6 ᠳ᠋ᠤᠭ᠋ᠠᠷ ᠰᠠᠷ᠎ᠠ ᠵᠢᠨ 11᠎ᠤ ᠡᠳᠦᠷ᠂ ᠬᠥᠯᠥᠨ ᠪᠣᠢ᠌ᠷ ᠬᠣᠲᠠ 2022 ᠣᠨ᠎ᠤ 《ᠰᠣᠶᠣᠯ ᠪᠠ ᠪᠠᠢ᠌ᠭ᠋ᠠᠯᠢ ᠵᠢᠨ ᠥᠪ᠎ᠤᠨ ᠡᠳᠦᠷ》 ᠵᠢᠴᠢ ᠬᠥᠯᠥᠨ ᠪᠣᠢ᠌ᠷ᠎ᠤᠨ ᠲᠡᠦᠬᠡ ᠵᠢᠨ ᠮᠦᠽᠧᠶ ᠨᠡᠭᠡᠭᠡᠬᠦ ᠠᠵᠢᠯᠯᠠᠭ᠎ᠠ ᠡᠷᠭᠢᠯᠡᠪᠡ ᠃ ᠬᠣᠲᠠ ᠵᠢᠨ ᠨᠠᠮ᠎ᠤᠨ ᠬᠣᠷᠢᠶᠠᠨ᠎ᠤ ᠪᠠᠢ᠌ᠩᠭᠤ ᠵᠢᠨ ᠭᠡᠰᠢᠭᠦᠨ᠂ ᠤᠬᠠᠭᠤᠯᠬᠤ ᠬᠡᠯᠲᠡᠰ᠎ᠤᠨ ᠳᠠᠷᠤᠭ᠎ᠠ ᠶᠠᠨ ᠯᠢ ᡁᠢ ᠠᠵᠢᠯᠯᠠᠭ᠎ᠠ ᠡᠬᠢᠯᠡᠭᠰᠡᠨ᠎ᠢ ᠵᠠᠷᠯᠠᠵᠤ᠂ ᠬᠣᠲᠠ ᠵᠢᠨ ᠤᠳᠤᠷᠢᠳᠤᠯᠭ᠎ᠠ ᠴᠢ ᠳ᠋ᠢᠶᠠᠨ ᠯᠢ᠂ ᠮᠠ ᠶᠤᠸᠠᠢ ᠳ᠋ᠦᠩ᠂ ᠬᠠᠨ ᠯᠢ ᠫᠢᠩ᠂ ᠵᠠᠩ ᡁᠢ ᠣᠷᠣᠯᠴᠠᠪᠠ ᠃ 
ᠬᠠᠨ ᠯᠢ ᠫᠢᠩ ᠪᠠᠶᠠᠷ᠎ᠤᠨ ᠦᠭᠡ᠎ᠳᠤ᠎ᠪᠠᠨ᠂ ᠤᠢ᠍ᠢ᠍ᠷ᠎ᠠ ᠵᠢᠨ ᠵᠢᠯ᠎ᠠᠴᠠ ᠬᠥᠯᠥᠨ ᠪᠤᠢ᠍ᠢ᠍ᠷ ᠬᠤᠳᠠ ᠶᠡᠷᠦᠩᠬᠡᠢ ᠱᠦᠵᠢ ᠰᠢ ᠵᠢᠨ ᠫᠢᠩ᠎ᠤᠨ ᠰᠣᠶᠣᠯ᠎ᠤᠨ ᠥᠪ᠎ᠤᠨ ᠲᠤᠬᠠᠢ ᠴᠢᠬᠤᠯᠠ ᠥᠭᠦᠯᠡᠯᠲᠡ ᠵᠢᠨ ᠵᠣᠷᠢᠭ ᠰᠠᠨᠠᠭ᠎ᠠ ᠵᠢ ᠨᠠᠷᠢᠨ ᠬᠢᠨᠠᠮᠠᠭ᠋ᠠᠢ ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ᠂ 《ᠰᠢᠨᠵᠢᠯᠡᠬᠦ ᠤᠬᠠᠭ᠋ᠠᠨᠴᠢ᠎ᠪᠠᠷ ᠲᠥᠯᠥᠪᠵᠢᠭᠦᠯᠬᠦ᠂ ᠨᠢᠭᠡᠳᠦᠯᠲᠡᠢ ᠬᠠᠮᠢᠶᠠᠷᠬᠤ᠂ ᠴᠢᠩᠭ᠎ᠠ ᠬᠠᠮᠠᠭ᠋ᠠᠯᠠᠬᠤ᠂ ᠦᠷᠭᠦᠯᠵᠢᠯᠡᠭᠦᠢ᠌ᠴᠡ ᠠᠰᠢᠭᠯᠠᠬᠤ》 ᠠᠵᠢᠯ᠎ᠤᠨ ᠣᠢ᠌ᠯᠠᠭ᠋ᠠᠭᠳᠠᠬᠤᠨ᠎ᠢ ᠪᠠᠷᠢᠮᠲᠠᠯᠠᠵᠤ᠂ ᠲᠡᠦᠬᠡ ᠵᠢᠨ ᠳᠤᠷᠠᠰᠬᠠᠯᠲᠤ ᠵᠦᠢ᠍ᠯᠡᠰ᠎ᠢ ᠬᠠᠮᠠᠭ᠋ᠠᠯᠠᠬᠤ ᠢᠨᠵᠧᠨᠧᠷᠢᠩ᠂ ᠠᠪᠤᠷᠠᠯᠳᠠ ᠵᠢᠨ ᠴᠢᠨᠠᠷᠲᠠᠢ ᠲᠡᠮᠳᠡᠭᠯᠡᠯ᠎ᠤᠨ ᠢᠨᠵᠧᠨᠧᠷᠢᠩ ᠪᠣᠯᠤᠨ ᠪᠣᠳᠠᠰ᠎ᠤᠨ ᠪᠤᠰᠤ ᠰᠣᠶᠣᠯ᠎ᠤᠨ ᠥᠪ᠎ᠤᠨ ᠳ᠋ᠠᠢ᠌ᠲ᠋ᠠ ᠬᠥᠮᠥᠷᠭᠡ ᠵᠢᠨ ᠪᠠᠢ᠌ᠭᠤᠯᠤᠯᠲᠠ ᠵᠢ ᠶᠡᠬᠡ᠎ᠪᠠᠷ ᠬᠡᠷᠡᠭᠵᠢᠭᠦᠯᠵᠦ᠂ ᠪᠣᠳᠠᠰ᠎ᠤᠨ ᠪᠤᠰᠤ ᠰᠣᠶᠣᠯ᠎ᠤᠨ ᠥᠪ᠎ᠤᠨ ᠨᠡᠷᠡᠰ᠎ᠤᠨ ᠵᠢᠭᠰᠠᠭ᠋ᠠᠯᠲᠠ ᠪᠣᠯᠤᠨ ᠲᠦᠷᠦᠯ ᠵᠦᠢ᠍ᠯ᠎ᠤᠨ ᠬᠠᠮᠠᠭ᠋ᠠᠯᠠᠯᠲᠠ ᠵᠢᠨ ᠰᠢᠰᠲ᠋ᠧᠮ᠎ᠤᠨ ᠪᠠᠢ᠌ᠭᠤᠯᠤᠯᠲᠠ ᠵᠢ ᠲᠦᠷᠭᠡᠳᠬᠡᠵᠦ᠂ 《ᠬᠥᠯᠥᠨ ᠪᠤᠢ᠍ᠢ᠍ᠷ ᠬᠤᠳᠠ ᠵᠢᠨ ᠪᠣᠳᠠᠰ᠎ᠤᠨ ᠪᠤᠰᠤ ᠰᠣᠶᠣᠯ᠎ᠤᠨ ᠥᠪ᠎ᠤᠨ ᠲᠥᠯᠥᠭᠡᠯᠡᠬᠦ ᠴᠢᠨᠠᠷᠲᠠᠢ ᠤᠯᠠᠮᠵᠢᠯᠠᠨ ᠵᠠᠯᠭ᠋ᠠᠮᠵᠢᠯᠠᠭᠴᠢ ᠵᠢ ᠬᠠᠮᠠᠭ᠋ᠠᠯᠠᠨ ᠬᠠᠮᠢᠶᠠᠷᠬᠤ ᠲᠦᠷᠢᠮ》᠎ᠢ ᠲᠣᠭᠲᠠᠭ᠋ᠠᠵᠤ᠂ ᠭᠣᠣᠯᠳᠠᠯᠭ᠎ᠠ᠎ᠲᠠᠢ ᠲᠦᠷᠦᠯ ᠵᠦᠢ᠍ᠯ᠎ᠤᠨ ᠪᠦᠳᠦᠭᠡᠨ ᠪᠠᠢ᠌ᠭᠤᠯᠤᠯᠲᠠ ᠵᠢ ᠬᠦᠴᠦᠯᠡᠨ ᠠᠬᠢᠭᠤᠯᠪᠠ᠃ ᠤᠲᠤᠬᠠᠨ᠎ᠳᠤ᠂ ᠰᠣᠶᠣᠯ ᠵᠢᠭᠤᠯᠴᠢᠯᠠᠯ᠎ᠤᠨ ᠠᠭᠤᠰᠤᠯᠴᠠᠨ ᠬᠥᠭᠵᠢᠬᠦ ᠵᠢ ᠶᠡᠬᠡ᠎ᠪᠠᠷ ᠠᠬᠢᠭᠤᠯᠵᠤ᠂ 《ᠪᠣᠳᠠᠰ᠎ᠤᠨ ᠪᠤᠰᠤ ᠰᠣᠶᠣᠯ᠎ᠤᠨ ᠥᠪ + ᠵᠢᠭᠤᠯᠴᠢᠯᠠᠯ》᠂ 《ᠰᠣᠶᠣᠯ᠎ᠤᠨ ᠦᠵᠡᠰᠬᠦᠯᠡᠩ + ᠵᠢᠭᠤᠯᠴᠢᠯᠠᠯ》᠎ᠤᠨ ᠬᠡᠯᠪᠡᠷᠢ᠎ᠳᠤ ᠲᠠᠰᠤᠷᠠᠯᠲᠠ ᠥᠬᠡᠶ ᠰᠢᠨ᠎ᠡ ᠵᠢ ᠡᠭᠦᠳᠴᠦ᠂ ᠠᠯᠢ ᠣᠯᠠᠨ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠳᠡᠯᠭᠡᠨ ᠦᠵᠡᠭᠦᠯᠬᠦ ᠲᠣᠭᠯᠠᠯᠲᠠ ᠵᠢᠨ ᠠᠵᠢᠯᠯᠠᠭ᠎ᠠ ᠵᠢ ᠥᠷᠨᠢᠭᠦᠯᠵᠦ᠂ ᠲᠡᠦᠬᠡ ᠵᠢᠨ ᠳᠤᠷᠠᠰᠬᠠᠯᠲᠤ ᠵᠦᠢᠯᠡᠰ ᠪᠠ ᠰᠣᠶᠣᠯ᠎ᠤᠨ ᠥᠪ᠎ᠢ ᠦᠨᠡᠨ ᠬᠦ᠌ ᠠᠮᠢᠵᠢᠷᠠᠯ᠎ᠤᠨ ᠬᠦᠴᠦᠨ᠎ᠲᠠᠢ ᠪᠤᠯᠭ᠋ᠠᠪᠠ᠃
ᠣᠢ᠌ᠯᠠᠭ᠋ᠠᠭᠰᠠᠨ ᠵᠶ᠋ᠠᠷ᠂ ᠣᠳᠣᠬᠠᠨ᠎ᠳᠤ ᠪᠥᠬᠥ ᠬᠣᠲᠠ᠎ᠳᠤ ᠨᠢᠭᠡᠨᠲᠡ ᠮᠠᠭ᠋ᠠᠳᠯᠠᠨ ᠲᠤᠭᠲᠠᠭ᠋ᠠᠭᠰᠠᠨ ᠡᠯ᠎ᠡ ᠲᠥᠷᠥᠯ᠎ᠤᠨ ᠰᠢᠯᠵᠢᠭᠦᠯᠵᠦ ᠪᠣᠯᠤᠰᠢ ᠥᠬᠡᠶ ᠲᠡᠦᠬᠡ ᠵᠢᠨ ᠳᠤᠷᠠᠰᠬᠠᠯᠲᠤ ᠵᠦᠢᠯᠡᠰ795 ᠂ ᠪᠥᠬᠥ ᠤᠯᠤᠰ᠎ᠤᠨ ᠭᠣᠤᠯᠳᠠᠯᠭ᠎ᠠ᠎ᠲᠠᠢ ᠲᠡᠦᠬᠡ ᠵᠢᠨ ᠳᠤᠷᠠᠰᠬᠠᠯᠲᠤ ᠵᠦᠢᠯᠡᠰ᠎ᠤᠨ ᠬᠠᠮᠠᠭ᠋ᠠᠯᠠᠯᠲᠠ ᠵᠢᠨ ᠨᠢᠭᠡᠴᠢ 13᠂ ᠥᠪᠡᠷᠲᠡᠭᠡᠨ ᠵᠠᠰᠠᠬᠤ ᠣᠷᠣᠨ᠎ᠤ ᠲᠠᠰ᠎ᠤᠨ ᠲᠡᠦᠬᠡ ᠵᠢᠨ ᠳᠤᠷᠠᠰᠬᠠᠯᠲᠤ ᠵᠦᠢᠯᠡᠰ᠎ᠤᠨ ᠬᠠᠮᠠᠭ᠋ᠠᠯᠠᠯᠲᠠ ᠵᠢᠨ ᠨᠢᠭᠡᠴᠢ 36 ᠪᠠᠢ᠌ᠨ᠎ᠠ᠃ ᠤᠯᠤᠰ᠎ᠤᠨ ᠲᠠᠰ᠎ᠤᠨ ᠪᠣᠳᠠᠰ᠎ᠤᠨ ᠪᠤᠰᠤ ᠰᠣᠶᠣᠯ᠎ᠤᠨ ᠥᠪ᠎ᠤᠨ 18 ᠲᠥᠷᠥᠯ ᠵᠦᠢ᠍ᠯ᠂ ᠥᠪᠡᠷᠲᠡᠭᠡᠨ ᠵᠠᠰᠠᠬᠤ ᠣᠷᠣᠨ᠎ᠤ ᠲᠠᠰ᠎ᠤᠨ ᠪᠣᠳᠠᠰ᠎ᠤᠨ ᠪᠤᠰᠤ ᠰᠣᠶᠣᠯ᠎ᠤᠨ ᠥᠪ 123 ᠲᠥᠷᠥᠯ᠎ᠳᠤ ᠵᠢᠭᠰᠠᠭ᠋ᠠᠭᠳᠠᠵᠤ᠂ ᠪᠥᠬᠥ ᠬᠣᠲᠠ ᠵᠢᠨ ᠲᠡᠦᠬᠡ ᠵᠢᠨ ᠳᠤᠷᠠᠰᠬᠠᠯᠲᠤ ᠵᠦᠢᠯᠡᠰ᠎ᠢ ᠬᠠᠮᠠᠭ᠋ᠠᠯᠠᠵᠤ ᠠᠰᠢᠭᠯᠠᠬᠤ ᠪᠠ ᠰᠣᠶᠣᠯ᠎ᠤᠨ ᠥᠪ᠎ᠢ ᠬᠠᠮᠠᠭ᠋ᠠᠯᠠᠵᠤ ᠤᠯᠠᠮᠵᠢᠯᠠᠨ ᠵᠠᠯᠭ᠋ᠠᠮᠵᠢᠯᠠᠬᠤ ᠠᠵᠢᠯ ᠪᠥᠬᠥ ᠣᠷᠣᠨ᠎ᠤ ᠡᠮᠦᠨ᠎ᠡ ᠡᠩᠨᠡᠭᠡᠨ᠎ᠳᠤ ᠣᠷᠣᠪᠠ ᠃