ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠰᠤᠷᠠᠭ ᠵᠠᠩᠬᠢ
ᠬᠡᠷᠡᠭᠯᠡᠭᠡ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠠᠶ᠋ᠢᠮᠠᠭ ᠬᠤᠲᠠ᠎ᠶᠢᠨ ᠰᠣᠨᠣᠰᠬᠠᠯ
ᠬᠢᠩᠭ᠋ᠠᠨ ᠠᠢ᠌ᠮᠠᠭ᠎ᠤᠨ ᠰᠣᠶᠣᠯ ᠵᠢᠭᠤᠯᠴᠢᠯᠠᠯ ᠪᠡᠶ᠎ᠡ ᠵᠢᠨ ᠲᠠᠮᠢᠷ᠎ᠤᠨ ᠲᠣᠪᠴᠢᠶ᠎ᠠ ᠨᠠᠰᠤᠵᠢᠯ᠎ᠤᠨ ᠠᠰᠠᠷᠠᠮᠵᠢ ᠵᠢᠨ ᠮᠡᠬᠡᠯᠡᠯ᠎ᠳᠤ ᠴᠣᠬᠢᠯᠲᠠ ᠥᠭᠴᠦ ᠴᠡᠭᠴᠡᠯᠡᠨ ᠵᠠᠰᠠᠬᠤ ᠤᠬᠠᠭᠤᠯᠭ᠎ᠠ ᠵᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄ 2022-06-23

      ᠨᠠᠰᠤᠵᠢᠯ᠎ᠤᠨ ᠠᠰᠠᠷᠠᠮᠵᠢ ᠵᠢᠨ ᠮᠡᠬᠡᠯᠡᠯ᠎ᠤᠨ ᠲᠤᠰᠬᠠᠶ ᠴᠡᠭᠴᠡᠯᠡᠨ ᠵᠠᠰᠠᠬᠤ ᠠᠵᠢᠯᠯᠠᠭ᠎ᠠ ᠵᠢ ᠭᠦᠨᠵᠡᠭᠡᠶ ᠠᠬᠢᠭᠤᠯᠵᠤ᠂ ᠪᠥᠬᠥ ᠠᠢ᠌ᠮᠠᠭ᠎ᠤᠨ ᠰᠣᠶᠣᠯ ᠪᠠ ᠵᠢᠭᠤᠯᠴᠢᠯᠠᠯ᠎ᠤᠨ ᠵᠠᠬ᠎ᠠ ᠳᠡᠯᠭᠡᠭᠦᠷ᠎ᠤᠨ ᠠᠵᠤ ᠠᠬᠤᠶ ᠵᠢᠨ ᠡᠮᠬᠢ ᠳᠢᠭᠯᠢᠮ᠎ᠢ ᠤᠯᠠᠮ ᠨᠢᠭᠡ ᠠᠯᠬᠤᠮ ᠵᠢᠷᠤᠮᠵᠢᠭᠤᠯᠤᠨ᠂ ᠰᠣᠶᠣᠯ ᠵᠢᠭᠤᠯᠴᠢᠯᠠᠯ᠎ᠤᠨ ᠦᠢᠯᠡᠰ᠎ᠤᠨ ᠡᠷᠡᠭᠦᠯ ᠪᠥᠭᠡᠳ ᠡᠮᠬᠢ ᠵᠢᠷᠤᠮ᠎ᠲᠠᠢ ᠬᠥᠭᠵᠢᠬᠦ ᠵᠢ ᠠᠬᠢᠭᠤᠯᠵᠤ᠂ ᠨᠠᠰᠤᠲᠠᠢ᠌ᠴᠤᠳ᠎ᠤᠨ ᠬᠠᠤᠯᠢ ᠶᠣᠰᠣᠨ᠎ᠤ ᠡᠷᠬᠡ ᠠᠰᠢᠭ᠎ᠢ ᠬᠠᠮᠠᠭ᠋ᠠᠯᠠᠬᠤ ᠵᠢᠨ ᠲᠥᠯᠥᠭᠡ᠂ 6 ᠳ᠋ᠤᠭ᠋ᠠᠷ ᠰᠠᠷ᠎ᠠ ᠵᠢᠨ 13᠎ᠤ ᠡᠳᠦᠷ᠂ ᠬᠢᠩᠭ᠋ᠠᠨ ᠠᠢ᠌ᠮᠠᠭ᠎ᠤᠨ ᠰᠣᠶᠣᠯ ᠵᠢᠭᠤᠯᠴᠢᠯᠠᠯ ᠪᠡᠶ᠎ᠡ ᠵᠢᠨ ᠲᠠᠮᠢᠷ᠎ᠤᠨ ᠲᠣᠪᠴᠢᠶ᠎ᠠ ᠬᠢᠩᠭ᠋ᠠᠨ ᠠᠢ᠌ᠮᠠᠭ᠎ᠤᠨ ᠰᠣᠶᠣᠯ᠎ᠤᠨ ᠵᠠᠬ᠎ᠠ ᠳᠡᠯᠭᠡᠭᠦᠷ᠎ᠤᠨ ᠶᠡᠷᠦᠩᠬᠡᠢ᠌ᠯᠡᠭᠰᠡᠨ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠲᠣᠪᠴᠢᠶ᠎ᠠ᠎ᠲᠠᠢ ᠬᠠᠮᠲᠤᠷᠠᠨ ᠬᠣᠲᠠ ᠵᠢᠨ ᠲᠡᠭᠦᠷᠭᠡ ᠵᠢᠨ ᠬᠡᠷᠡᠭ ᠡᠷᠬᠢᠯᠡᠬᠦ ᠭᠠᠵᠠᠷ᠎ᠤᠨ ᠬᠤᠸᠠᠨ ᠱᠠᠨ ᠨᠡᠢ᠌ᠭᠡᠮ ᠲᠣᠭᠣᠷᠢᠭ᠎ᠲᠤ ᠨᠠᠰᠤᠵᠢᠯ᠎ᠤᠨ ᠠᠰᠠᠷᠠᠮᠵᠢ ᠵᠢᠨ ᠮᠡᠬᠡᠯᠡᠯ᠎ᠳᠤ ᠴᠣᠬᠢᠯᠲᠠ ᠥᠭᠴᠦ ᠴᠡᠭᠴᠡᠯᠡᠨ ᠵᠠᠰᠠᠬᠤ ᠤᠬᠠᠭᠤᠯᠭ᠎ᠠ ᠵᠢᠨ ᠠᠵᠢᠯᠯᠠᠭ᠎ᠠ ᠥᠷᠨᠢᠭᠦᠯᠵᠦ᠂ ᠣᠯᠠᠨ ᠲᠦᠮᠡᠨ᠎ᠤ ᠠᠮᠤᠷ ᠲᠦᠪᠰᠢᠨ᠎ᠤ ᠰᠡᠷᠭᠡᠢ᠌ᠯᠡᠯᠲᠡ ᠵᠢᠨ ᠤᠬᠠᠮᠰᠠᠷ᠎ᠢ ᠦᠨᠡᠨ ᠬᠦ᠌ ᠴᠢᠩᠭ᠋ᠠᠳᠬᠠᠪᠠ  ᠃
      ᠠᠵᠢᠯᠯᠠᠭ᠎ᠠ ᠵᠢᠨ ᠲᠤᠬᠠᠶ ᠵᠢᠨ ᠲᠠᠯᠠᠪᠠᠶ᠎ᠳᠤ᠂ ᠬᠢᠩᠭ᠋ᠠᠨ ᠠᠢ᠌ᠮᠠᠭ᠎ᠤᠨ ᠰᠣᠶᠣᠯ᠎ᠤᠨ ᠵᠠᠬ᠎ᠠ ᠳᠡᠯᠭᠡᠭᠦᠷ᠎ᠤᠨ ᠶᠡᠷᠦᠩᠬᠡᠢ᠌ᠯᠡᠭᠰᠡᠨ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ   ᠲᠤᠪᠴᠢᠶᠠᠨ ᠎ᠤ ᠬᠣᠶᠠᠳᠤᠭ᠋ᠠᠷ ᠰᠠᠯᠠᠭ᠋ᠠᠨ᠎ᠤ ᠳᠠᠷᠤᠭ᠎ᠠ ᠰᠢᠤᠢ ᠶᠠᠨ ᠯᠢᠨ᠂ ᠬᠠᠤᠯᠢ ᠬᠡᠷᠡᠭᠵᠢᠭᠦᠯᠬᠦ ᠭᠤᠷᠪᠠᠳᠤᠭ᠋ᠠᠷ ᠰᠠᠯᠠᠭ᠋ᠠᠨ᠎ᠤ ᠳᠠᠷᠤᠭ᠎ᠠ ᠸᠠᠩ ᠵᠢᠶᠠ ᠵᠢᠶᠠ ᠨᠡᠢ᠌ᠭᠡᠮ ᠲᠣᠭᠣᠷᠢᠭ᠎ᠤᠨ ᠣᠯᠠᠨ ᠲᠦᠮᠡᠨ᠎ᠳᠤ 《ᠵᠦᠶ ᠵᠣᠬᠢᠰ ᠥᠬᠡᠶ ᠬᠢᠮᠳᠠ ᠦᠨ᠎ᠡ ᠵᠢᠨ ᠵᠢᠭᠤᠯᠴᠢᠯᠠᠯ》᠂ ᠠᠬᠠᠮᠠᠳ ᠨᠠᠰᠤᠲᠠᠨ᠎ᠳᠤ ᠬᠤᠯᠪᠤᠭᠳᠠᠬᠤ ᠵᠢᠭᠤᠯᠴᠢᠯᠠᠯ᠎ᠤᠨ ᠮᠡᠬᠡᠯᠡᠯ᠎ᠤᠨ ᠠᠵᠢᠯᠯᠠᠭ᠎ᠠ᠂ ᠤᠷᠠᠯᠢᠭ᠎ᠤᠨ ᠪᠦᠲᠦᠭᠡᠯ᠎ᠤᠨ ᠮᠡᠬᠡᠯᠡᠯ ᠵᠡᠷᠭᠡ ᠠᠭᠤᠯᠭ᠎ᠠ ᠵᠢ ᠲᠠᠢ᠌ᠯᠪᠤᠷᠢᠯᠠᠨ ᠥᠭᠭᠦᠭᠰᠡᠨ ᠪᠥᠭᠡᠳ ᠨᠠᠰᠤᠵᠢᠯ᠎ᠤᠨ ᠠᠰᠠᠷᠠᠮᠵᠢ ᠵᠢᠨ ᠮᠡᠬᠡᠯᠡᠯ᠎ᠢ ᠰᠡᠷᠭᠡᠢ᠌ᠯᠡᠬᠦ 《ᠤᠷᠠᠨ ᠠᠷᠭ᠎ᠠ》 ᠭᠠᠷᠭ᠋ᠠᠵᠤ᠂ ᠨᠠᠰᠤᠲᠠᠢ᠌ᠴᠤᠳ᠎ᠤᠨ ᠬᠠᠤᠯᠢ ᠲᠦᠷᠢᠮ᠎ᠤᠨ ᠤᠬᠠᠮᠰᠠᠷ ᠪᠠ ᠮᠡᠬᠡᠯᠡᠯ᠎ᠢ ᠲᠠᠨᠢᠬᠤ ᠴᠢᠳᠠᠪᠤᠷᠢ ᠵᠢ ᠳᠡᠭᠡᠭᠰᠢᠯᠡᠭᠦᠯᠪᠡ᠃ ᠲᠣᠰ ᠤᠳᠠᠭ᠋ᠠᠨ᠎ᠤ ᠠᠵᠢᠯᠯᠠᠭ᠎ᠠ᠎ᠳᠤ ᠨᠡᠢ᠌ᠲᠡ 100 ᠭᠠᠷᠤᠶ ᠬᠤᠪᠢ ᠤᠬᠠᠭᠤᠯᠭ᠎ᠠ ᠵᠢᠨ ᠳᠡᠪᠲᠡᠷ᠂ ᠤᠬᠠᠭᠤᠯᠭ᠎ᠠ ᠵᠢᠨ ᠬᠠᠭᠤᠳᠠᠰᠤ ᠵᠡᠷᠭᠡ ᠡᠯ᠎ᠡ ᠲᠥᠷᠥᠯ᠎ᠤᠨ ᠨᠠᠰᠤᠵᠢᠯ᠎ᠤᠨ ᠠᠰᠠᠷᠠᠮᠵᠢ ᠵᠢᠨ ᠮᠡᠬᠡᠯᠡᠯ᠎ᠤᠨ ᠤᠬᠠᠭᠤᠯᠭ᠎ᠠ ᠵᠢᠨ ᠪᠣᠳᠠᠰ ᠲᠠᠷᠬᠠᠭ᠋ᠠᠪᠠ  ᠃

ᠢᠷᠡᠯᠲᠡ᠄ ᠬᠢᠩᠭ᠋ᠠᠨ ᠠᠢ᠌ᠮᠠᠭ᠎ᠤᠨ ᠰᠣᠶᠣᠯ ᠵᠢᠭᠤᠯᠴᠢᠯᠠᠯ ᠪᠡᠶ᠎ᠡ ᠵᠢᠨ ᠲᠠᠮᠢᠷ᠎ᠤᠨ ᠲᠣᠪᠴᠢᠶ᠎ᠠ
          
ᠬᠠᠮᠢᠶ᠎ᠡ ᠪᠦᠬᠦᠢ ᠰᠣᠨᠢᠨ
ᠪᠤᠭᠤᠲᠤ ᠬᠣᠲᠠ ᠵᠢᠨ ᠰᠣᠶᠣᠯ ᠵᠢᠭᠤᠯᠴᠢᠯᠠᠯ ᠷᠠᠳᠢᠣ᠋ ᠲᠧᠯᠸᠢᠰ᠎ᠤᠨ ᠲᠣᠪᠴᠢᠶ᠎ᠠ 《ᠰᠣᠶᠣᠯ ᠪᠠ ᠪᠠᠢ᠌ᠭ᠋ᠠᠯᠢ ᠵᠢᠨ ᠥᠪ᠎ᠤᠨ ᠡᠳᠦᠷ》᠎ᠤᠨ ᠤᠬᠠᠭᠤᠯᠭ᠎ᠠ ᠵᠢᠨ ᠠᠵᠢᠯᠯᠠᠭ᠎ᠠ ᠥᠷᠨᠢᠭᠦᠯᠪᠡ
ᠠᠯᠠᠱ᠌ᠠ ᠠᠢ᠌ᠮᠠᠭ᠎ᠤᠨ ᠵᠠᠬᠢᠷᠭ᠎ᠠ ᠪᠣᠯᠤᠨ ᠬᠤᠸᠠ ᠴᠢᠶᠤᠤ ᠴᠸᠩ ᠵᠢᠭᠤᠯᠴᠢᠯᠠᠯ᠎ᠤᠨ ᠪᠠᠯᠠ ᠣᠷᠣᠭᠤᠯᠤᠯᠲᠠ ᠵᠢᠨ ᠪᠦᠯᠦᠭᠯᠡᠯ ᠵᠢᠭᠤᠯᠴᠢᠯᠠᠯ᠎ᠤᠨ ᠡᠬᠢ ᠪᠠᠶᠠᠯᠢᠭ᠎ᠢ ᠨᠡᠭᠡᠭᠡᠨ ᠬᠥᠭᠵᠢᠭᠦᠯᠵᠦ ᠬᠠᠮᠲᠤᠷᠠᠯᠴᠠᠬᠤ ᠲᠤᠬᠠᠶ ᠰᠠᠭᠤᠳᠠᠯ᠎ᠤᠨ ᠬᠤᠷᠠᠯ ᠬᠢᠪᠠ
ᠲᠦᠩᠯᠢᠶᠣᠤ ᠬᠣᠲᠠ ᠵᠢᠨ ᠰᠣᠶᠣᠯ ᠵᠢᠭᠤᠯᠴᠢᠯᠠᠯ ᠷᠠᠳᠢᠣ᠋ ᠲᠧᠯᠸᠢᠰ᠎ᠤᠨ ᠲᠣᠪᠴᠢᠶ᠎ᠠ 2022 ᠣᠨ᠎ᠤ ᠪᠥᠬᠥ ᠬᠣᠲᠠ ᠵᠢᠨ ᠵᠢᠭᠤᠯᠴᠢᠯᠠᠯ ᠎ᠤᠨ ᠬᠥᠲᠥᠴᠢ (ᠲᠠᠢ᠌ᠯᠪᠤᠷᠢᠯᠠᠭᠴᠢ) ᠵᠢᠨ ᠪᠣᠯᠪᠠᠰᠤᠷᠠᠯ᠎ᠤᠨ ᠠᠩᠭᠢ ᠡᠷᠭᠢᠯᠡᠪᠡ
ᠪᠥᠬᠥ ᠤᠯᠤᠰ᠎ᠤᠨ ᠤᠯᠤᠰ ᠲᠥᠷᠥ ᠵᠢᠨ ᠵᠥᠪᠯᠡᠯᠭᠡᠨ᠎ᠤ ᠭᠡᠰᠢᠭᠦᠨ᠂ ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ ᠵᠢᠨ ᠵᠥᠪᠯᠡᠯᠭᠡᠨ᠎ᠤ ᠳᠡᠳ᠋ ᠲᠡᠷᠢᠭᠦᠯᠡᠭᠴᠢ ᠵᠧᠩ ᠹᠦ᠋ ᠲᠢᠶᠠᠨ ᠨᠠᠷ ᠲᠦᠩᠯᠢᠶᠣᠤ ᠬᠣᠲᠠ ᠵᠢᠨ ᠨᠣᠮ᠎ᠤᠨ ᠰᠠᠩ᠎ᠳᠤ ᠬᠦᠷᠴᠦ ᠪᠠᠢ᠌ᠴᠠᠭ᠋ᠠᠨ ᠰᠤᠳᠤᠯᠤᠯᠲᠠ ᠬᠢᠪᠠ
ᠦᠬᠠᠶ ᠵᠢᠨ ᠤᠯᠠᠭ᠋ᠠᠨᠮᠥ᠋ᠴᠢᠷ ᠨᠡᠢ᠌ᠭᠡᠮ ᠲᠣᠭᠣᠷᠢᠭ᠎ᠲᠤ ᠬᠦᠷᠴᠦ ᠵᠥᠩᠨᠡᠯ ᠳᠡᠪᠰᠢᠭᠦᠯᠪᠡ
 
            