ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠰᠤᠷᠠᠭ ᠵᠠᠩᠬᠢ
ᠬᠡᠷᠡᠭᠯᠡᠭᠡ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠠᠶ᠋ᠢᠮᠠᠭ ᠬᠤᠲᠠ᠎ᠶᠢᠨ ᠰᠣᠨᠣᠰᠬᠠᠯ
ᠤᠯᠠᠭ᠋ᠠᠨᠴᠠᠪ ᠬᠣᠲᠠ ᠵᠢᠨ ᠰᠣᠶᠣᠯ᠎ᠤᠨ ᠵᠠᠬ᠎ᠠ ᠳᠡᠯᠭᠡᠭᠦᠷ᠎ᠤᠨ ᠶᠡᠷᠦᠩᠬᠡᠢ᠌ᠯᠡᠭᠰᠡᠨ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠲᠣᠪᠴᠢᠶ᠎ᠠ ᠠᠶᠤᠯ ᠥᠬᠡᠶ ᠦᠢᠯᠡᠳᠪᠦᠷᠢᠯᠡᠯ᠎ᠤᠨ ᠪᠠᠢ᠌ᠴᠠᠭ᠋ᠠᠯᠲᠠ ᠥᠷᠨᠢᠭᠦᠯᠵᠦ ᠶᠡᠬᠡ ᠳᠡᠭᠡᠳᠦ ᠰᠤᠷᠭ᠋ᠠᠭᠤᠯᠢ᠎ᠳᠤ ᠰᠣᠷᠣᠭᠴᠢ ᠡᠯᠰᠡᠬᠦ ᠨᠢᠭᠡᠳᠦᠯᠲᠡᠶ ᠰᠢᠯᠭ᠋ᠠᠯᠲᠠ ᠵᠢ ᠪᠠᠲᠤᠯᠠᠨ ᠬᠠᠮᠠᠭ᠋ᠠᠯᠠᠪᠠ
ᠨᠡᠶᠢᠲᠡᠯᠡᠭᠰᠡᠨ ᠴᠠᠭ᠄ 2022-06-10

      ᠥᠷᠭᠡᠨ ᠣᠯᠠᠨ ᠰᠢᠯᠭ᠋ᠠᠭᠤᠯᠤᠭᠴᠢ᠎ᠳᠤ ᠰᠢᠯᠭ᠋ᠠᠯᠲᠠ ᠬᠢᠬᠦ ᠪᠠ ᠠᠮᠠᠷᠠᠬᠤ ᠰᠠᠢ᠌ᠨ ᠰᠠᠢ᠌ᠬᠠᠨ ᠣᠷᠴᠢᠨ ᠨᠥᠬᠥᠴᠡᠯ᠎ᠢ ᠪᠣᠶ ᠪᠣᠯᠭ᠋ᠠᠬᠤ ᠵᠢᠨ ᠲᠥᠯᠥᠭᠡ᠂ ᠣᠢ᠌ᠷ᠎ᠠ ᠵᠢᠨ ᠡᠳᠦᠷ᠎ᠤᠳ᠎ᠲᠤ᠂ ᠤᠯᠠᠭ᠋ᠠᠨᠴᠠᠪ ᠬᠣᠲᠠ ᠵᠢᠨ ᠰᠣᠶᠣᠯ᠎ᠤᠨ ᠵᠠᠬ᠎ᠠ ᠳᠡᠯᠭᠡᠭᠦᠷ᠎ᠤᠨ ᠶᠡᠷᠦᠩᠬᠡᠢ᠌ᠯᠡᠭᠰᠡᠨ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠲᠣᠪᠴᠢᠶ᠎ᠠ ᠵᠢᠨᠢᠩ᠎ᠤᠨ ᠲᠣᠮᠣ ᠬᠡᠯᠪᠡᠷᠢ ᠵᠢᠨ ᠰᠣᠶᠣᠯ᠎ᠤᠨ ᠡᠵᠡᠩᠨᠡᠯᠲᠡ ᠵᠢᠨ ᠲᠠᠯᠠᠪᠤᠷ᠂ ᠰᠤᠷᠭ᠋ᠠᠭᠤᠯᠢ ᠵᠢᠨ ᠡᠷᠬᠢᠨ ᠲᠣᠭᠣᠷᠢᠨ᠎ᠤ ᠰᠣᠶᠣᠯ᠎ᠤᠨ ᠲᠠᠯᠠᠪᠤᠷ ᠭᠠᠵᠠᠷ᠎ᠤᠨ ᠬᠢᠵᠢᠭ᠎ᠤᠨ ᠪᠠᠢ᠌ᠳᠠᠯ᠎ᠢ ᠰᠡᠷᠭᠡᠢ᠌ᠯᠡᠨ ᠡᠵᠡᠮᠳᠡᠬᠦ ᠪᠠ ᠠᠶᠤᠯ ᠦᠭᠡᠢ ᠦᠢᠯᠡᠳᠪᠦᠷᠢᠯᠡᠯ᠎ᠤᠨ ᠠᠵᠢᠯ᠎ᠢ ᠨᠠᠢ᠌ᠳᠠᠪᠤᠷᠢᠵᠢᠭᠤᠯᠤᠭᠰᠠᠨ ᠪᠠᠢ᠌ᠳᠠᠯ᠎ᠳᠤ ᠭᠣᠤᠯᠳᠠᠯᠭ᠎ᠠ᠎ᠲᠠᠢ ᠪᠠᠢ᠌ᠴᠠᠭ᠋ᠠᠯᠲᠠ ᠬᠢᠵᠦ᠂ ᠡᠵᠡᠩᠨᠡᠯᠲᠡ ᠵᠢᠨ ᠲᠠᠯᠠᠪᠤᠷ ᠭᠠᠵᠠᠷ᠎ᠤᠨ 《ᠬᠡᠮᠵᠢᠶ᠎ᠡ ᠵᠢ ᠬᠢᠵᠠᠭ᠋ᠠᠷᠯᠠᠬᠤ᠂ ᠤᠷᠢᠳᠴᠢᠯᠠᠨ ᠪᠣᠯᠵᠣᠬᠤ᠂ ᠣᠷᠭᠢᠯ᠎ᠤᠨ ᠬᠤᠭᠤᠴᠠᠭ᠎ᠠ ᠵᠢ ᠵᠥᠷᠢᠭᠦᠯᠬᠦ》᠂ ᠺᠣᠳ᠋ ᠰᠢᠷᠪᠢᠵᠦ ᠳᠠᠩᠰᠠᠯᠠᠬᠤ᠂ ᠪᠡᠶ᠎ᠡ ᠵᠢᠨ ᠬᠠᠯᠠᠭᠤᠨ᠎ᠢ ᠬᠡᠮᠵᠢᠬᠦ᠂ ᠠᠮᠠᠪᠴᠢ ᠵᠡᠭᠦᠬᠦ ᠵᠢᠴᠢ 《ᠨᠢᠭᠡ ᠮᠧᠲᠷ᠎ᠤᠨ ᠱᠤᠭᠤᠮ》 ᠵᠡᠷᠭᠡ ᠰᠡᠷᠭᠡᠢ᠌ᠯᠡᠨ ᠡᠵᠡᠮᠳᠡᠬᠦ ᠠᠷᠭ᠎ᠠ ᠬᠡᠮᠵᠢᠶ᠎ᠡ ᠵᠢ ᠴᠢᠩᠭ᠎ᠠ ᠨᠠᠢ᠌ᠳᠠᠪᠤᠷᠢᠵᠢᠭᠤᠯᠬᠤ ᠵᠢ ᠰᠢᠪᠠᠳᠠᠪᠠ; ᠡᠯ᠎ᠡ ᠲᠠᠯᠠᠪᠤᠷ ᠭᠠᠵᠠᠷ᠎ᠤᠨ ᠭᠥᠯᠢᠶᠡᠨ ᠠᠪᠬᠤ ᠬᠡᠮᠵᠢᠶ᠎ᠡ ᠵᠢ ᠬᠠᠮᠤᠭ᠎ᠤᠨ ᠶᠡᠬᠡ ᠳᠠᠭ᠋ᠠᠭ᠋ᠠᠴᠠ ᠵᠢᠨ ᠬᠡᠮᠵᠢᠶ᠎ᠡ ᠵᠢᠨ 50 %᠎ᠠᠴᠠ ᠬᠡᠲᠦᠷᠡᠭᠦᠯᠵᠦ ᠪᠣᠯᠬᠤ ᠥᠬᠡᠶ ᠭᠡᠵᠦ ᠱᠠᠭ᠋ᠠᠷᠳᠠᠪᠠ; ᠰᠦᠯᠵᠢᠶᠡᠨ᠎ᠤ ᠪᠠᠭ᠋ᠠᠷ᠂ ᠺᠢᠨᠣ᠋ ᠵᠢᠨ ᠣᠷᠳᠣᠨ᠂ KTV ᠵᠡᠷᠭᠡ ᠲᠠᠯᠠᠪᠤᠷ᠎ᠲᠤ ᠠᠯᠤᠰᠯᠠᠨ ᠰᠠᠭᠤᠬᠤ ᠵᠢ ᠬᠡᠷᠡᠭᠵᠢᠭᠦᠯᠦᠨ᠎ᠡ᠃
      ᠲᠣᠰ ᠤᠳᠠᠭ᠋ᠠᠨ᠎ᠤ ᠪᠠᠢ᠌ᠴᠠᠭ᠋ᠠᠯᠲᠠ᠎ᠳᠤ ᠬᠠᠤᠯᠢ ᠬᠡᠷᠡᠭᠵᠢᠭᠦᠯᠬᠦ ᠠᠵᠢᠯᠲᠠᠨ᠎ᠢ 116 ᠬᠥᠮᠦᠨ ᠤᠳᠠᠭ᠎ᠠ ᠲᠤᠮᠢᠯᠠᠵᠤ᠂ 198 ᠲᠠᠯᠠᠪᠤᠷ ᠭᠠᠵᠠᠷ᠎ᠢ ᠪᠠᠢ᠌ᠴᠠᠭ᠋ᠠᠵᠤ᠂ ᠪᠥᠬᠥ ᠬᠣᠲᠠ ᠵᠢᠨ ᠰᠣᠶᠣᠯ᠎ᠤᠨ ᠵᠠᠬ᠎ᠠ ᠳᠡᠯᠭᠡᠭᠦᠷ᠎ᠢ ᠲᠣᠭᠲᠠᠭᠤᠨ ᠪᠥᠭᠡᠳ ᠡᠮᠬᠢ ᠵᠢᠷᠤᠮ᠎ᠲᠠᠢ ᠪᠣᠯᠭ᠋ᠠᠪᠠ᠃

ᠢᠷᠡᠯᠲᠡ᠄ ᠤᠯᠠᠭ᠋ᠠᠨᠴᠠᠪ ᠬᠣᠲᠠ ᠵᠢᠨ ᠰᠣᠶᠣᠯ ᠵᠢᠭᠤᠯᠴᠢᠯᠠᠯ ᠪᠡᠶ᠎ᠡ ᠵᠢᠨ ᠲᠠᠮᠢᠷ᠎ᠤᠨ ᠲᠣᠪᠴᠢᠶ᠎ᠠ
          
ᠬᠠᠮᠢᠶ᠎ᠡ ᠪᠦᠬᠦᠢ ᠰᠣᠨᠢᠨ
ᠬᠥᠬᠡᠬᠣᠲᠠ ᠵᠢᠨ ᠨᠣᠮ᠎ᠤᠨ ᠰᠠᠩ ᠢ ᠵᠢᠩ ᠼᠦᠢ ᠬᠤᠸᠠ ᠯᠢᠨ ᠨᠡᠢ᠌ᠭᠡᠮ ᠲᠣᠭᠣᠷᠢᠭ᠎ᠲᠤ ᠬᠦᠷᠴᠦ ᠪᠥᠬᠥ ᠠᠷᠠᠳ ᠵᠶ᠋ᠠᠷ ᠵᠶ᠋ᠠᠨ ᠨᠤᠮ ᠤᠩᠰᠢᠬᠤ ᠵᠢ ᠳᠡᠯᠭᠡᠷᠡᠭᠦᠯᠬᠦ ᠠᠵᠢᠯᠯᠠᠭ᠎ᠠ ᠥᠷᠨᠢᠭᠦᠯᠪᠡ
ᠹᠧᠩᠵᠧᠨ ᠬᠣᠲᠠ ᠵᠢᠨ ᠰᠣᠶᠣᠯ ᠪᠠ ᠵᠢᠭᠤᠯᠴᠢᠯᠠᠯ᠎ᠤᠨ ᠲᠣᠪᠴᠢᠶ᠎ᠠ ᠰᠣᠶᠣᠯ ᠪᠠ ᠵᠢᠭᠤᠯᠴᠢᠯᠠᠯ᠎ᠤᠨ ᠵᠠᠬ᠎ᠠ ᠳᠡᠯᠭᠡᠭᠦᠷ᠎ᠤᠨ ᠨᠠᠰᠤᠵᠢᠯ᠎ᠤᠨ ᠠᠰᠠᠷᠠᠮᠵᠢ ᠵᠢᠨ ᠮᠡᠬᠡᠯᠡᠯ᠎ᠳᠤ ᠴᠣᠬᠢᠯᠲᠠ ᠥᠭᠴᠦ ᠴᠡᠭᠴᠡᠯᠡᠨ ᠵᠠᠰᠠᠬᠤ ᠲᠤᠰᠬᠠᠶ ᠠᠵᠢᠯᠯᠠᠭ᠎ᠠ ᠵᠢᠨ ᠤᠬᠠᠭᠤᠯᠭ᠎ᠠ ᠵᠢᠨ ᠠᠵᠢᠯᠯᠠᠭ᠎ᠠ ᠥᠷᠨᠢᠭᠦᠯᠪᠡ
ᠬᠥᠯᠥᠨ ᠪᠣᠢ᠌ᠷ ᠬᠣᠲᠠ 2022 ᠣᠨ᠎ᠤ《ᠰᠣᠶᠣᠯ᠎ᠤᠨ ᠪᠠ ᠪᠠᠢ᠌ᠭ᠋ᠠᠯᠢ ᠵᠢᠨ ᠥᠪ᠎ᠤᠨ ᠡᠳᠦᠷ》 ᠵᠢᠴᠢ ᠬᠥᠯᠥᠨ ᠪᠣᠢ᠌ᠷ᠎ᠤᠨ ᠲᠡᠦᠬᠡ ᠵᠢᠨ ᠮᠦᠽᠧᠶ ᠨᠡᠭᠡᠭᠡᠬᠦ ᠠᠵᠢᠯᠯᠠᠭ᠎ᠠ ᠡᠷᠭᠢᠯᠡᠪᠡ
ᠢᠦᠢ ᠸᠧᠶ ᠳ᠋ᠦᠩ ᠮᠠᠨᠵᠤᠤᠷ ᠬᠣᠲᠠ ᠵᠢᠨ ᠰᠣᠶᠣᠯ ᠵᠢᠭᠤᠯᠴᠢᠯᠠᠯ᠎ᠤᠨ ᠦᠢᠯᠡᠰ᠎ᠤᠨ ᠬᠥᠭᠵᠢᠯᠲᠡ ᠵᠢᠨ ᠪᠠᠢ᠌ᠳᠠᠯ᠎ᠢ ᠪᠠᠢ᠌ᠴᠠᠭ᠋ᠠᠨ ᠰᠤᠳᠤᠯᠪᠠ
ᠡᠷᠢᠶᠡᠨ ᠬᠤᠳᠠ ᠵᠢᠨ 200 ᠭᠠᠷᠤᠢ ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠢ᠌ᠭᠤᠯᠤᠯᠲᠠ ᠬᠢᠵᠢᠭ᠎ᠢ ᠰᠡᠷᠭᠡᠢ᠌ᠯᠡᠨ ᠡᠵᠡᠮᠳᠡᠬᠦ ᠡᠮᠦᠨ᠎ᠡ ᠹᠷᠣᠨᠲ᠎ᠲᠤ ᠭᠠᠪᠰᠢᠭ᠋ᠠᠢ᠌ᠯᠠᠵᠤ ᠪᠤᠢ
 
            