ᠰᠣᠶᠣᠯ᠎ᠤᠨ ᠥᠪ᠎ᠢ ᠬᠠᠮᠠᠭ᠋ᠠᠯᠠᠨ ᠤᠯᠠᠮᠵᠢᠯᠠᠵᠤ᠂ ᠳᠤᠮᠳᠠᠳᠤ ᠵᠢᠨ ᠰᠢᠯᠢᠳᠡᠭ ᠤᠯᠠᠮᠵᠢᠯᠠᠯᠲᠤ ᠰᠣᠶᠣᠯ᠎ᠢ ᠪᠠᠳᠠᠷᠠᠭᠤᠯᠬᠤ ᠵᠢᠨ ᠲᠥᠯᠥᠭᠡ᠂ 6 ᠳ᠋ᠤᠭ᠋ᠠᠷ ᠰᠠᠷ᠎ᠠ ᠵᠢᠨ 11᠎ᠤ ᠡᠳᠦᠷ᠂ ᠪᠤᠭᠤᠲᠤ ᠬᠣᠲᠠ ᠵᠢᠨ ᠰᠣᠶᠣᠯ ᠵᠢᠭᠤᠯᠴᠢᠯᠠᠯ ᠷᠠᠳᠢᠣ᠋ ᠲᠧᠯᠸᠢᠰ᠎ᠤᠨ ᠲᠣᠪᠴᠢᠶ᠎ᠠ ᠲᠡᠦᠬᠡ ᠵᠢᠨ ᠳᠤᠷᠠᠰᠬᠠᠯᠲᠤ ᠵᠦᠢᠯᠡᠰ᠎ᠤᠨ ᠥᠪ᠎ᠢ ᠬᠠᠮᠠᠭ᠋ᠠᠯᠠᠬᠤ ᠤᠬᠠᠭᠤᠯᠭ᠎ᠠ ᠵᠢᠨ ᠮᠠᠲ᠋ᠧᠷᠢᠶᠠᠯ᠎ᠢ ᠳᠠᠷᠤᠮᠠᠯᠯᠠᠨ ᠦᠢᠯᠡᠳᠴᠦ᠂ ᠤᠬᠠᠭᠤᠯᠭ᠎ᠠ ᠵᠢᠨ ᠳᠡᠯᠭᠡᠨ ᠦᠵᠡᠭᠦᠯᠬᠦ ᠰᠠᠮᠪᠠᠷ᠎ᠠ ᠵᠣᠬᠢᠶᠠᠵᠤ᠂ ᠪᠤᠭᠤᠲᠤ ᠵᠢᠨ ᠴᠡᠩᠭᠡᠯ᠎ᠤᠨ ᠬᠦᠷᠢᠶᠡᠯᠡᠩ ᠠᠭᠤᠳᠠᠮ ᠲᠠᠯᠠᠪᠠᠶ᠎ᠳᠤ 《ᠰᠣᠶᠣᠯ ᠪᠠ ᠪᠠᠢ᠌ᠭ᠋ᠠᠯᠢ ᠵᠢᠨ ᠥᠪ᠎ᠤᠨ ᠡᠳᠦᠷ》᠎ᠤᠨ ᠤᠬᠠᠭᠤᠯᠭ᠎ᠠ ᠵᠢᠨ ᠠᠵᠢᠯᠯᠠᠭ᠎ᠠ ᠥᠷᠨᠢᠭᠦᠯᠪᠡ ᠃
ᠪᠤᠭᠤᠲᠤ ᠵᠢᠨ ᠲᠡᠦᠬᠡ ᠥᠨᠢ ᠤᠳᠠᠭ᠋ᠠᠨ᠂ ᠰᠣᠶᠣᠯ᠎ᠤᠨ ᠠᠭᠤᠯᠤᠭᠳᠠᠬᠤᠨ ᠭᠦᠨ ᠵᠤᠵᠠᠭ᠋ᠠᠨ ᠶᠤᠮ ᠃ ᠪᠦᠬᠦ ᠨᠡᠢ᠌ᠭᠡᠮ᠎ᠤᠨ᠎ᠬᠢᠨ᠎ᠤ ᠪᠤᠭᠤᠲᠤ ᠬᠣᠲᠠ ᠵᠢᠨ ᠰᠣᠶᠣᠯ᠎ᠤᠨ ᠥᠪ ᠬᠥᠷᠥᠩᠭᠡ ᠵᠢᠨ ᠲᠤᠬᠠᠶ ᠲᠠᠨᠢᠯᠲᠠ ᠪᠣᠯᠤᠨ ᠣᠢ᠌ᠯᠠᠭ᠋ᠠᠯᠲᠠ ᠵᠢ ᠤᠯᠠᠮ ᠨᠢᠭᠡ ᠠᠯᠬᠤᠮ ᠨᠡᠮᠡᠭᠳᠡᠭᠦᠯᠵᠦ᠂ ᠲᠡᠦᠬᠡ ᠰᠣᠶᠣᠯ᠎ᠤᠨ ᠥᠪ ᠬᠥᠷᠥᠩᠭᠡ ᠵᠢᠨ ᠬᠠᠮᠠᠭ᠋ᠠᠯᠠᠯᠲᠠ ᠵᠢᠨ ᠦᠵᠡᠯ ᠤᠬᠠᠮᠰᠠᠷ᠎ᠢ ᠳᠡᠭᠡᠭᠰᠢᠯᠡᠭᠦᠯᠬᠦ ᠵᠢᠨ ᠲᠤᠰᠠᠳᠠ᠂ ᠲᠤᠰ ᠤᠳᠠᠭ᠋ᠠᠨ᠎ᠤ ᠤᠬᠠᠭᠤᠯᠭ᠎ᠠ ᠵᠢᠨ ᠠᠵᠢᠯᠯᠠᠭ᠎ᠠ᠎ᠨᠢ ᠦᠰᠦᠭ ᠵᠢᠷᠤᠭ᠎ᠢ ᠬᠣᠣᠰᠯᠠᠭᠤᠯᠤᠭᠰᠠᠨ ᠦᠵᠡᠭᠦᠯᠭᠡ ᠵᠢᠨ ᠰᠠᠮᠪᠠᠷ᠎ᠠ ᠵᠢ ᠳᠡᠯᠭᠡᠨ ᠦᠵᠡᠭᠦᠯᠬᠦ᠂ ᠤᠬᠠᠭᠤᠯᠭ᠎ᠠ ᠵᠢᠨ ᠳᠡᠪᠲᠡᠷ ᠲᠠᠷᠬᠠᠭ᠋ᠠᠬᠤ᠂ ᠲᠡᠦᠬᠡ ᠵᠢᠨ ᠳᠤᠷᠠᠰᠬᠠᠯᠲᠤ ᠵᠦᠢ᠍ᠯᠡᠰ᠎ᠤᠨ ᠥᠪ᠎ᠤᠨ ᠮᠡᠳᠡᠯᠭᠡ ᠵᠢ ᠲᠠᠢ᠌ᠯᠪᠤᠷᠢᠯᠠᠬᠤ ᠵᠡᠷᠭᠡ ᠬᠡᠯᠪᠡᠷᠢ᠎ᠪᠠᠷ ᠪᠤᠭᠤᠲᠤ ᠬᠣᠲᠠ ᠵᠢᠨ ᠲᠡᠦᠬᠡ ᠰᠣᠶᠣᠯ᠎ᠤᠨ ᠡᠬᠢ ᠪᠠᠶᠠᠯᠢᠭ᠂ ᠲᠡᠦᠬᠡ ᠵᠢᠨ ᠳᠤᠷᠠᠰᠬᠠᠯᠲᠤ ᠵᠦᠢ᠍ᠯᠡᠰ᠎ᠤᠨ ᠬᠠᠮᠠᠭ᠋ᠠᠯᠠᠯᠲᠠ ᠵᠢᠨ ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠤᠨ ᠮᠡᠳᠡᠯᠭᠡ᠂ ᠲᠡᠦᠬᠡ ᠵᠢᠨ ᠳᠤᠷᠠᠰᠬᠠᠯᠲᠤ ᠵᠦᠢ᠍ᠯᠡᠰ᠎ᠤᠨ ᠭᠠᠯ ᠤᠨᠲᠠᠷᠠᠭ᠋ᠠᠵᠤ ᠠᠶᠤᠯ᠎ᠠᠴᠠ ᠬᠠᠮᠠᠭ᠋ᠠᠯᠠᠬᠤ ᠵᠡᠷᠭᠡ ᠠᠭᠤᠯᠭ᠎ᠠ᠎ᠳᠤ ᠲᠦᠭᠡᠮᠡᠯᠵᠢᠭᠦᠯᠬᠦ ᠤᠬᠠᠭᠤᠯᠭ᠎ᠠ ᠬᠥᠮᠦᠵᠢᠯ ᠬᠢᠭᠰᠡᠨ ᠪᠠᠢ᠌ᠨ᠎ᠠ ᠃
ᠲᠡᠦᠬᠡ ᠰᠣᠶᠣᠯ᠎ᠤᠨ ᠥᠪ ᠪᠣᠯᠤᠨ ᠲᠡᠦᠬᠡ ᠵᠢᠨ ᠳᠤᠷᠠᠰᠬᠠᠯᠲᠤ ᠵᠦᠢ᠍ᠯᠡᠰ᠎ᠢ ᠬᠠᠮᠠᠭ᠋ᠠᠯᠠᠬᠤ ᠤᠬᠠᠭᠤᠯᠭ᠎ᠠ ᠵᠢᠨ ᠠᠵᠢᠯᠯᠠᠭ᠎ᠠ ᠡᠷᠬᠢᠯᠡᠬᠦ᠎ᠪᠠᠷ ᠳᠠᠮᠵᠢᠨ᠂ ᠪᠦᠬᠦ ᠨᠡᠢ᠌ᠭᠡᠮ ᠵᠶ᠋ᠡᠷ ᠵᠶ᠋ᠡᠨ ᠰᠣᠶᠣᠯ᠎ᠤᠨ ᠥᠪ ᠬᠥᠷᠥᠩᠭᠡ ᠵᠢᠨ ᠬᠠᠮᠠᠭ᠋ᠠᠯᠠᠯᠲᠠ᠎ᠳᠤ ᠬᠠᠮᠲᠤ᠎ᠪᠠᠷ ᠣᠷᠣᠯᠴᠠᠬᠤ ᠰᠠᠢ᠌ᠨ ᠰᠠᠢ᠌ᠬᠠᠨ ᠣᠷᠴᠢᠨ ᠠᠬᠤᠶ ᠵᠢ ᠪᠣᠶ ᠪᠣᠯᠭ᠋ᠠᠭᠰᠠᠨ ᠪᠠᠢ᠌ᠨ᠎ᠠ ᠃