ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠰᠤᠷᠠᠭ ᠵᠠᠩᠬᠢ
ᠬᠡᠷᠡᠭᠯᠡᠭᠡ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠠᠶ᠋ᠢᠮᠠᠭ ᠬᠤᠲᠠ᠎ᠶᠢᠨ ᠰᠣᠨᠣᠰᠬᠠᠯ
2022 ᠣᠨ᠎ᠤ ᠬᠢᠩᠭ᠋ᠠᠨ ᠠᠢ᠌ᠮᠠᠭ᠎ᠤᠨ ᠪᠣᠳᠠᠰ᠎ᠤᠨ ᠪᠤᠰᠤ ᠰᠣᠶᠣᠯ᠎ᠤᠨ ᠥᠪ᠎ᠤᠨ ᠤᠯᠠᠮᠵᠢᠯᠠᠨ ᠵᠠᠯᠭ᠋ᠠᠮᠵᠢᠯᠠᠭᠴᠢᠳ᠎ᠤᠨ ᠰᠤᠳᠤᠯᠤᠨ ᠪᠣᠯᠪᠠᠰᠤᠷᠠᠭᠤᠯᠬᠤ ᠠᠩᠭᠢ ᠡᠬᠢᠯᠡᠪᠡ
ᠨᠡᠶᠢᠲᠡᠯᠡᠭᠰᠡᠨ ᠴᠠᠭ᠄ 2022-06-23

      ᠶᠡᠷᠦᠩᠬᠡᠶ ᠱᠦᠵᠢ ᠰᠢ ᠵᠢᠨ ᠫᠢᠩ᠎ᠤᠨ ᠪᠣᠳᠠᠰ᠎ᠤᠨ ᠪᠤᠰᠤ ᠰᠣᠶᠣᠯ᠎ᠤᠨ ᠥᠪ᠎ᠢ ᠬᠠᠮᠠᠭ᠋ᠠᠯᠠᠬᠤ ᠠᠵᠢᠯ᠎ᠤᠨ ᠲᠤᠬᠠᠶ ᠴᠢᠬᠤᠯᠠ ᠶᠠᠷᠢᠶᠠᠨ᠎ᠤ ᠵᠣᠷᠢᠭ ᠰᠠᠨᠠᠭ᠎ᠠ ᠪᠠ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠠᠰᠠᠭ᠎ᠤᠨ ᠣᠷᠳᠣᠨ᠎ᠤ《ᠬᠣᠶᠠᠷ᠎ᠢ ᠡᠭᠦᠳᠬᠦ》ᠠᠵᠢᠯ᠎ᠤᠨ ᠱᠠᠭ᠋ᠠᠷᠳᠠᠯᠭ᠎ᠠ ᠵᠢ ᠲᠤᠭᠤᠰᠢᠯᠠᠭᠤᠯᠤᠨ ᠨᠠᠢ᠌ᠳᠠᠪᠤᠷᠢᠵᠢᠭᠤᠯᠬᠤ ᠵᠢᠨ ᠲᠥᠯᠥᠭᠡ᠂ 6 ᠳ᠋ᠤᠭ᠋ᠠᠷ ᠰᠠᠷ᠎ᠠ ᠵᠢᠨ 13᠎ᠤ ᠡᠳᠦᠷ᠂ ᠬᠢᠩᠭ᠋ᠠᠨ ᠠᠢ᠌ᠮᠠᠭ᠎ᠤᠨ ᠰᠣᠶᠣᠯ ᠵᠢᠭᠤᠯᠴᠢᠯᠠᠯ ᠪᠡᠶ᠎ᠡ ᠵᠢᠨ ᠲᠠᠮᠢᠷ᠎ᠤᠨ ᠲᠣᠪᠴᠢᠶ᠎ᠠ ᠭᠣᠤᠯᠯᠠᠨ ᠡᠷᠭᠢᠯᠡᠵᠦ᠂ ᠬᠢᠩᠭ᠋ᠠᠨ ᠠᠢ᠌ᠮᠠᠭ᠎ᠤᠨ ᠳ᠋ᠠ ᠴᠧᠩ ᠠᠵᠢᠯ ᠮᠡᠷᠭᠡᠵᠢᠯ᠎ᠤᠨ ᠪᠣᠯᠪᠠᠰᠤᠷᠠᠯ᠎ᠤᠨ ᠰᠤᠷᠭ᠋ᠠᠭᠤᠯᠢ ᠳᠠᠭ᠋ᠠᠭ᠋ᠠᠴᠢᠯᠠᠨ ᠡᠷᠭᠢᠯᠡᠭᠰᠡᠨ 《ᠳᠤᠮᠳᠠᠳᠤ ᠤᠯᠤᠰ᠎ᠤᠨ ᠪᠣᠳᠠᠰ᠎ᠤᠨ ᠪᠤᠰᠤ ᠰᠣᠶᠣᠯ᠎ᠤᠨ ᠥᠪ᠎ᠤᠨ ᠤᠯᠠᠮᠵᠢᠯᠠᠭᠴᠢ ᠵᠢ ᠰᠤᠳᠤᠯᠤᠨ ᠪᠣᠯᠪᠠᠰᠤᠷᠠᠭᠤᠯᠬᠤ ᠲᠥᠯᠥᠪᠯᠡᠭᠡ — ᠮᠣᠷᠢᠨ ᠬᠤᠭᠤᠷ ᠬᠥᠭᠵᠢᠮᠳᠡᠬᠦ ᠤᠷ᠎ᠠ ᠮᠡᠷᠭᠡᠵᠢᠯ᠂ ᠬᠣᠷᠴᠢᠨ ᠭᠡᠰᠡᠷ᠎ᠤᠨ ᠪᠣᠯᠪᠠᠰᠤᠷᠠᠯ᠎ᠤᠨ ᠠᠩᠭᠢ》 ᠤᠯᠠᠭ᠋ᠠᠨᠬᠣᠲᠠ᠎ᠳᠤ ᠬᠢᠴᠢᠶᠡᠯ ᠡᠬᠢᠯᠡᠪᠡ  ᠃

      ᠲᠤᠰ ᠤᠳᠠᠭ᠋ᠠᠨ᠎ᠤ ᠪᠣᠯᠪᠠᠰᠤᠷᠠᠯ 10 ᠡᠳᠦᠷ ᠶᠠᠪᠤᠭᠳᠠᠵᠤ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠷᠠᠯᠢᠭ ᠎ᠤᠨ ᠰᠤᠳᠤᠯᠭ᠋ᠠᠨ᠎ᠤ ᠬᠦᠷᠢᠶᠡᠯᠡᠩ᠂ ᠥᠪᠥᠷ ᠮᠣᠩᠭᠣᠯ᠎ᠤᠨ ᠨᠡᠢ᠌ᠭᠡᠮ᠎ᠤᠨ ᠰᠢᠨᠵᠢᠯᠡᠬᠦ ᠤᠬᠠᠭ᠋ᠠᠨ᠎ᠤ ᠬᠦᠷᠢᠶᠡᠯᠡᠩ᠎ᠤᠨ ᠤᠳᠬ᠎ᠠ ᠵᠣᠬᠢᠶᠠᠯ ᠰᠤᠳᠤᠯᠬᠤ ᠭᠠᠵᠠᠷ᠂ ᠥᠪᠥᠷ ᠮᠣᠩᠭᠣᠯ᠎ᠤᠨ ᠷᠠᠳᠢᠣ᠋ ᠲᠧᠯᠸᠢᠰ ᠬᠣᠷᠢᠢ᠎ᠠ ᠵᠡᠷᠭᠡ ᠨᠢᠭᠡᠴᠢ ᠵᠢᠨ ᠪᠠᠭᠰᠢ ᠵᠢ ᠤᠷᠢᠵᠤ ᠬᠢᠴᠢᠶᠡᠯ ᠣᠷᠣᠭᠤᠯᠪᠠ  ᠃ ᠬᠢᠩᠭ᠋ᠠᠨ ᠠᠢ᠌ᠮᠠᠭ᠎ᠤᠨ ᠮᠣᠷᠢᠨ ᠬᠤᠭᠤᠷ ᠬᠥᠭᠵᠢᠮᠳᠡᠬᠦ ᠤᠷ᠎ᠠ ᠮᠡᠷᠭᠡᠵᠢᠯ ᠪᠠ ᠭᠡᠰᠡᠷ᠎ᠤᠨ ᠤᠯᠠᠮᠵᠢᠯᠠᠭᠴᠢ ᠵᠡᠷᠭᠡ 60 ᠰᠤᠷᠤᠯᠭ᠋ᠠᠲᠠᠨ ᠪᠣᠯᠪᠠᠰᠤᠷᠠᠯ᠎ᠳᠤ ᠣᠷᠣᠯᠴᠠᠪᠠ  ᠃
      ᠬᠢᠩᠭ᠋ᠠᠨ ᠠᠢ᠌ᠮᠠᠭ᠎ᠤᠨ ᠰᠣᠶᠣᠯ᠎ᠤᠨ ᠰᠠᠭᠤᠷᠢ ᠵᠤᠵᠠᠭ᠋ᠠᠨ᠂ ᠠᠷᠪᠠᠨ ᠶᠡᠬᠡ ᠲᠥᠷᠥᠯ᠂ 400 ᠭᠠᠷᠤᠶ ᠵᠦᠢᠯ᠎ᠤᠨ ᠪᠣᠳᠠᠰ᠎ᠤᠨ ᠪᠤᠰᠤ ᠰᠣᠶᠣᠯ᠎ᠤᠨ ᠥᠪ᠎ᠲᠠᠢ᠂ ᠤᠯᠤᠰ᠎ᠤᠨ ᠲᠠᠰ᠎ᠤᠨ ᠲᠥᠯᠥᠭᠡᠯᠡᠬᠦ ᠴᠢᠨᠠᠷᠲᠠᠶ ᠤᠯᠠᠮᠵᠢᠯᠠᠨ ᠵᠠᠯᠭ᠋ᠠᠮᠵᠢᠯᠠᠭᠴᠢ 6 ᠬᠥᠮᠦᠨ᠂ ᠥᠪᠡᠷᠲᠡᠭᠡᠨ ᠵᠠᠰᠠᠬᠤ ᠣᠷᠣᠨ᠎ᠤ ᠲᠠᠰ᠎ᠤᠨ ᠲᠥᠯᠥᠭᠡᠯᠡᠬᠦ ᠴᠢᠨᠠᠷᠲᠠᠶ ᠤᠯᠠᠮᠵᠢᠯᠠᠨ ᠵᠠᠯᠭ᠋ᠠᠮᠵᠢᠯᠠᠭᠴᠢ 65 ᠬᠥᠮᠦᠨ᠂ ᠠᠢ᠌ᠮᠠᠭ᠎ᠤᠨ ᠲᠠᠰ᠎ᠤᠨ ᠲᠥᠯᠥᠭᠡᠯᠡᠬᠦ ᠴᠢᠨᠠᠷᠲᠠᠶ ᠤᠯᠠᠮᠵᠢᠯᠠᠨ ᠵᠠᠯᠭ᠋ᠠᠮᠵᠢᠯᠠᠭᠴᠢ 468 ᠬᠥᠮᠦᠨ᠂ ᠬᠣᠰᠢᠭᠤ ᠰᠢᠶᠠᠨ ᠬᠣᠲᠠ ᠵᠢᠨ ᠲᠠᠰ᠎ᠤᠨ ᠲᠥᠯᠥᠭᠡᠯᠡᠬᠦ ᠴᠢᠨᠠᠷᠲᠠᠶ ᠤᠯᠠᠮᠵᠢᠯᠠᠨ ᠵᠠᠯᠭ᠋ᠠᠮᠵᠢᠯᠠᠭᠴᠢ 850 ᠬᠥᠮᠦᠨ ᠪᠠᠢ᠌ᠵᠤ᠂ ᠨᠡᠯᠢᠶᠡᠳ ᠪᠦᠷᠢᠨ ᠲᠡᠭᠦᠯᠳᠡᠷ ᠪᠣᠳᠠᠰ᠎ᠤᠨ ᠪᠤᠰᠤ ᠰᠣᠶᠣᠯ᠎ᠤᠨ ᠤᠯᠠᠮᠵᠢᠯᠠᠨ ᠬᠠᠮᠠᠭ᠋ᠠᠯᠠᠬᠤ ᠰᠢᠰᠲᠸᠮ᠎ᠢ ᠪᠣᠶ ᠪᠣᠯᠭ᠋ᠠᠭᠰᠠᠨ ᠪᠠᠢ᠌ᠨ᠎ᠠ᠃ ᠲᠣᠰ ᠤᠳᠠᠭ᠋ᠠᠨ᠎ᠤ ᠪᠣᠯᠪᠠᠰᠤᠷᠠᠯ ᠵᠶ᠋ᠠᠷ ᠳᠡᠮᠵᠢᠨ ᠪᠣᠳᠠᠰ᠎ᠤᠨ ᠪᠤᠰᠤ ᠰᠣᠶᠣᠯ᠎ᠤᠨ ᠥᠪ᠎ᠤᠨ ᠤᠯᠠᠮᠵᠢᠯᠠᠭᠴᠢ ᠵᠢᠨ ᠤᠯᠠᠮᠵᠢᠯᠠᠨ ᠵᠠᠯᠭ᠋ᠠᠮᠵᠢᠯᠠᠬᠤ ᠴᠢᠳᠠᠪᠤᠷᠢ ᠪᠠ ᠤᠷ᠎ᠠ ᠮᠡᠷᠭᠡᠵᠢᠯ᠎ᠤᠨ ᠲᠦᠪᠰᠢᠨ᠎ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠪᠣᠳᠠᠰ᠎ᠤᠨ ᠪᠤᠰᠤ ᠰᠣᠶᠣᠯ᠎ᠤᠨ ᠥᠪ᠎ᠤᠨ ᠰᠠᠭᠤᠷᠢ ᠵᠢ ᠲᠠᠰᠤᠷᠠᠯᠲᠠ ᠥᠬᠡᠶ ᠪᠡᠬᠢᠵᠢᠭᠦᠯᠵᠦ᠂ ᠬᠢᠩᠭ᠋ᠠᠨ ᠠᠢ᠌ᠮᠠᠭ᠎ᠤᠨ ᠪᠣᠳᠠᠰ᠎ᠤᠨ ᠪᠤᠰᠤ ᠰᠣᠶᠣᠯ᠎ᠤᠨ ᠥᠪ᠎ᠢ ᠬᠠᠮᠠᠭ᠋ᠠᠯᠠᠵᠤ ᠤᠯᠠᠮᠵᠢᠯᠠᠨ ᠵᠠᠯᠭ᠋ᠠᠮᠵᠢᠯᠠᠬᠤ ᠠᠵᠢᠯ᠎ᠤᠨ ᠳᠠᠬᠢᠨ ᠰᠢᠨ᠎ᠡ ᠳᠡᠭᠲᠡᠷ᠎ᠲᠤ ᠭᠠᠷᠴᠤ᠂ ᠳᠠᠬᠢᠨ ᠰᠢᠨ᠎ᠡ ᠠᠮᠵᠢᠯᠲᠠ ᠪᠦᠲᠦᠮᠵᠢ ᠤᠯᠬᠤ ᠵᠢ ᠠᠬᠢᠭᠤᠯᠬᠤ ᠪᠣᠯᠤᠨ᠎ᠠ᠃

ᠢᠷᠡᠯᠲᠡ᠄ ᠬᠢᠩᠭ᠋ᠠᠨ ᠠᠢ᠌ᠮᠠᠭ᠎ᠤᠨ ᠰᠣᠶᠣᠯ ᠵᠢᠭᠤᠯᠴᠢᠯᠠᠯ ᠪᠡᠶ᠎ᠡ ᠵᠢᠨ ᠲᠠᠮᠢᠷ᠎ᠤᠨ ᠲᠣᠪᠴᠢᠶ᠎ᠠ
          
ᠬᠠᠮᠢᠶ᠎ᠡ ᠪᠦᠬᠦᠢ ᠰᠣᠨᠢᠨ
ᠬᠢᠩᠭ᠋ᠠᠨ ᠠᠢ᠌ᠮᠠᠭ᠎ᠤᠨ ᠰᠣᠶᠣᠯ ᠵᠢᠭᠤᠯᠴᠢᠯᠠᠯ ᠪᠡᠶ᠎ᠡ ᠵᠢᠨ ᠲᠠᠮᠢᠷ᠎ᠤᠨ ᠲᠣᠪᠴᠢᠶ᠎ᠠ ᠨᠠᠰᠤᠵᠢᠯ᠎ᠤᠨ ᠠᠰᠠᠷᠠᠮᠵᠢ ᠵᠢᠨ ᠮᠡᠬᠡᠯᠡᠯ᠎ᠳᠤ ᠴᠣᠬᠢᠯᠲᠠ ᠥᠭᠴᠦ ᠴᠡᠭᠴᠡᠯᠡᠨ ᠵᠠᠰᠠᠬᠤ ᠤᠬᠠᠭᠤᠯᠭ᠎ᠠ ᠵᠢᠨ ᠠᠵᠢᠯᠯᠠᠭ᠎ᠠ ᠥᠷᠨᠢᠭᠦᠯᠪᠡ
ᠪᠤᠭᠤᠲᠤ ᠬᠣᠲᠠ ᠵᠢᠨ ᠰᠣᠶᠣᠯ ᠵᠢᠭᠤᠯᠴᠢᠯᠠᠯ ᠷᠠᠳᠢᠣ᠋ ᠲᠧᠯᠸᠢᠰ᠎ᠤᠨ ᠲᠣᠪᠴᠢᠶ᠎ᠠ 《ᠰᠣᠶᠣᠯ ᠪᠠ ᠪᠠᠢ᠌ᠭ᠋ᠠᠯᠢ ᠵᠢᠨ ᠥᠪ᠎ᠤᠨ ᠡᠳᠦᠷ》᠎ᠤᠨ ᠤᠬᠠᠭᠤᠯᠭ᠎ᠠ ᠵᠢᠨ ᠠᠵᠢᠯᠯᠠᠭ᠎ᠠ ᠥᠷᠨᠢᠭᠦᠯᠪᠡ
ᠠᠯᠠᠱ᠌ᠠ ᠠᠢ᠌ᠮᠠᠭ᠎ᠤᠨ ᠵᠠᠬᠢᠷᠭ᠎ᠠ ᠪᠣᠯᠤᠨ ᠬᠤᠸᠠ ᠴᠢᠶᠤᠤ ᠴᠸᠩ ᠵᠢᠭᠤᠯᠴᠢᠯᠠᠯ᠎ᠤᠨ ᠪᠠᠯᠠ ᠣᠷᠣᠭᠤᠯᠤᠯᠲᠠ ᠵᠢᠨ ᠪᠦᠯᠦᠭᠯᠡᠯ ᠵᠢᠭᠤᠯᠴᠢᠯᠠᠯ᠎ᠤᠨ ᠡᠬᠢ ᠪᠠᠶᠠᠯᠢᠭ᠎ᠢ ᠨᠡᠭᠡᠭᠡᠨ ᠬᠥᠭᠵᠢᠭᠦᠯᠵᠦ ᠬᠠᠮᠲᠤᠷᠠᠯᠴᠠᠬᠤ ᠲᠤᠬᠠᠶ ᠰᠠᠭᠤᠳᠠᠯ᠎ᠤᠨ ᠬᠤᠷᠠᠯ ᠬᠢᠪᠠ
ᠲᠦᠩᠯᠢᠶᠣᠤ ᠬᠣᠲᠠ ᠵᠢᠨ ᠰᠣᠶᠣᠯ ᠵᠢᠭᠤᠯᠴᠢᠯᠠᠯ ᠷᠠᠳᠢᠣ᠋ ᠲᠧᠯᠸᠢᠰ᠎ᠤᠨ ᠲᠣᠪᠴᠢᠶ᠎ᠠ 2022 ᠣᠨ᠎ᠤ ᠪᠥᠬᠥ ᠬᠣᠲᠠ ᠵᠢᠨ ᠵᠢᠭᠤᠯᠴᠢᠯᠠᠯ ᠎ᠤᠨ ᠬᠥᠲᠥᠴᠢ (ᠲᠠᠢ᠌ᠯᠪᠤᠷᠢᠯᠠᠭᠴᠢ) ᠵᠢᠨ ᠪᠣᠯᠪᠠᠰᠤᠷᠠᠯ᠎ᠤᠨ ᠠᠩᠭᠢ ᠡᠷᠭᠢᠯᠡᠪᠡ
ᠪᠥᠬᠥ ᠤᠯᠤᠰ᠎ᠤᠨ ᠤᠯᠤᠰ ᠲᠥᠷᠥ ᠵᠢᠨ ᠵᠥᠪᠯᠡᠯᠭᠡᠨ᠎ᠤ ᠭᠡᠰᠢᠭᠦᠨ᠂ ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ ᠵᠢᠨ ᠵᠥᠪᠯᠡᠯᠭᠡᠨ᠎ᠤ ᠳᠡᠳ᠋ ᠲᠡᠷᠢᠭᠦᠯᠡᠭᠴᠢ ᠵᠧᠩ ᠹᠦ᠋ ᠲᠢᠶᠠᠨ ᠨᠠᠷ ᠲᠦᠩᠯᠢᠶᠣᠤ ᠬᠣᠲᠠ ᠵᠢᠨ ᠨᠣᠮ᠎ᠤᠨ ᠰᠠᠩ᠎ᠳᠤ ᠬᠦᠷᠴᠦ ᠪᠠᠢ᠌ᠴᠠᠭ᠋ᠠᠨ ᠰᠤᠳᠤᠯᠤᠯᠲᠠ ᠬᠢᠪᠠ
 
            