6 ᠳ᠋ᠤᠭ᠋ᠠᠷ ᠰᠠᠷ᠎ᠠ ᠵᠢᠨ 8᠎ᠤ ᠡᠳᠦᠷ᠂ ᠮᠠᠨᠵᠤᠤᠷ ᠬᠣᠲᠠ ᠵᠢᠨ ᠨᠠᠮ᠎ᠤᠨ ᠬᠣᠷᠢᠶᠠᠨ᠎ᠤ ᠱᠦᠵᠢ ᠢᠦᠢ ᠸᠧᠶ ᠳ᠋ᠦᠩ ᠰᠣᠶᠣᠯ ᠵᠢᠭᠤᠯᠴᠢᠯᠠᠯ᠎ᠤᠨ ᠦᠢᠯᠡᠰ᠎ᠤᠨ ᠬᠥᠭᠵᠢᠯᠲᠡ ᠵᠢᠨ ᠪᠠᠢ᠌ᠳᠠᠯ᠎ᠢ ᠪᠠᠢ᠌ᠴᠠᠭ᠋ᠠᠨ ᠰᠤᠳᠤᠯᠪᠠ ᠃ ᠬᠣᠲᠠ ᠵᠢᠨ ᠤᠳᠤᠷᠢᠳᠤᠯᠭ᠎ᠠ ᠰᠦᠨ ᠰᠢᠶᠣᠤ ᠯᠢᠶᠠᠩ᠂ ᠳ᠋ᠧᠩ ᠶᠤᠸᠠᠢ ᠱᠧᠩ᠂ ᠰᠦᠩ ᠵᠢᠶ ᠰᠢᠶᠠᠩ ᠵᠢᠴᠢ ᠬᠣᠯᠪᠣᠭᠳᠠᠯ ᠪᠦᠬᠦᠢ ᠰᠠᠯᠠᠭ᠎ᠠ ᠮᠥᠴᠢᠷ᠎ᠤᠨ ᠠᠵᠤ ᠠᠬᠤᠢ᠌ᠯᠠᠯ᠎ᠤᠨ ᠬᠠᠷᠢᠭᠤᠴᠠᠯᠭ᠋ᠠᠲᠠᠨ ᠪᠠᠢ᠌ᠴᠠᠭ᠋ᠠᠨ ᠰᠤᠳᠤᠯᠤᠯᠲᠠ᠎ᠳᠤ ᠣᠷᠣᠯᠴᠠᠪᠠ ᠃
ᠢᠦᠢ ᠸᠧᠢ ᠳ᠋ᠦᠩ ᠤᠷᠢᠳ ᠬᠣᠵᠢᠳ ᠧᠦ᠋ᠷᠣᠫᠠ ᠮᠠᠶᠢᠭ᠎ᠤᠨ ᠬᠤᠷᠢᠮ᠎ᠤᠨ ᠣᠷᠳᠣᠨ᠂ ᠬᠤᠳᠠ ᠵᠢᠨ ᠮᠦᠽᠧᠢ᠂ ᠴᠠᠭ᠋ᠠᠨᠨᠠᠭᠤᠷ ᠦᠵᠡᠮᠵᠢ ᠵᠢᠨ ᠣᠷᠣᠨ᠂ ᠤᠭᠰᠠᠷᠠᠭ᠎ᠠ ᠬᠡᠦᠬᠡᠯᠳᠡᠢ ᠵᠢᠨ ᠠᠭᠤᠳᠠᠮ ᠲᠠᠯᠠᠪᠠᠢ ᠵᠢᠨ ᠦᠵᠡᠮᠵᠢ ᠵᠢᠨ ᠣᠷᠣᠨ ᠵᠡᠷᠭᠡ ᠭᠠᠵᠠᠷ᠎ᠲᠤ ᠬᠦᠷᠴᠦ᠂ ᠰᠣᠶᠣᠯ ᠵᠢᠭᠤᠯᠴᠢᠯᠠᠯ᠎ᠤᠨ ᠠᠵᠤ ᠠᠬᠤᠢ᠌ᠯᠠᠯ᠎ᠤᠨ ᠣᠳᠣᠬᠢ ᠪᠠᠢ᠌ᠳᠠᠯ᠂ ᠦᠵᠡᠮᠵᠢ ᠵᠢᠨ ᠣᠷᠣᠨ ᠴᠡᠭ ᠢ ᠠᠮᠢᠵᠢᠷᠠᠭᠤᠯᠬᠤ᠂ ᠬᠢᠵᠢᠭ᠎ᠤᠨ ᠪᠠᠢ᠌ᠳᠠᠯ᠎ᠢ ᠰᠡᠷᠭᠡᠢ᠌ᠯᠡᠨ ᠡᠵᠡᠮᠳᠡᠬᠦ᠂ ᠲᠦᠷᠦᠯ ᠵᠦᠢ᠍ᠯ᠎ᠤᠨ ᠪᠦᠳᠦᠭᠡᠨ ᠪᠠᠢ᠌ᠭᠤᠯᠤᠯᠲᠠ᠂ ᠠᠵᠢᠯ ᠦᠢ᠍ᠯᠡᠳᠪᠦᠷᠢᠯᠡᠯ ᠵᠶ᠋ᠡᠨ ᠰᠡᠷᠭᠦᠭᠡᠬᠦ ᠪᠠ ᠣᠳᠣᠬᠠᠨ᠎ᠳᠤ ᠲᠤᠯᠭ᠋ᠠᠷᠠᠵᠤ ᠪᠠᠢ᠌ᠭ᠎ᠠ ᠬᠦᠴᠢᠷᠳᠡᠯ ᠵᠡᠷᠭᠡ ᠪᠠᠢ᠌ᠳᠠᠯ᠎ᠢ ᠲᠤᠬᠠᠢ ᠵᠢᠨ ᠭᠠᠵᠠᠷ᠎ᠲᠤᠨᠢ ᠪᠠᠢ᠌ᠴᠠᠭ᠋ᠠᠨ ᠰᠤᠳᠤᠯᠤᠭᠰᠠᠨ ᠪᠥᠭᠡᠳ ᠰᠠᠭᠤᠳᠠᠯ᠎ᠤᠨ ᠬᠤᠷᠠᠯ ᠡᠷᠬᠢᠯᠡᠨ ᠬᠤᠷᠠᠯᠳᠤᠭᠤᠯᠵᠤ᠂ ᠰᠣᠶᠣᠯ ᠵᠢᠭᠤᠯᠴᠢᠯᠠᠯ᠎ᠤᠨ ᠦᠢ᠍ᠯᠡᠰ᠎ᠤᠨ ᠭᠣᠣᠯᠳᠠᠯᠭ᠎ᠠ᠎ᠲᠠᠢ ᠠᠵᠢᠯ᠎ᠤᠨ ᠬᠠᠷᠢᠭᠤ ᠮᠡᠳᠡᠭᠦᠯᠦᠯᠲᠡ ᠵᠢ ᠰᠣᠨᠣᠰᠴᠠᠢ ᠃
ᠢᠦᠢ ᠸᠧᠢ ᠳ᠋ᠦᠩ᠂ ᠰᠣᠶᠣᠯ ᠵᠢᠭᠤᠯᠴᠢᠯᠠᠯ᠎ᠤᠨ ᠦᠢ᠍ᠯᠡᠰ ᠪᠣᠯ ᠮᠠᠨ᠎ᠤ ᠬᠤᠳᠠ ᠵᠢᠨ ᠬᠣᠶᠠᠷ ᠶᠡᠬᠡ ᠲᠤᠯᠭ᠋ᠠᠭᠤᠷᠢ ᠠᠵᠤ ᠦᠢ᠍ᠯᠡᠰ᠎ᠤᠨ ᠨᠢᠭᠡ ᠪᠣᠯᠤᠨ᠎ᠠ᠂ ᠮᠠᠨᠵᠤᠤᠷ ᠬᠤᠲᠠ ᠵᠢᠨ ᠠᠵᠤ ᠠᠬᠤᠢ ᠨᠡᠢ᠌ᠭᠡᠮ᠎ᠤᠨ ᠬᠥᠭᠵᠢᠯᠲᠡ᠎ᠳᠤ ᠯᠤᠲᠤ ᠶᠡᠬᠡ ᠬᠤᠪᠢ ᠨᠡᠮᠡᠷᠢ ᠦᠵᠡᠭᠦᠯᠵᠡᠢ ᠃ ᠬᠢᠵᠢᠭ᠎ᠤᠨ ᠪᠠᠢ᠌ᠳᠠᠯ᠎ᠤᠨ ᠨᠥᠯᠥᠭᠡ᠎ᠠᠴᠠ ᠪᠣᠯᠵᠣ ᠮᠠᠨᠵᠤᠤᠷ ᠬᠣᠲᠠ ᠵᠢᠨ ᠰᠣᠶᠣᠯ ᠵᠢᠭᠤᠯᠴᠢᠯᠠᠯ᠎ᠤᠨ ᠦᠢᠯᠡᠰ ᠨᠡᠯᠢᠶᠡᠳ ᠶᠡᠬᠡ ᠲᠠᠭ᠋ᠠᠷᠢᠯᠲᠠ᠎ᠳᠤ ᠤᠴᠠᠷᠠᠭᠰᠠᠨ ᠪᠣᠯᠪᠠᠴᠤ ᠲᠡᠭᠦᠨ᠎ᠳᠤ ᠪᠠᠰᠠ ᠯᠤᠲᠤ ᠶᠡᠬᠡ ᠳᠠᠯᠳᠠ ᠬᠦᠴᠦᠨ ᠪᠠᠢ᠌ᠬᠤ ᠵᠢ ᠠᠭᠤᠳᠠᠯᠬᠤ ᠴᠢᠬᠤᠯᠠᠲᠠᠶ ᠪᠠᠢ᠌ᠨ᠎ᠠ᠂ ᠣᠯᠠᠨ ᠵᠶ᠋ᠠᠷ ᠵᠶ᠋ᠠᠨ ᠰᠣᠶᠣᠯ ᠵᠢᠭᠤᠯᠴᠢᠯᠠᠯ᠎ᠤᠨ ᠦᠢᠯᠡᠰ᠎ᠢ ᠪᠤᠵᠠᠭ᠋ᠠᠢ᠌ᠷᠠᠭᠤᠯᠤᠨ ᠬᠦᠴᠦᠷᠬᠡᠭᠵᠢᠭᠦᠯᠬᠦ ᠢᠲᠡᠭᠡᠯ ᠵᠣᠷᠢᠭ ᠵᠶ᠋ᠠᠨ ᠪᠠᠲᠤᠳᠬᠠᠵᠤ᠂ 《ᠠᠵᠤ ᠦᠢᠯᠡᠰ ᠵᠢᠭᠤᠯᠴᠢᠯᠠᠯ᠎ᠢ ᠠᠭᠤᠰᠤᠯᠴᠠᠭᠤᠯᠬᠤ》 ᠬᠡᠯᠪᠡᠷᠢ᠎ᠪᠠᠨ ᠬᠤᠪᠢᠷᠠᠭᠤᠯᠤᠨ ᠬᠥᠭᠵᠢᠭᠦᠯᠬᠦ ᠬᠠᠷᠠᠯᠲᠠ ᠵᠢᠨ ᠲᠣᠭᠣᠷᠢᠨ᠎ᠳᠤ᠂ ᠵᠠᠬ᠎ᠠ ᠳᠡᠯᠭᠡᠭᠦᠷ᠎ᠤᠨ ᠰᠡᠷᠭᠦᠯᠲᠡ ᠪᠠ ᠰᠣᠶᠣᠯ ᠵᠢᠭᠤᠯᠴᠢᠯᠠᠯ᠎ᠤᠨ ᠦᠢᠯᠡᠰ᠎ᠤᠨ ᠴᠢᠨᠠᠷ ᠰᠠᠢ᠌ᠲᠠᠶ ᠬᠥᠭᠵᠢᠯᠲᠡ ᠵᠢ ᠴᠢᠷᠮᠠᠢ᠌ᠨ ᠠᠬᠢᠭᠤᠯᠬᠤ ᠬᠡᠷᠡᠭᠲᠡᠶ ᠭᠡᠪᠡ᠃
ᠢᠦᠢ ᠸᠧᠶ ᠳ᠋ᠦᠩ᠂ 《ᠰᠡᠷᠭᠡᠢ᠌ᠯᠡᠵᠦ ᠳᠡᠢ᠌ᠯᠪᠡᠯ》 ᠰᠠᠶᠢ 《ᠴᠢᠯᠥᠭᠡᠲᠡᠶ ᠲᠠᠯᠪᠢᠵᠤ ᠳᠡᠢ᠌ᠯᠬᠦ》 ᠬᠥᠭᠵᠢᠯᠲᠡ ᠵᠢᠨ ᠣᠢ᠌ᠯᠠᠭ᠋ᠠᠭᠳᠠᠬᠤᠨ᠎ᠢ ᠪᠠᠲᠤ ᠪᠣᠶ ᠪᠣᠯᠭ᠋ᠠᠵᠤ᠂ ᠬᠢᠵᠢᠭ᠎ᠤᠨ ᠪᠠᠢ᠌ᠳᠠᠯ᠎ᠢ ᠰᠡᠷᠭᠡᠢ᠌ᠯᠡᠨ ᠡᠵᠡᠮᠳᠡᠬᠦ ᠠᠮᠤᠷ ᠲᠦᠪᠰᠢᠨ᠎ᠢ ᠪᠠᠲᠤᠯᠠᠭᠰᠠᠨ ᠰᠠᠭᠤᠷᠢᠨ ᠳᠡᠭᠡᠷ᠎ᠡ᠂ ᠰᠣᠶᠣᠯ ᠵᠢᠭᠤᠯᠴᠢᠯᠠᠯ᠎ᠤᠨ ᠠᠵᠤ ᠠᠬᠤᠢ᠌ᠯᠠᠯ᠎ᠤᠨ ᠪᠥᠬᠥ ᠲᠠᠯ᠎ᠠ᠎ᠪᠠᠷ ᠠᠵᠢᠯ ᠦᠢᠯᠡᠳᠪᠦᠷᠢᠯᠡᠯ ᠵᠶ᠋ᠡᠨ ᠰᠡᠷᠭᠦᠭᠡᠬᠦ ᠵᠢ ᠡᠮᠬᠢ ᠵᠢᠷᠤᠮ᠎ᠲᠠᠢ ᠠᠬᠢᠭᠤᠯᠵᠤ᠂ ᠦᠢᠯᠡᠳᠪᠦᠷᠢᠯᠡᠯ ᠡᠵᠡᠩᠨᠡᠯᠲᠡ᠂ ᠬᠢᠵᠢᠭ᠎ᠤᠨ ᠪᠠᠢ᠌ᠳᠠᠯ᠎ᠢ ᠰᠡᠷᠭᠡᠢ᠌ᠯᠡᠨ ᠡᠵᠡᠮᠳᠡᠬᠦ ᠵᠢ ᠰᠠᠭ᠋ᠠᠲᠠᠭ᠋ᠠᠬᠤ ᠥᠬᠡᠶ ᠪᠠᠢ᠌ᠬᠤ ᠵᠢ ᠦᠨᠡᠨ ᠬᠦ᠌ ᠪᠠᠲᠤᠯᠠᠬᠤ ᠬᠡᠷᠡᠭᠲᠡᠶ ᠃ ᠣᠲᠣ ᠵᠢᠨ ᠪᠠᠢ᠌ᠭ᠎ᠠ ᠡᠬᠢ ᠪᠠᠶᠠᠯᠢᠭ᠎ᠢ ᠡᠮᠬᠢᠯᠡᠨ ᠨᠡᠢ᠌ᠯᠡᠭᠦᠯᠵᠦ᠂ ᠰᠤᠯᠠ ᠪᠠᠢ᠌ᠭ᠎ᠠ ᠡᠬᠢ ᠪᠠᠶᠠᠯᠢᠭ᠎ᠢ ᠰᠡᠷᠭᠦᠭᠡᠨ᠂ ᠤᠨᠴᠠᠯᠢᠬᠳᠤ ᠡᠬᠢ ᠪᠠᠶᠠᠯᠢᠭ᠎ᠢ ᠰᠤᠳᠤᠯᠵᠤ᠂ ᠲᠡᠦᠬᠡ ᠰᠣᠶᠣᠯ᠎ᠤᠨ ᠡᠬᠢ ᠪᠠᠶᠠᠯᠢᠭ᠎ᠢ ᠠᠭᠤᠳᠠᠯᠤᠨ᠂ ᠰᠣᠶᠣᠯ ᠵᠢᠭᠤᠯᠴᠢᠯᠠᠯ᠎ᠤᠨ ᠦᠢᠯᠡᠰ᠎ᠤᠨ ᠲᠠᠰ ᠳᠡᠪᠰᠢᠬᠦ ᠵᠢ ᠠᠬᠢᠭᠤᠯᠬᠤ ᠬᠡᠷᠡᠭᠲᠡᠶ ᠃ ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ᠎ᠢ ᠦᠷᠭᠦᠯᠵᠢᠯᠡᠨ ᠰᠢᠯᠢᠳᠡᠭᠵᠢᠭᠦᠯᠵᠦ᠂ ᠦᠵᠡᠯ ᠰᠠᠨᠠᠭ᠎ᠠ ᠣᠢ᠌ᠯᠠᠭ᠋ᠠᠭᠳᠠᠬᠤᠨ ᠵᠶ᠋ᠠᠨ ᠬᠤᠪᠢᠷᠠᠭᠤᠯᠤᠨ᠂ ᠪᠠᠢ᠌ᠷᠢ ᠰᠣᠯᠢᠵᠤ ᠰᠡᠳᠬᠢᠨ ᠪᠣᠳᠣᠯᠬᠢᠯᠠᠬᠤ ᠵᠢ ᠰᠤᠷᠴᠤ᠂ ᠰᠠᠨᠠᠭ᠋ᠠᠴᠢᠯᠠᠭ᠎ᠠ᠎ᠠᠴᠠ᠎ᠪᠠᠨ ᠠᠵᠤ ᠠᠬᠤᠢ᠌ᠯᠠᠯ᠎ᠳᠤ ᠠᠷᠭ᠎ᠠ ᠤᠬᠠᠭ᠋ᠠᠨ ᠭᠠᠷᠭ᠋ᠠᠨ ᠥᠭᠴᠦ᠂ ᠬᠦᠴᠢᠷᠳᠡᠯ᠎ᠢ᠎ᠨᠢ ᠰᠢᠢ᠍ᠳᠪᠦᠷᠢᠯᠡᠨ ᠥᠭᠴᠦ᠂ ᠦᠢ᠍ᠯᠡᠴᠢᠯᠡᠭᠡ ᠪᠠᠲᠤᠯᠠᠭ᠎ᠠ ᠵᠢᠨ ᠠᠵᠢᠯ᠎ᠢ ᠦᠨᠡᠨ ᠰᠡᠳᠬᠢᠯ᠎ᠠᠴᠠ᠎ᠪᠠᠨ ᠰᠠᠢ᠌ᠲᠤᠷ ᠬᠢᠵᠦ᠂ ᠰᠣᠶᠣᠯ ᠵᠢᠭᠤᠯᠴᠢᠯᠠᠯ᠎ᠤᠨ ᠦᠢ᠍ᠯᠡᠰ᠎ᠤᠨ ᠬᠥᠭᠵᠢᠯ ᠴᠡᠴᠡᠭᠯᠡᠯ᠎ᠢ ᠡᠷᠲᠡᠬᠡᠨ ᠰᠡᠷᠭᠦᠭᠡᠬᠦ ᠵᠢ ᠠᠬᠢᠭᠤᠯᠬᠤ ᠬᠡᠷᠡᠭᠲᠡᠢ ᠬᠡᠪᠡ ᠃