6 ᠳ᠋ᠤᠭ᠋ᠠᠷ ᠰᠠᠷ᠎ᠠ ᠵᠢᠨ 18᠎ᠤ ᠡᠳᠦᠷ᠎ᠤᠨ ᠦᠳᠡ ᠵᠢᠨ ᠬᠣᠢ᠌ᠨ᠎ᠠ᠂ ᠠᠯᠠᠱ᠌ᠠ ᠠᠢ᠌ᠮᠠᠭ᠎ᠤᠨ ᠵᠠᠬᠢᠷᠭ᠎ᠠ ᠪᠣᠯᠤᠨ ᠬᠤᠸᠠ ᠴᠢᠶᠤᠤ ᠴᠸᠩ ᠵᠢᠭᠤᠯᠴᠢᠯᠠᠯ᠎ᠤᠨ ᠪᠠᠯᠠ ᠣᠷᠣᠭᠤᠯᠤᠯᠲᠠ ᠵᠢᠨ ᠪᠦᠯᠦᠭᠯᠡᠯ ᠰᠠᠭᠤᠳᠠᠯ᠎ᠤᠨ ᠬᠤᠷᠠᠯ ᠬᠢᠵᠦ᠂ ᠬᠣᠶᠠᠷ ᠲᠠᠯ᠎ᠠ᠎ᠪᠠᠷ ᠵᠶ᠋ᠠᠨ ᠠᠯᠠᠱ᠌ᠠ ᠵᠢᠨ ᠰᠣᠶᠣᠯ ᠵᠢᠭᠤᠯᠴᠢᠯᠠᠯ᠎ᠤᠨ ᠠᠵᠤ ᠦᠢᠯᠡᠰ᠎ᠤᠨ ᠬᠥᠭᠵᠢᠯᠲᠡ᠂ ᠠᠯᠠᠱ᠌ᠠ ᠵᠢᠨ ᠰᠤᠲᠤᠨᠴᠤᠳᠤᠨ ᠴᠤᠭᠯᠠᠭ᠋ᠠᠨ ᠦᠷᠭᠦᠯᠵᠢᠯᠡᠨ ᠶᠠᠪᠤᠭᠳᠠᠬᠤ ᠵᠢᠴᠢ ᠬᠡᠪᠰᠢᠭᠰᠡᠨ ᠡᠵᠡᠩᠨᠡᠯᠲᠡ᠂ ᠨᠠᠷᠠᠲᠤ ᠲᠡᠮᠳᠡᠭ᠎ᠢ ᠡᠭᠦᠳᠬᠦ᠂ ᠵᠠᠬ᠎ᠠ ᠳᠡᠯᠭᠡᠭᠦᠷ᠎ᠤᠨ ᠡᠵᠡᠩᠨᠡᠯᠲᠡ ᠪᠣᠷᠣᠯᠠᠭᠤᠯᠤᠯᠲᠠ ᠵᠡᠷᠭᠡ ᠠᠭᠤᠯᠭ᠎ᠠ ᠵᠢᠨ ᠲᠤᠬᠠᠶ ᠰᠠᠨᠠᠯ ᠵᠶ᠋ᠠᠨ ᠭᠦᠨᠵᠡᠭᠡᠶ ᠰᠣᠯᠢᠯᠴᠠᠵᠤ᠂ ᠬᠠᠮᠲᠤᠷᠠᠯᠴᠠᠭ᠋ᠠᠨ᠎ᠤ ᠤᠴᠢᠷ ᠶᠠᠪᠤᠳᠠᠯ᠎ᠢ ᠬᠠᠮᠲᠤ᠎ᠪᠠᠷ ᠵᠥᠪᠳᠡᠯᠴᠡᠪᠡ ᠃ ᠠᠢ᠌ᠮᠠᠭ᠎ᠤᠨ ᠳᠡᠳ᠋ ᠳᠠᠷᠤᠭ᠎ᠠ ᠮᠥᠩᠬᠡ ᠰᠠᠭᠤᠳᠠᠯ᠎ᠤᠨ ᠬᠤᠷᠠᠯ᠎ᠢ ᠡᠷᠭᠢᠯᠡᠪᠡ᠃ ᠵᠠᠬᠢᠷᠭ᠎ᠠ ᠵᠢᠨ ᠨᠠᠷᠢᠨ ᠪᠢᠴᠢᠭ᠎ᠤᠨ ᠳᠠᠷᠤᠭ᠎ᠠ ᠵᠠᠩ ᠰᠢᠦ ᠢᠦᠢ᠂ ᠳᠡᠳ᠋ ᠨᠠᠷᠢᠨ ᠪᠢᠴᠢᠭ᠎ᠤᠨ ᠳᠠᠷᠤᠭ᠎ᠠ ᠡᠦ ᠵᠢᠶᠠ ᠶᠤᠸᠠᠨ ᠪᠣᠯᠤᠨ ᠠᠢ᠌ᠮᠠᠭ᠎ᠤᠨ ᠡᠳ᠋᠎ᠤᠨ ᠵᠠᠰᠠᠭ᠎ᠤᠨ ᠲᠣᠪᠴᠢᠶ᠎ᠠ᠂ ᠰᠣᠶᠣᠯ ᠵᠢᠭᠤᠯᠴᠢᠯᠠᠯ ᠷᠠᠳᠢᠣ᠋ ᠲᠧᠯᠸᠢᠰ᠎ᠤᠨ ᠲᠣᠪᠴᠢᠶ᠎ᠠ᠂ ᠰᠣᠶᠣᠯ ᠵᠢᠭᠤᠯᠴᠢᠯᠠᠯ᠎ᠤᠨ ᠪᠠᠯᠠ ᠣᠷᠣᠭᠤᠯᠤᠯᠲᠠ ᠵᠢᠨ ᠺᠣᠮᠫᠠᠨᠢ ᠵᠡᠷᠭᠡ ᠰᠠᠯᠠᠭ᠎ᠠ ᠮᠥᠴᠢᠷ᠎ᠤᠨ ᠬᠠᠷᠢᠭᠤᠴᠠᠯᠭ᠋ᠠᠲᠠᠨ ᠬᠤᠷᠠᠯ᠎ᠳᠤ ᠣᠷᠣᠯᠴᠠᠵᠠᠶ ᠃
ᠰᠠᠭᠤᠳᠠᠯ᠎ᠤᠨ ᠬᠤᠷᠠᠯ ᠳᠡᠭᠡᠷ᠎ᠡ᠂ ᠠᠢ᠌ᠮᠠᠭ᠎ᠤᠨ ᠰᠣᠶᠣᠯ ᠵᠢᠭᠤᠯᠴᠢᠯᠠᠯ ᠷᠠᠳᠢᠣ᠋ ᠲᠧᠯᠸᠢᠰ᠎ᠤᠨ ᠲᠣᠪᠴᠢᠶᠠᠨ᠎ᠤ ᠳᠠᠷᠤᠭ᠎ᠠ ᠨᠠᠷᠠᠨᠲᠤᠶᠠᠭ᠎ᠠ ᠠᠯᠠᠱ᠌ᠠ ᠠᠢ᠌ᠮᠠᠭ᠎ᠤᠨ ᠰᠣᠶᠣᠯ ᠵᠢᠭᠤᠯᠴᠢᠯᠠᠯ᠎ᠤᠨ ᠠᠵᠤ ᠦᠢᠯᠡᠰ᠎ᠤᠨ ᠬᠥᠭᠵᠢᠯᠲᠡ ᠵᠢᠨ ᠪᠠᠢ᠌ᠳᠠᠯ᠂ ᠬᠥᠭᠵᠢᠯᠲᠡ ᠵᠢᠨ ᠪᠠᠢ᠌ᠷᠢ ᠲᠣᠭᠲᠠᠭ᠋ᠠᠯᠲᠠ ᠪᠠ ᠰᠡᠳᠬᠢᠮᠵᠢ᠎ᠳᠤ ᠲᠥᠬᠥᠮ ᠲᠠᠨᠢᠯᠴᠠᠭᠤᠯᠭ᠎ᠠ ᠬᠢᠪᠠ᠃ ᠬᠤᠷᠠᠯ᠎ᠳᠤ ᠣᠷᠣᠯᠴᠠᠭᠰᠠᠨ ᠲᠥᠯᠥᠭᠡᠯᠡᠭᠴᠢᠳ ᠳᠠᠷᠠᠭ᠋ᠠᠴᠢ ᠵᠢᠨ ᠠᠯᠬᠤᠮ᠎ᠤᠨ ᠬᠠᠮᠲᠤᠷᠠᠯᠴᠠᠭ᠋ᠠᠨ᠎ᠤ ᠲᠥᠯᠥᠪᠯᠡᠭᠡ ᠵᠢᠨ ᠲᠤᠬᠠᠢ ᠪᠣᠳᠠᠲᠠᠢ ᠰᠠᠨᠠᠯ ᠰᠠᠨᠠᠭᠤᠯᠭ᠎ᠠ ᠳᠤᠷᠠᠳᠴᠠᠢ ᠃
ᠮᠥᠩᠬᠡ ᠴᠢᠬᠤᠯᠠᠴᠢᠯᠠᠭᠰᠠᠨ᠎ᠨᠢ᠂ ᠬᠤᠸᠠ ᠴᠢᠶᠤᠤ ᠴᠸᠩ ᠪᠦᠯᠦᠭᠯᠡᠯ ᠪᠣᠯ ᠪᠥᠬᠥ ᠤᠯᠤᠰ᠎ᠤᠨ ᠵᠢᠭᠤᠯᠴᠢᠯᠠᠯ᠎ᠤᠨ ᠠᠵᠢᠯ ᠲᠥᠷᠥᠯ᠎ᠤᠨ ᠬᠡᠪ ᠳᠠᠭᠤᠷᠢᠶᠠᠯ ᠮᠥᠨ᠂ ᠠᠵᠤ ᠠᠬᠤᠢ᠌ᠯᠠᠯ᠎ᠤᠨ ᠲᠤᠰᠬᠠᠶ ᠮᠡᠷᠭᠡᠵᠢᠯ᠎ᠤᠨ ᠳᠠᠪᠠᠭᠤᠯᠢᠭ ᠵᠶ᠋ᠠᠨ ᠪᠠᠳᠠᠷᠠᠭᠤᠯᠵᠤ᠂ ᠪᠥᠬᠥ ᠣᠷᠣᠨ ᠪᠦᠰᠡ ᠵᠢᠨ ᠵᠢᠭᠤᠯᠴᠢᠯᠠᠯ᠎ᠤᠨ ᠬᠥᠭᠵᠢᠯᠲᠡ ᠵᠢᠨ ᠪᠠᠢ᠌ᠯᠳᠤᠬᠤ ᠪᠣᠳᠣᠯᠭ᠎ᠠ ᠵᠢᠨ ᠠᠵᠠ ᠲᠣᠬᠢᠶᠠᠯᠳᠤ ᠬᠤᠭᠤᠴᠠᠭ᠎ᠠ ᠵᠢ ᠪᠠᠲᠤ ᠡᠵᠡᠮᠳᠡᠵᠦ᠂ ᠰᠣᠯᠢᠯᠴᠠᠭ᠎ᠠ᠎ᠪᠠᠨ ᠤᠯᠠᠮ ᠴᠢᠨᠠᠭᠰᠢᠳᠠ ᠭᠦᠨᠵᠡᠭᠡᠢ᠌ᠷᠡᠭᠦᠯᠵᠦ᠂ ᠡᠯ᠎ᠡ ᠬᠦᠷᠢᠶᠡᠨ᠎ᠳᠤ ᠪᠥᠬᠥ ᠲᠠᠯ᠎ᠠ᠎ᠪᠠᠷ ᠬᠠᠮᠲᠤᠷᠠᠯᠴᠠᠭ᠎ᠠ ᠥᠷᠨᠢᠭᠦᠯᠵᠦ᠂ ᠠᠯᠠᠱ᠌ᠠ ᠠᠢ᠌ᠮᠠᠭ᠎ᠤᠨ ᠰᠣᠶᠣᠯ ᠵᠢᠭᠤᠯᠴᠢᠯᠠᠯ᠎ᠤᠨ ᠠᠵᠤ ᠦᠢᠯᠡᠰ᠎ᠤᠨ ᠲᠦᠷᠭᠡᠨ ᠬᠥᠭᠵᠢᠯᠲᠡ ᠵᠢ ᠠᠬᠢᠭᠤᠯᠬᠤ ᠵᠢ ᠬᠦᠰᠡᠵᠦ ᠪᠠᠢ᠌ᠨ᠎ᠠ ᠭᠡᠪᠡ ᠃