ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠰᠤᠷᠠᠭ ᠵᠠᠩᠬᠢ
ᠬᠡᠷᠡᠭᠯᠡᠭᠡ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠠᠶ᠋ᠢᠮᠠᠭ ᠬᠤᠲᠠ᠎ᠶᠢᠨ ᠰᠣᠨᠣᠰᠬᠠᠯ
ᠶᠣᠣ ᠶᠦᠩ ᠪᠥᠸᠧ ᠬᠢᠵᠢᠭ᠎ᠲᠠᠢ ᠲᠡᠮᠡᠴᠡᠵᠦ ᠪᠠᠢ᠌ᠭ᠎ᠠ ᠡᠮᠦᠨ᠎ᠡ ᠹᠷᠣᠨᠲ᠎ᠤᠨ ᠨᠥᠬᠥᠳ᠎ᠢ ᠵᠣᠷᠢᠭᠵᠢᠭᠤᠯᠵᠤ᠄ ᠡᠷᠴᠢ ᠵᠣᠷᠢᠭ ᠵᠶ᠋ᠠᠨ ᠬᠥᠪᠴᠢᠯᠡᠨ᠂ ᠰᠡᠳᠬᠢᠯ ᠨᠢᠭᠡᠳᠦᠨ ᠬᠦᠴᠦ᠎ᠪᠠᠨ ᠬᠠᠮᠲᠤᠳᠬᠠᠵᠤ᠂ ᠬᠠᠮᠤᠭ᠎ᠤᠨ ᠲᠦᠷᠭᠡᠨ ᠬᠤᠷᠳᠤᠴᠠ᠎ᠪᠠᠷ ᠬᠢᠵᠢᠭ᠎ᠤᠨ ᠪᠠᠢ᠌ᠳᠠᠯ᠎ᠢ ᠰᠡᠷᠭᠡᠢ᠌ᠯᠡᠨ ᠡᠵᠡᠮᠳᠡᠬᠦ ᠬᠣᠷᠢᠭᠯᠠᠯᠲᠠ ᠵᠢᠨ ᠳᠠᠢ᠌ᠯᠠᠯᠳᠤᠭ᠋ᠠᠨ᠎ᠤ ᠢᠯᠠᠯᠲᠠ ᠵᠢ ᠤᠯᠬᠤ ᠬᠡᠷᠡᠭᠲᠡᠶ ᠭᠡᠪᠡ
ᠨᠡᠶᠢᠲᠡᠯᠡᠭᠰᠡᠨ ᠴᠠᠭ᠄ 2022-06-23

     6 ᠳ᠋ᠤᠭ᠋ᠠᠷ ᠰᠠᠷ᠎ᠠ᠎ᠳᠤ᠂ ᠸᠢᠷᠦ᠋ᠰ ᠶᠡᠬᠡ᠎ᠪᠠᠷ ᠳᠡᠯᠭᠡᠷᠡᠵᠦ᠂ ᠡᠷᠢᠶᠡᠨ ᠬᠤᠳᠠ ᠬᠢᠵᠢᠭ᠎ᠤᠨ ᠪᠠᠢ᠌ᠳᠠᠯ᠎ᠢ ᠰᠡᠷᠭᠡᠢ᠌ᠯᠡᠨ ᠡᠵᠡᠮᠳᠡᠬᠦ ᠬᠠᠮᠤᠭ᠎ᠤᠨ ᠬᠦᠨᠳᠦ ᠨᠣᠴᠢᠲᠠᠢ ᠬᠠᠮᠤᠭ᠎ᠤᠨ ᠨᠠᠷᠢᠨ ᠪᠤᠳᠤᠯᠢᠶᠠᠨᠲᠠᠢ ᠥᠷᠢᠰᠥᠯᠳᠦᠭᠡᠨ᠎ᠳᠤ ᠲᠤᠯᠭ᠋ᠠᠷᠠᠪᠠ᠃ ᠤᠯᠤᠰ᠎ᠤᠨ ᠠᠵᠢᠯᠯᠠᠬᠤ ᠳᠤᠭᠤᠢ᠌ᠯᠠᠩ᠎ᠤᠨ ᠵᠢᠯᠣᠭᠣᠳᠣᠯᠭ᠎ᠠ ᠳᠣᠤᠷ᠎ᠠ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠂ ᠵᠠᠰᠠᠭ᠎ᠤᠨ ᠣᠷᠳᠣᠨ᠎ᠤ ᠤᠳᠤᠷᠢᠳᠤᠯᠭ᠎ᠠ ᠳᠣᠤᠷ᠎ᠠ᠂ ᠪᠥᠬᠥ ᠠᠢ᠌ᠮᠠᠭ᠎ᠤᠨ ᠡᠯ᠎ᠡ ᠭᠠᠵᠠᠷ᠎ᠤᠨ ᠺᠠᠳ᠋ᠷ ᠣᠯᠠᠨ ᠲᠦᠮᠡᠨ ᠬᠠᠮᠲᠤ᠎ᠪᠠᠷ ᠴᠢᠷᠮᠠᠢ᠌ᠵᠤ᠂ ᠬᠠᠲᠠᠭᠤᠵᠢᠯᠲᠠᠶ ᠰᠢᠷᠭ᠋ᠠᠭᠤ ᠠᠵᠢᠯᠯᠠᠬᠤ᠎ᠪᠠᠷ ᠳᠡᠮᠵᠢᠨ᠂ ᠲᠣᠰ ᠡᠭᠡᠯᠵᠢ ᠵᠢᠨ ᠬᠢᠵᠢᠭ᠎ᠤᠨ ᠪᠠᠢ᠌ᠳᠠᠯ᠎ᠢ ᠰᠡᠷᠭᠡᠢ᠌ᠯᠡᠨ ᠡᠵᠡᠮᠳᠡᠬᠦ ᠠᠵᠢᠯ ᠱᠠᠲᠤᠴᠢ ᠴᠢᠨᠠᠷᠲᠠᠶ ᠦᠷ᠎ᠡ ᠪᠦᠲᠦᠮᠵᠢ ᠤᠯᠪᠠ᠃
      ᠡᠷᠢᠶᠡᠨ ᠬᠣᠲᠠ ᠵᠢᠨ ᠬᠢᠵᠢᠭ᠎ᠤᠨ ᠪᠠᠢ᠌ᠳᠠᠯ᠎ᠢ ᠰᠡᠷᠭᠡᠢ᠌ᠯᠡᠨ ᠡᠵᠡᠮᠳᠡᠬᠦ ᠠᠵᠢᠯ ᠬᠠᠮᠤᠭ᠎ᠠᠴᠠ ᠢᠳᠡ ᠠᠪᠬᠤ ᠵᠠᠩᠭᠢᠯᠠᠭ᠎ᠠ ᠵᠢᠨ ᠱᠠᠲᠤᠨ᠎ᠳᠤ᠂ ᠠᠢ᠌ᠮᠠᠭ᠎ᠤᠨ ᠨᠠᠮ᠎ᠤᠨ ᠬᠣᠷᠢᠶᠠᠨ᠎ᠤ ᠭᠣᠤᠯ ᠤᠳᠤᠷᠢᠳᠤᠯᠭ᠎ᠠ ᠨᠢᠭᠡᠳᠦᠭᠡᠷ ᠹᠷᠣᠨᠲ᠎ᠲᠤ ᠵᠢᠯᠣᠭᠣᠳᠴᠤ᠂ ᠠᠢ᠌ᠮᠠᠭ᠎ᠤᠨ ᠰᠢᠭᠤᠳ ᠬᠠᠷᠢᠶ᠎ᠠ ᠰᠠᠯᠠᠭ᠎ᠠ ᠮᠥᠴᠢᠷ᠎ᠤᠨ ᠡᠷᠢᠶᠡᠨ ᠬᠣᠲᠠ ᠵᠢᠨ ᠬᠢᠵᠢᠭ᠎ᠲᠠᠢ ᠲᠡᠮᠡᠴᠡᠬᠦ ᠡᠮᠦᠨ᠎ᠡ ᠹᠷᠣᠨᠲ᠎ᠲᠤ ᠣᠴᠢᠭᠰᠠᠨ 2000 ᠰᠢᠬᠠᠮ ᠨᠥᠬᠥᠳ ᠡᠷᠢᠶᠡᠨ ᠬᠣᠲᠠ ᠵᠢᠨ ᠥᠷᠭᠡᠨ ᠣᠯᠠᠨ ᠺᠠᠳ᠋ᠷ ᠣᠯᠠᠨ ᠲᠦᠮᠡᠨ᠎ᠲᠠᠢ ᠬᠠᠮᠲᠤ᠎ᠪᠠᠷ ᠡᠳᠦᠷ ᠰᠥᠨᠢ ᠥᠬᠡᠶ ᠦᠷᠭᠦᠯᠵᠢᠯᠡᠨ ᠲᠡᠮᠡᠴᠡᠵᠦ᠂ ᠬᠢᠵᠢᠭ᠎ᠤᠨ ᠪᠠᠢ᠌ᠳᠠᠯ᠎ᠢ ᠰᠡᠷᠭᠡᠢ᠌ᠯᠡᠨ ᠡᠵᠡᠮᠳᠡᠬᠦ ᠪᠠᠲᠤ ᠪᠠᠬᠢ ᠰᠡᠷᠭᠡᠢ᠌ᠯᠡᠯᠲᠡ ᠵᠢᠨ ᠱᠤᠭᠤᠮ᠎ᠢ ᠬᠠᠮᠲᠤ᠎ᠪᠠᠷ ᠪᠠᠲᠤ ᠴᠣᠭᠴᠠᠯᠠᠪᠠ᠃
      6 ᠳ᠋ᠤᠭ᠋ᠠᠷ ᠰᠠᠷ᠎ᠠ ᠵᠢᠨ 11᠎ᠤ ᠡᠳᠦᠷ᠂ ᠠᠢ᠌ᠮᠠᠭ᠎ᠤᠨ ᠨᠠᠮ᠎ᠤᠨ ᠬᠣᠷᠢᠶᠠᠨ᠎ᠤ ᠱᠦᠵᠢ ᠶᠤᠤ ᠶᠦᠩ ᠪᠥᠸᠧ 《ᠠᠢ᠌ᠮᠠᠭ᠎ᠤᠨ ᠰᠢᠭᠤᠳ ᠬᠠᠷᠢᠶ᠎ᠠ ᠰᠠᠯᠠᠭ᠎ᠠ ᠮᠦᠴᠢᠷ᠎ᠤᠨ ᠡᠷᠢᠶᠡᠨ ᠬᠣᠲᠠ ᠵᠢᠨ ᠬᠢᠵᠢᠭ᠎ᠲᠠᠢ ᠲᠡᠮᠡᠴᠡᠬᠦ ᠡᠮᠦᠨ᠎ᠡ ᠹᠷᠣᠨᠲ᠎ᠲᠤ ᠤᠴᠢᠭᠰᠠᠨ ᠨᠥᠬᠥᠳ᠎ᠲᠤ ᠢᠯᠡᠭᠡᠭᠰᠡᠨ ᠵᠠᠬᠢᠳᠠᠯ》᠎ᠢ   ᠨᠡᠢ᠌ᠲᠡᠯᠡᠨ᠂ ᠠᠢ᠌ᠮᠠᠭ᠎ᠤᠨ ᠨᠠᠮ᠎ᠤᠨ ᠬᠣᠷᠢᠶᠠᠨ᠎ᠤ ᠬᠢᠵᠢᠭ᠎ᠲᠠᠢ ᠲᠡᠮᠡᠴᠡᠬᠦ ᠡᠮᠦᠨ᠎ᠡ ᠹᠷᠣᠨᠲ᠎ᠤᠨ ᠥᠷᠭᠡᠨ ᠣᠯᠠᠨ ᠨᠥᠬᠥᠳ᠎ᠢ ᠲᠣᠬᠣᠨᠢᠭᠤᠯᠵᠤ ᠪᠠᠢ᠌ᠬᠤ ᠪᠠ ᠵᠣᠷᠢᠭᠵᠢᠭᠤᠯᠵᠤ ᠪᠠᠢ᠌ᠬᠤ ᠵᠢ ᠳᠠᠮᠵᠢᠭᠤᠯᠪᠠ᠃ ᠢᠷᠡᠭᠦᠯᠦᠭᠰᠡᠨ ᠵᠠᠬᠢᠳᠠᠯ᠎ᠨᠢ ᠬᠢᠵᠢᠭ᠎ᠲᠠᠢ ᠲᠡᠮᠡᠴᠡᠬᠦ ᠡᠮᠦᠨ᠎ᠡ ᠹᠷᠣᠨᠲ᠎ᠤᠨ ᠨᠥᠬᠥᠳ᠎ᠤᠨ ᠳᠤᠮᠳᠠ ᠳᠠᠷᠤᠢ ᠲᠦᠷᠭᠡᠨ ᠳᠠᠮᠵᠢᠭᠤᠯᠤᠭᠳᠠᠨ᠂ ᠬᠢᠵᠢᠭ᠎ᠲᠠᠢ ᠲᠡᠮᠡᠴᠡᠬᠦ ᠡᠮᠦᠨ᠎ᠡ ᠹᠷᠣᠨᠲ᠎ᠲᠤ ᠣᠷᠣᠯᠴᠠᠵᠤ ᠪᠠᠢ᠌ᠭ᠎ᠠ ᠥᠷᠭᠡᠨ ᠤᠯᠠᠨ ᠨᠠᠮ᠎ᠤᠨ ᠭᠡᠰᠢᠭᠦᠨ ᠺᠠᠳ᠋ᠷ᠂ ᠡᠮᠴᠢᠯᠡᠭᠡᠨ᠎ᠤ ᠠᠵᠢᠯᠳᠠᠨ᠂ ᠳᠣᠲᠣᠭ᠋ᠠᠳᠤ ᠵᠢ ᠬᠠᠮᠠᠭ᠋ᠠᠯᠠᠬᠤ ᠺᠠᠳ᠋ᠷ ᠴᠠᠭᠳᠠᠭ᠎ᠠ᠂ ᠭᠠᠯ ᠰᠡᠷᠭᠡᠢ᠌ᠯᠡᠬᠦ ᠭᠠᠯ ᠤᠨᠲᠠᠷᠠᠭ᠋ᠠᠬᠤ ᠪᠠᠢ᠌ᠯᠳᠤᠭᠴᠢ᠂ ᠰᠠᠢ᠍ᠢ᠍ᠨ ᠳᠤᠷᠠᠴᠤᠳ ᠶᠡᠬᠡᠳᠡ ᠵᠣᠷᠢᠭᠵᠢᠵᠤ᠂ ᠡᠷᠴᠢ ᠵᠣᠷᠢᠭ ᠵᠶ᠋ᠠᠨ ᠬᠥᠪᠴᠢᠯᠡᠪᠡ᠃ ᠠᠢ᠌ᠮᠠᠭ᠎ᠤᠨ ᠨᠠᠮ᠎ᠤᠨ ᠬᠣᠷᠢᠶᠠᠨ᠎ᠤ ᠤᠬᠠᠭᠤᠯᠬᠤ ᠬᠡᠯᠲᠡᠰ᠎ᠤᠨ ᠨᠠᠮ᠎ᠤᠨ ᠭᠡᠰᠢᠭᠦᠨ᠎ᠤ ᠰᠠᠢ᠌ᠨ ᠳᠤᠷ᠎ᠠ ᠵᠢᠨ ᠦᠢ᠍ᠯᠡᠴᠢᠯᠡᠭᠡᠨ᠎ᠤ ᠭᠠᠪᠰᠢᠭ᠋ᠠᠶ ᠠᠩᠭᠢ ᠵᠢᠨ ᠭᠡᠰᠢᠭᠦᠨ ᠸᠠᠩ ᠱᠤᠸᠠᠢ᠄ 《ᠵᠠᠬᠢᠳᠠᠯ᠎ᠢ ᠤᠩᠰᠢᠭᠰᠠᠨ᠎ᠤ ᠳᠠᠷᠠᠭ᠎ᠠ᠂ ᠰᠡᠳᠬᠢᠯ ᠳᠣᠲᠣᠷ᠎ᠠ ᠳᠤᠯᠠᠭ᠋ᠠᠬᠠᠨ ᠪᠣᠯᠵᠣ᠂ ᠪᠡᠶ᠎ᠡ ᠵᠢᠨ ᠶᠠᠳᠠᠷᠠᠭ᠎ᠠ ᠴᠤ᠌ ᠬᠥᠩᠭᠡᠷᠡᠪᠡ᠃ ᠪᠢᠳᠡ ᠬᠦᠴᠢᠷ ᠪᠡᠷᠬᠡᠰᠢᠶᠡᠯ᠎ᠢ ᠢᠯᠠᠨ ᠳᠠᠪᠠᠵᠤ᠂ ᠰᠢᠳᠤ ᠵᠠᠭᠤᠨ ᠦᠷᠭᠦᠯᠵᠢᠯᠡᠨ ᠲᠡᠮᠡᠴᠡᠬᠦ ᠬᠡᠷᠡᠭᠲᠡᠢ》 ᠭᠡᠪᠡ᠃
      ᠬᠢᠵᠢᠭ᠎ᠲᠠᠢ ᠲᠡᠮᠡᠴᠡᠬᠦ ᠡᠮᠦᠨ᠎ᠡ ᠹᠷᠣᠨᠲ᠎ᠤᠨ 2000 ᠨᠥᠬᠥᠳ ᠣᠮᠣᠭ ᠲᠡᠭᠦᠯᠳᠡᠷ ᠬᠤᠭᠤᠰᠤᠨ ᠦᠭᠡ ᠶᠠᠷᠢᠭᠰᠠᠨ ᠦᠭᠡᠢ᠂ ᠪᠣᠳᠠᠲᠤ ᠠᠵᠢᠯᠯᠠᠭ᠎ᠠ᠎ᠪᠠᠷ ᠵᠶ᠋ᠠᠨ ᠤᠯᠠᠨ ᠲᠦᠮᠡᠨ᠎ᠲᠠᠢ 《ᠰᠡᠳᠬᠢᠯ ᠵᠢᠷᠦᠬᠡ᠎ᠪᠠᠨ ᠬᠣᠯᠪᠣᠬᠤ》 ᠤᠭ ᠰᠠᠨᠠᠭ᠎ᠠ ᠡᠭᠦᠷᠭᠡ ᠬᠠᠷᠢᠭᠤᠴᠠᠯᠭ᠎ᠠ᠎ᠪᠠᠨ ᠭᠡᠷᠡᠴᠢᠯᠡᠵᠦ᠂ ᠬᠥᠮᠦᠨ ᠨᠢᠭᠡᠪᠦᠷᠢ ᠵᠢᠨ ᠴᠢᠷᠮᠠᠢ᠌ᠯᠭ᠎ᠠ᠎ᠪᠠᠷ ᠬᠢᠵᠢᠭ᠎ᠤᠨ ᠪᠠᠢ᠌ᠳᠠᠯ᠎ᠢ ᠰᠡᠷᠭᠡᠢ᠌ᠯᠡᠨ ᠡᠵᠡᠮᠳᠡᠬᠦ ᠡᠨᠡ ᠬᠦ᠌ ᠶᠡᠬᠡ ᠳᠠᠢ᠌ᠯᠠᠯᠳᠤᠭ᠋ᠠᠨ᠂ ᠬᠠᠲᠠᠭᠤ ᠳᠠᠢ᠌ᠯᠠᠯᠳᠤᠭ᠋ᠠᠨ᠎ᠤ ᠢᠯᠠᠯᠲᠠ ᠵᠢ ᠣᠯᠤᠨ᠎ᠠ ᠭᠡᠵᠦ ᠢᠯᠡᠳᠬᠡᠵᠡᠭᠡᠪᠡ᠃

ᠢᠷᠡᠯᠲᠡ᠄ ᠰᠢᠯᠢ ᠵᠢᠨ ᠭᠣᠤᠯ᠎ᠤᠨ ᠰᠣᠨᠢᠨ ᠮᠡᠳᠡᠭᠡᠨ᠎ᠤ ᠰᠦᠯᠵᠢᠶ᠎ᠡ
          
ᠬᠠᠮᠢᠶ᠎ᠡ ᠪᠦᠬᠦᠢ ᠰᠣᠨᠢᠨ
ᠲᠦᠩᠯᠢᠶᠣᠤ ᠬᠣᠲᠠ ᠰᠣᠶᠣᠯ ᠵᠢᠭᠤᠯᠴᠢᠯᠠᠯ᠎ᠤᠨ ᠵᠠᠬ᠎ᠠ ᠳᠡᠯᠭᠡᠭᠦᠷ᠎ᠤᠨ ᠬᠦᠷᠢᠶᠡᠨ᠎ᠳᠤ᠎ᠬᠢ ᠨᠠᠰᠤᠵᠢᠯ᠎ᠤᠨ ᠠᠰᠠᠷᠠᠮᠵᠢ ᠵᠢᠨ ᠮᠡᠬᠡᠯᠡᠯ᠎ᠤᠨ ᠬᠠᠤᠯᠢ ᠵᠥᠷᠢᠴᠡᠭᠰᠡᠨ ᠦᠢᠯᠡ ᠠᠵᠢᠯᠯᠠᠭ᠎ᠠ᠎ᠳᠤ ᠴᠢᠩᠭ᠎ᠠ ᠴᠣᠬᠢᠯᠲᠠ ᠥᠭᠴᠦ ᠪᠣᠶ
ᠬᠠᠷᠠᠴᠢᠨ ᠬᠣᠰᠢᠭᠤᠨ᠎ᠤ ᠠᠩᠬᠠᠳᠤᠭ᠋ᠠᠷ ᠬᠤᠭᠤᠴᠠᠭ᠋ᠠᠨ᠎ᠤ ᠰᠣᠶᠣᠯ ᠵᠢᠭᠤᠯᠴᠢᠯᠠᠯ᠎ᠤᠨ ᠨᠠᠢ᠌ᠷ ᠡᠬᠢᠯᠡᠪᠡ
2022 ᠣᠨ᠎ᠤ ᠬᠢᠩᠭ᠋ᠠᠨ ᠠᠢ᠌ᠮᠠᠭ᠎ᠤᠨ ᠪᠣᠳᠠᠰ᠎ᠤᠨ ᠪᠤᠰᠤ ᠰᠣᠶᠣᠯ᠎ᠤᠨ ᠥᠪ᠎ᠤᠨ ᠤᠯᠠᠮᠵᠢᠯᠠᠨ ᠵᠠᠯᠭ᠋ᠠᠮᠵᠢᠯᠠᠭᠴᠢᠳ᠎ᠤᠨ ᠰᠤᠳᠤᠯᠤᠨ ᠪᠣᠯᠪᠠᠰᠤᠷᠠᠭᠤᠯᠬᠤ ᠠᠩᠭᠢ ᠡᠬᠢᠯᠡᠪᠡ
ᠬᠢᠩᠭ᠋ᠠᠨ ᠠᠢ᠌ᠮᠠᠭ᠎ᠤᠨ ᠰᠣᠶᠣᠯ ᠵᠢᠭᠤᠯᠴᠢᠯᠠᠯ ᠪᠡᠶ᠎ᠡ ᠵᠢᠨ ᠲᠠᠮᠢᠷ᠎ᠤᠨ ᠲᠣᠪᠴᠢᠶ᠎ᠠ ᠨᠠᠰᠤᠵᠢᠯ᠎ᠤᠨ ᠠᠰᠠᠷᠠᠮᠵᠢ ᠵᠢᠨ ᠮᠡᠬᠡᠯᠡᠯ᠎ᠳᠤ ᠴᠣᠬᠢᠯᠲᠠ ᠥᠭᠴᠦ ᠴᠡᠭᠴᠡᠯᠡᠨ ᠵᠠᠰᠠᠬᠤ ᠤᠬᠠᠭᠤᠯᠭ᠎ᠠ ᠵᠢᠨ ᠠᠵᠢᠯᠯᠠᠭ᠎ᠠ ᠥᠷᠨᠢᠭᠦᠯᠪᠡ
ᠪᠤᠭᠤᠲᠤ ᠬᠣᠲᠠ ᠵᠢᠨ ᠰᠣᠶᠣᠯ ᠵᠢᠭᠤᠯᠴᠢᠯᠠᠯ ᠷᠠᠳᠢᠣ᠋ ᠲᠧᠯᠸᠢᠰ᠎ᠤᠨ ᠲᠣᠪᠴᠢᠶ᠎ᠠ 《ᠰᠣᠶᠣᠯ ᠪᠠ ᠪᠠᠢ᠌ᠭ᠋ᠠᠯᠢ ᠵᠢᠨ ᠥᠪ᠎ᠤᠨ ᠡᠳᠦᠷ》᠎ᠤᠨ ᠤᠬᠠᠭᠤᠯᠭ᠎ᠠ ᠵᠢᠨ ᠠᠵᠢᠯᠯᠠᠭ᠎ᠠ ᠥᠷᠨᠢᠭᠦᠯᠪᠡ
 
            