ᠎ᠲᠠᠢ ᠵᠢᠭᠤᠯᠴᠢᠯᠠᠯ᠎ᠤᠨ ᠲᠥᠷᠥᠯ ᠵᠦᠢᠯ᠎ᠤᠨ ᠪᠥᠲᠥᠭᠡᠨ ᠪᠠᠢ᠌ᠭᠤᠯᠤᠯᠲᠠ ᠵᠢ ᠪᠠᠷᠢᠮᠵᠢᠶ᠎ᠠ᠎ᠲᠠᠢ ᠭᠦᠨᠵᠡᠭᠡᠶ ᠬᠠᠷᠢᠴᠠᠭᠤᠯᠵᠤ᠂ ᠣᠨᠣᠪᠴᠢᠲᠠᠶ ᠵᠤᠯᠭ᠋ᠠᠭᠤᠯᠪᠠ
ᠨᠡᠶᠢᠲᠡᠯᠡᠭᠰᠡᠨ ᠴᠠᠭ᠄ 2022-06-10

    2022 ᠣᠨ᠎ᠤ ᠬᠢᠩᠭ᠋ᠠᠨ ᠠᠢ᠌ᠮᠠᠭ᠎ᠤᠨ ᠵᠢᠭᠤᠯᠴᠢᠯᠠᠯ᠎ᠤᠨ ᠬᠥᠭᠵᠢᠭᠦᠯᠦᠯᠲᠡ ᠵᠢᠨ ᠵᠥᠪᠯᠡᠯ᠎ᠤᠨ ᠠᠩᠬᠠᠳᠤᠭ᠋ᠠᠷ ᠬᠤᠷᠠᠯ᠎ᠤᠨ ᠠᠵᠢᠯ᠎ᠤᠨ ᠪᠠᠢ᠌ᠷᠢᠯᠠᠭᠤᠯᠤᠯᠲᠠ ᠵᠢ ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ᠂ ᠷᠠᠰᠢᠶᠠᠨ᠎ᠤ ᠤᠯᠤᠰ᠎ᠤᠨ ᠲᠠᠰ᠎ᠤᠨ ᠵᠢᠭᠤᠯᠴᠢᠯᠠᠯ᠎ᠤᠨ ᠠᠮᠠᠷᠠᠯᠲᠠ ᠵᠢᠨ ᠣᠷᠣᠨ᠎ᠢ ᠡᠭᠦᠳᠦᠨ ᠪᠠᠢ᠌ᠭᠤᠯᠬᠤ ᠵᠢ ᠲᠦᠷᠭᠡᠳᠬᠡᠨ ᠠᠬᠢᠭᠤᠯᠵᠤ᠂ ᠬᠢᠩᠭ᠋ᠠᠨ ᠠᠢ᠌ᠮᠠᠭ᠎ᠤᠨ ᠵᠢᠭᠤᠯᠴᠢᠯᠠᠯ᠎ᠤᠨ ᠦᠢᠯᠡᠰ᠎ᠤᠨ ᠴᠢᠨᠠᠷ ᠰᠠᠢ᠌ᠲᠠᠶ ᠬᠥᠭᠵᠢᠯᠲᠡ ᠵᠢ ᠠᠬᠢᠭᠤᠯᠬᠤ ᠵᠢᠨ ᠲᠤᠰᠠᠳᠠ 6 ᠳ᠋ᠤᠭ᠋ᠠᠷ ᠰᠠᠷ᠎ᠠ ᠵᠢᠨ 3᠎ᠤ ᠡᠳᠦᠷ᠎ᠠᠴᠠ 4᠎ᠤ ᠡᠳᠦᠷ ᠪᠣᠯᠲᠠᠯ᠎ᠠ᠂ ᠬᠢᠩᠭ᠋ᠠᠨ ᠠᠢ᠌ᠮᠠᠭ᠎ᠤᠨ ᠰᠣᠶᠣᠯ ᠵᠢᠭᠤᠯᠴᠢᠯᠠᠯ ᠪᠡᠶ᠎ᠡ ᠵᠢᠨ ᠲᠠᠮᠢᠷ᠎ᠤᠨ ᠲᠣᠪᠴᠢᠶ᠎ᠠ ᠷᠠᠰᠢᠶᠠᠨ ᠬᠣᠲᠠ᠎ᠳᠤ ᠬᠦᠷᠴᠦ᠂ ᠷᠠᠰᠢᠶᠠᠨ᠎ᠤ ᠤᠯᠤᠰ᠎ᠤᠨ ᠲᠠᠰ᠎ᠤᠨ ᠵᠢᠭᠤᠯᠴᠢᠯᠠᠯ᠎ᠤᠨ ᠠᠮᠠᠷᠠᠯᠲᠠ ᠵᠢᠨ ᠣᠷᠣᠨ᠎ᠢ ᠡᠭᠦᠳᠦᠨ ᠪᠠᠢ᠌ᠭᠤᠯᠬᠤ ᠪᠠ ᠪᠥᠬᠥ ᠠᠢ᠌ᠮᠠᠭ᠎ᠤᠨ ᠭᠣᠤᠯᠳᠠᠯᠭ᠎ᠠ᠎ᠲᠠᠢ ᠵᠢᠭᠤᠯᠴᠢᠯᠠᠯ᠎ᠤᠨ ᠲᠥᠷᠥᠯ ᠵᠦᠢᠯ᠎ᠤᠨ ᠪᠥᠲᠥᠭᠡᠨ ᠪᠠᠢ᠌ᠭᠤᠯᠤᠯᠲᠠ ᠵᠢᠨ ᠪᠠᠢ᠌ᠳᠠᠯ᠎ᠢ ᠪᠠᠷᠢᠮᠵᠢᠶ᠎ᠠ᠎ᠲᠠᠢ ᠬᠦᠨᠵᠡᠭᠡᠢ ᠬᠠᠷᠢᠴᠠᠭᠤᠯᠵᠤ᠂ ᠣᠨᠣᠪᠴᠢᠲᠠᠶ ᠵᠤᠯᠭ᠋ᠠᠭᠤᠯᠪᠠ᠃



     6 ᠳ᠋ᠤᠭ᠋ᠠᠷ ᠰᠠᠷ᠎ᠠ ᠵᠢᠨ 3᠎ᠤ ᠣᠷᠣᠶ ᠷᠠᠰᠢᠶᠠᠨ ᠬᠣᠲᠠ᠎ᠳᠤ ᠭᠣᠤᠯᠳᠠᠯᠭ᠎ᠠ᠎ᠲᠠᠢ ᠲᠥᠷᠥᠯ ᠵᠦᠢᠯ᠎ᠢ ᠰᠢᠮᠳᠠᠭᠤᠯᠤᠨ ᠪᠠᠢ᠌ᠴᠠᠭ᠋ᠠᠬᠤ ᠠᠵᠢᠯ᠎ᠤᠨ ᠬᠤᠷᠠᠯ ᠬᠤᠷᠠᠯᠳᠤᠭᠤᠯᠵᠤ᠂ ᠷᠠᠰᠢᠶᠠᠨ᠎ᠤ ᠰᠣᠶᠣᠯ ᠵᠢᠭᠤᠯᠴᠢᠯᠠᠯ ᠪᠡᠶ᠎ᠡ ᠵᠢᠨ ᠲᠠᠮᠢᠷ᠎ᠤᠨ ᠲᠣᠪᠴᠢᠶ᠎ᠠ ᠵᠢᠨ 2021 ᠣᠨ — 2022 ᠣᠨ᠎ᠤ ᠳᠡᠭᠡᠳᠦ ᠱᠠᠲᠤᠨ᠎ᠤ ᠵᠢᠭᠤᠯᠴᠢᠯᠠᠯ᠎ᠢ ᠳᠡᠮᠵᠢᠬᠦ ᠪᠠᠯᠠ ᠮᠥᠩᠭᠥ ᠵᠢᠨ ᠲᠥᠷᠥᠯ ᠵᠦᠢᠯ᠎ᠢ ᠳᠠᠭᠤᠰᠬᠠᠭᠰᠠᠨ ᠵᠢᠴᠢ ᠪᠠᠯᠠ ᠮᠥᠩᠭᠥ ᠵᠢ ᠪᠣᠳᠠᠲᠠᠢ᠌ᠵᠢᠭᠤᠯᠤᠭᠰᠠᠨ ᠪᠠᠢ᠌ᠳᠠᠯ᠎ᠢ ᠨᠠᠷᠢᠨ ᠬᠢᠨᠠᠮᠠᠭ᠋ᠠᠶ ᠰᠣᠨᠣᠰᠤᠭᠰᠠᠨ ᠪᠥᠭᠡᠳ ᠷᠠᠰᠢᠶᠠᠨ ᠬᠣᠲᠠ ᠵᠢ 6 ᠳ᠋ᠤᠭ᠋ᠠᠷ ᠰᠠᠷ᠎ᠠ ᠵᠢᠨ 20᠎ᠤ ᠡᠳᠦᠷ᠎ᠠᠴᠠ ᠡᠮᠦᠨ᠎ᠡ 2020 ᠣᠨ᠎ᠤ ᠲᠥᠷᠥᠯ ᠵᠦᠢᠯ᠎ᠢ ᠳᠡᠮᠵᠢᠬᠦ ᠪᠠᠯᠠ ᠮᠥᠩᠭᠥ ᠵᠢ ᠪᠦᠬᠦᠨ᠎ᠢ ᠰᠠᠯᠭ᠋ᠠᠨ ᠥᠭᠬᠦ ᠵᠢᠨ ᠬᠠᠮᠲᠤ ᠲᠥᠷᠥᠯ ᠵᠦᠢᠯ᠎ᠢ ᠳᠠᠭᠤᠰᠬᠠᠬᠤ ᠵᠢ ᠦᠨᠡᠨ ᠬᠦ᠌ ᠪᠠᠲᠤᠯᠠᠬᠤ ᠵᠢ ᠰᠢᠮᠳᠠᠭᠤᠯᠪᠠ᠃ ᠳᠠᠷᠠᠭ᠎ᠠ᠎ᠨᠢ ᠷᠠᠰᠢᠶᠠᠨ ᠬᠣᠲᠠ ᠵᠢᠨ 2022 ᠣᠨ᠎ᠤ ᠭᠣᠤᠯᠳᠠᠯᠭ᠎ᠠ᠎ᠲᠠᠢ ᠲᠥᠷᠥᠯ ᠵᠦᠢᠯ᠎ᠤᠨ ᠠᠬᠢᠴᠠ ᠵᠢᠨ ᠪᠠᠢ᠌ᠳᠠᠯ᠎ᠤᠨ ᠬᠠᠷᠢᠭᠤ ᠮᠡᠳᠡᠭᠦᠯᠦᠯᠲᠡ ᠵᠢ ᠰᠣᠨᠣᠰᠴᠤ᠂ ᠲᠥᠷᠥᠯ ᠵᠦᠢᠯ᠎ᠤᠨ ᠪᠣᠯᠤᠮᠵᠢᠲᠤ ᠴᠢᠨᠠᠷ᠎ᠲᠤ ᠵᠠᠳᠠᠯᠤᠯᠲᠠ ᠬᠢᠵᠦ᠂ ᠠᠬᠢᠴᠠ ᠵᠢ ᠨᠢᠭᠡᠳ ᠨᠢᠭᠡ᠎ᠪᠠᠷ ᠬᠠᠷᠭᠤᠭᠤᠯᠤᠨ᠂ ᠲᠥᠷᠥᠯ ᠵᠦᠢᠯ᠎ᠤᠨ ᠠᠰᠠᠭᠤᠳᠠᠯ᠎ᠢ ᠡᠮᠬᠢᠯᠡᠵᠦ᠂ ᠪᠠᠷᠢᠯᠭ᠎ᠠ ᠳᠠᠭᠤᠰᠬᠠᠬᠤ ᠴᠠᠭ᠎ᠢ ᠲᠣᠳᠣᠷᠬᠠᠢ᠌ᠯᠠᠪᠠ᠃



    6 ᠳ᠋ᠤᠭ᠋ᠠᠷ ᠰᠠᠷ᠎ᠠ ᠵᠢᠨ 4᠎ᠤ ᠦᠳᠡ ᠵᠢᠨ ᠡᠮᠦᠨ᠎ᠡ ᠷᠠᠰᠢᠶᠠᠨ᠎ᠳᠤ ᠤᠯᠤᠰ᠎ᠤᠨ ᠲᠠᠰ᠎ᠤᠨ ᠵᠢᠭᠤᠯᠴᠢᠯᠠᠯ᠎ᠤᠨ ᠠᠮᠠᠷᠠᠯᠲᠠ ᠵᠢᠨ ᠣᠷᠣᠨ᠎ᠢ ᠡᠭᠦᠳᠦᠨ ᠪᠠᠢ᠌ᠭᠤᠯᠬᠤ ᠠᠵᠢᠯ᠎ᠢ ᠠᠬᠢᠭᠤᠯᠬᠤ ᠬᠤᠷᠠᠯ ᠬᠢᠪᠠ᠃ ᠬᠤᠷᠠᠯ ᠳᠡᠭᠡᠷ᠎ᠡ ᠤᠯᠤᠰ᠎ᠤᠨ ᠲᠠᠰ᠎ᠤᠨ ᠵᠢᠭᠤᠯᠴᠢᠯᠠᠯ᠎ᠤᠨ ᠠᠮᠠᠷᠠᠯᠲᠠ ᠵᠢᠨ ᠣᠷᠣᠨ᠎ᠢ ᠡᠭᠦᠳᠦᠨ ᠪᠠᠢ᠌ᠭᠤᠯᠬᠤ ᠨᠠᠷᠢᠨ ᠲᠦᠷᠢᠮ᠎ᠲᠠᠢ ᠬᠠᠷᠢᠴᠠᠭᠤᠯᠵᠤ᠂ ᠡᠭᠦᠷᠭᠡ ᠵᠢ ᠨᠢᠭᠡᠳ ᠨᠢᠭᠡ᠎ᠪᠠᠷ ᠨᠠᠢ᠌ᠳᠠᠪᠤᠷᠢᠵᠢᠭᠤᠯᠤᠨ᠂ ᠭᠦᠢᠴᠡᠳᠬᠡᠯ ᠲᠣᠭ᠎ᠠ ᠵᠢ ᠵᠦᠢᠯ ᠳᠠᠷᠠᠭ᠋ᠠᠯᠠᠨ ᠨᠠᠷᠢᠯᠢᠬ᠍ᠵᠢᠭᠤᠯᠵᠤ᠂ ᠬᠠᠷᠠᠯᠲᠠ᠎ᠪᠠᠷ ᠤᠳᠤᠷᠢᠳᠤᠮᠵᠢ ᠪᠣᠯᠭ᠋ᠠᠬᠤ ᠵᠢ ᠲᠣᠳᠣᠷᠬᠠᠢ᠌ᠯᠠᠨ᠂ ᠡᠰᠡᠷᠭᠦ ᠴᠢᠭᠯᠡᠯ ᠵᠶ᠋ᠡᠷ ᠰᠥᠭᠡᠷᠭᠦ ᠬᠤᠪᠢ᠎ᠪᠠᠷ ᠥᠪᠡᠷ᠎ᠢ᠎ᠪᠠᠨ ᠪᠠᠢ᠌ᠴᠠᠭ᠋ᠠᠵᠤ᠂ 2023 ᠣᠨ᠎ᠤ ᠭᠣᠤᠯᠳᠠᠯᠭ᠎ᠠ᠎ᠲᠠᠢ ᠪᠥᠲᠥᠭᠡᠨ ᠪᠠᠢ᠌ᠭᠤᠯᠤᠯᠲᠠ ᠵᠢᠨ ᠲᠥᠷᠥᠯ ᠵᠦᠢᠯ᠎ᠢ ᠰᠤᠳᠤᠯᠤᠨ ᠮᠠᠭ᠋ᠠᠳᠯᠠᠪᠠ᠃ ᠪᠣᠳᠠᠲᠠᠶ᠎ᠠᠴᠠ ᠭᠠᠷᠳᠠᠵᠤ ᠡᠭᠦᠷᠭᠡ᠎ᠪᠠᠨ ᠵᠠᠳᠠᠯᠤᠨ ᠨᠠᠷᠢᠯᠢᠭᠵᠢᠭᠤᠯᠵᠤ᠂ ᠵᠢᠭᠤᠯᠴᠢᠯᠠᠯ᠎ᠤᠨ ᠠᠮᠠᠷᠠᠯᠲᠠ ᠵᠢᠨ ᠣᠷᠣᠨ᠎ᠤ ᠡᠯ᠎ᠡ ᠭᠦᠢᠴᠡᠳᠬᠡᠯ ᠲᠣᠭ᠎ᠠ ᠵᠢᠨ ᠵᠥᠭᠡᠯᠡᠨ ᠬᠠᠲᠠᠭᠤ ᠲᠣᠨᠣᠭ᠎ᠤᠨ ᠪᠥᠲᠥᠭᠡᠨ ᠪᠠᠢ᠌ᠭᠤᠯᠤᠯᠲᠠ ᠵᠢ ᠪᠥᠬᠥ ᠲᠠᠯ᠎ᠠ᠎ᠪᠠᠷ ᠲᠡᠭᠦᠯᠳᠡᠷᠵᠢᠭᠦᠯᠵᠦ᠂ ᠵᠣᠭᠰᠣᠴᠠ᠎ᠪᠠᠨ ᠳᠡᠭᠡᠭᠰᠢᠯᠡᠭᠦᠯᠦᠨ᠂ ᠬᠠᠷᠢᠭᠤᠴᠠᠯᠭ᠎ᠠ᠎ᠪᠠᠨ ᠪᠣᠳᠠᠲᠠᠢ᠌ᠵᠢᠭᠤᠯᠵᠤ᠂ ᠤᠷᠢᠳᠴᠢᠯᠠᠨ ᠲᠥᠯᠥᠪᠵᠢᠭᠦᠯᠵᠦ᠂ ᠪᠥᠬᠥ ᠲᠠᠯ᠎ᠠ᠎ᠪᠠᠷ ᠠᠬᠢᠭᠤᠯᠤᠨ᠂ ᠤᠯᠤᠰ᠎ᠤᠨ ᠲᠠᠰ᠎ᠤᠨ ᠵᠢᠭᠤᠯᠴᠢᠯᠠᠯ᠎ᠤᠨ ᠠᠮᠠᠷᠠᠯᠲᠠ ᠵᠢᠨ ᠣᠷᠣᠨ᠎ᠢ ᠡᠭᠦᠳᠦᠨ ᠪᠠᠢ᠌ᠭᠤᠯᠵᠤ ᠠᠮᠵᠢᠯᠲᠠ ᠤᠯᠬᠤ ᠵᠢ ᠪᠠᠲᠤᠯᠠᠨ᠎ᠠ  ᠃

      ᠪᠠᠢ᠌ᠴᠠᠭ᠋ᠠᠬᠤ ᠳᠤᠭᠤᠢ᠌ᠯᠠᠩ᠎ᠤᠨ᠎ᠬᠢᠨ ᠬᠣᠷᠴᠢᠨ ᠪᠠᠷᠠᠭᠤᠨ ᠭᠠᠷᠤᠨ ᠡᠮᠦᠨᠡᠲᠦ ᠬᠣᠰᠢᠭᠤᠨ᠎ᠤ ᠤᠯᠠᠭ᠋ᠠᠨᠮᠣᠳᠣ ᠲᠠᠯ᠎ᠠ ᠨᠤᠲᠤᠭ᠎ᠤᠨ 4 A ᠲᠠᠰ᠎ᠤᠨ ᠦᠵᠡᠮᠵᠢ ᠵᠢᠨ ᠣᠷᠣᠨ᠎ᠤ ᠰᠠᠭᠤᠷᠢ ᠲᠥᠬᠥᠭᠡᠷᠦᠮᠵᠢ ᠵᠢᠨ ᠪᠥᠲᠥᠭᠡᠨ ᠪᠠᠢ᠌ᠭᠤᠯᠤᠯᠲᠠ ᠵᠢᠨ ᠲᠥᠷᠥᠯ ᠵᠦᠢᠯ᠂ ᠤᠯᠠᠭ᠋ᠠᠨᠮᠣᠳᠣ ᠵᠢᠨ ᠶᠤᠸᠠᠢ ᠯᠢᠶᠠᠩ ᠶᠦᠨ ᠭᠦ᠋ ᠲᠠᠯ᠎ᠠ ᠨᠤᠲᠤᠭ᠎ᠤᠨ ᠰᠣᠶᠣᠯ᠎ᠤᠨ ᠦᠵᠡᠮᠵᠢ ᠵᠢᠨ ᠣᠷᠣᠨ᠎ᠤ ᠲᠥᠷᠥᠯ ᠵᠦᠢᠯ ᠵᠢᠴᠢ ᠷᠠᠰᠢᠶᠠᠨ ᠬᠣᠲᠠ ᠵᠢᠨ ᠬᠠᠯᠠᠭᠤᠨ ᠷᠠᠰᠢᠶᠠᠨᠲᠤ ᠴᠠᠰᠤᠲᠤ ᠬᠣᠲᠠ ᠵᠢᠨ 《ᠯᠦ᠍ ᠵᠢᠶᠤᠤ ᠸᠠᠨ》 ᠡᠴᠢᠭᠡ ᠡᠬᠡ ᠦᠷ᠎ᠡ ᠬᠡᠦᠬᠡᠳ᠎ᠤᠨ ᠠᠮᠠᠷᠠᠯᠲᠠ ᠵᠢᠨ ᠬᠤᠸᠠᠷᠠᠨ᠎ᠤ ᠲᠥᠷᠥᠯ ᠵᠦᠢᠯ᠂ ᠷᠠᠰᠢᠶᠠᠨ ᠬᠣᠲᠠ ᠵᠢᠨ᠎ᠲᠠᠢ ᠸᠧᠶ ᠬᠠᠯᠠᠭᠤᠨ ᠷᠠᠰᠢᠶᠠᠨ᠎ᠤ ᠠᠮᠠᠷᠠᠯᠲᠠ ᠵᠢᠨ ᠪᠠᠭᠤᠳᠠᠯ᠎ᠤᠨ ᠲᠥᠷᠥᠯ ᠵᠦᠢᠯ᠂ ᠣᠶ ᠰᠢᠭᠤᠶ ᠵᠢᠨ ᠤᠬᠢᠶᠠᠯᠭ᠎ᠠ ᠵᠢᠨ ᠵᠠᠮ᠎ᠤᠨ ᠲᠥᠷᠥᠯ ᠵᠦᠢᠯ ᠵᠡᠷᠭᠡ ᠨᠢᠭᠡᠨᠲᠡ ᠠᠵᠢᠯ ᠡᠬᠢᠯᠡᠭᠦᠯᠦᠭᠰᠡᠨ ᠲᠥᠷᠥᠯ ᠵᠦᠢᠯ᠎ᠢ ᠲᠤᠬᠠᠶ ᠵᠢᠨ ᠭᠠᠵᠠᠷ᠎ᠲᠤ᠎ᠨᠢ ᠪᠠᠢ᠌ᠴᠠᠭ᠋ᠠᠨ ᠦᠵᠡᠭᠰᠡᠨ ᠪᠥᠭᠡᠳ ᠭᠣᠤᠯᠳᠠᠯᠭ᠎ᠠ᠎ᠲᠠᠢ ᠲᠥᠷᠥᠯ ᠵᠦᠢᠯ᠎ᠤᠨ ᠪᠠᠯᠠ ᠮᠥᠩᠭᠥ ᠵᠢ ᠪᠣᠳᠠᠲᠠᠢ᠌ᠵᠢᠭᠤᠯᠤᠭᠰᠠᠨ ᠪᠠᠢ᠌ᠳᠠᠯ᠂ ᠡᠮᠦᠨᠡᠬᠢ ᠬᠤᠭᠤᠴᠠᠭ᠋ᠠᠨ᠎ᠤ ᠭᠠᠷ ᠭᠦᠢᠴᠡᠳᠬᠡᠯ᠎ᠢ ᠭᠦᠢᠴᠡᠳᠬᠡᠭᠰᠡᠨ ᠪᠠᠢ᠌ᠳᠠᠯ᠂ ᠠᠵᠢᠯ ᠡᠬᠢᠯᠡᠭᠦᠯᠦᠭᠰᠡᠨ ᠠᠬᠢᠴᠠ ᠵᠢᠨ ᠪᠠᠢ᠌ᠳᠠᠯ᠎ᠤᠨ ᠲᠤᠬᠠᠶ ᠨᠠᠷᠢᠨ ᠣᠢ᠌ᠯᠠᠭ᠋ᠠᠵᠤ᠂ ᠬᠣᠰᠢᠭᠤ ᠰᠢᠶᠠᠨ᠎ᠢ ᠠᠵᠢᠯ᠎ᠤᠨ ᠬᠤᠭᠤᠴᠠᠭ᠎ᠠ᠎ᠪᠠᠨ ᠲᠣᠩᠭᠣᠷᠤᠭᠤᠯᠤᠨ ᠵᠢᠭᠰᠠᠭ᠋ᠠᠵᠤ᠂ ᠵᠢᠷᠤᠭ ᠡᠯᠭᠦᠨ ᠠᠵᠢᠯᠯᠠᠵᠤ᠂ ᠭᠣᠤᠯᠳᠠᠯᠭ᠎ᠠ᠎ᠲᠠᠢ ᠲᠥᠷᠥᠯ ᠵᠦᠢᠯ᠎ᠢ ᠲᠣᠭᠲᠠᠭᠰᠠᠨ ᠴᠠᠭ ᠬᠤᠭᠤᠴᠠᠭ᠋ᠠᠨ᠎ᠳᠤ᠎ᠨᠢ ᠪᠡᠶᠡᠯᠡᠭᠦᠯᠵᠦ᠂   ᠪᠤᠳᠠᠳᠠᠢ᠌ᠵᠢᠭᠤᠯᠤᠨ ᠨᠠᠢ᠌ᠳᠠᠪᠦᠷᠢᠵᠢᠭᠤᠯᠬᠤ ᠬᠡᠷᠡᠭᠲᠡᠢ ᠭᠡᠵᠦ ᠱᠠᠭ᠋ᠠᠷᠳᠠᠪᠠ᠃

ᠢᠷᠡᠯᠲᠡ᠄ ᠬᠢᠩᠭ᠋ᠠᠨ ᠠᠢ᠌ᠮᠠᠭ᠎ᠤᠨ ᠰᠣᠶᠣᠯ ᠵᠢᠭᠤᠯᠴᠢᠯᠠᠯ ᠪᠡᠶ᠎ᠡ ᠵᠢᠨ ᠲᠠᠮᠢᠷ᠎ᠤᠨ ᠲᠣᠪᠴᠢᠶ᠎ᠠ
          
ᠬᠠᠮᠢᠶ᠎ᠡ ᠪᠦᠬᠦᠢ ᠰᠣᠨᠢᠨ
 
            