ᠣᠢ᠌ᠷ᠎ᠠ᠎ᠳᠤ᠂ ᠲᠦᠩᠯᠢᠶᠣᠤ ᠬᠣᠲᠠ ᠵᠢᠨ ᠰᠣᠶᠣᠯ ᠵᠢᠭᠤᠯᠴᠢᠯᠠᠯ ᠷᠠᠳᠢᠣ᠋ ᠲᠧᠯᠸᠢᠰ᠎ᠤᠨ ᠲᠣᠪᠴᠢᠶ᠎ᠠ ᠪᠣᠯᠤᠨ ᠰᠣᠶᠣᠯ᠎ᠤᠨ ᠵᠠᠬ᠎ᠠ ᠳᠡᠯᠭᠡᠭᠦᠷ᠎ᠤᠨ ᠶᠡᠷᠦᠩᠬᠡᠢ᠌ᠯᠡᠭᠰᠡᠨ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠲᠣᠪᠴᠢᠶ᠎ᠠ ᠰᠣᠶᠣᠯ ᠵᠢᠭᠤᠯᠴᠢᠯᠠᠯ᠎ᠤᠨ ᠵᠠᠬ᠎ᠠ ᠳᠡᠯᠭᠡᠭᠦᠷ᠎ᠤᠨ ᠬᠦᠷᠢᠶᠡᠨ᠎ᠳᠤ᠎ᠬᠢ ᠨᠠᠰᠤᠵᠢᠯ᠎ᠤᠨ ᠠᠰᠠᠷᠠᠮᠵᠢ ᠵᠢᠨ ᠮᠡᠬᠡᠯᠡᠯ᠎ᠳᠤ ᠴᠣᠬᠢᠯᠲᠠ ᠥᠭᠬᠦ ᠲᠤᠰᠬᠠᠶ ᠠᠵᠢᠯᠯᠠᠭ᠎ᠠ ᠥᠷᠨᠢᠭᠦᠯᠵᠦ᠂ ᠨᠠᠰᠤᠲᠠᠢ᠌ᠴᠤᠳ᠎ᠤᠨ ᠬᠠᠤᠯᠢ ᠶᠣᠰᠣᠨ᠎ᠤ ᠡᠷᠬᠡ ᠠᠰᠢᠭ᠎ᠢ ᠦᠨᠡᠨ ᠬᠦ᠌ ᠬᠠᠮᠠᠭ᠋ᠠᠯᠠᠪᠠ᠃
ᠤᠬᠠᠭᠤᠯᠤᠨ ᠳᠠᠢ᠌ᠴᠢᠯᠠᠬᠤ᠎ᠪᠠᠨ ᠡᠷᠴᠢᠮᠵᠢᠭᠦᠯᠵᠦ᠂ ᠰᠡᠷᠭᠡᠢ᠌ᠯᠡᠬᠦ ᠤᠬᠠᠮᠰᠠᠷ᠎ᠢ ᠴᠢᠩᠭ᠋ᠠᠳᠬᠠᠪᠠ᠃ ᠪᠥᠬᠥ ᠬᠣᠲᠠ ᠵᠢᠨ ᠬᠣᠶᠠᠷ ᠱᠠᠲᠤᠨ᠎ᠤ ᠰᠣᠶᠣᠯ ᠪᠠ ᠵᠢᠭᠤᠯᠴᠢᠯᠠᠯ᠎ᠤᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ ᠮᠦᠽᠧᠶ᠂ ᠰᠣᠶᠣᠯ᠎ᠤᠨ ᠣᠷᠳᠣᠨ᠂ ᠦᠵᠡᠮᠵᠢ ᠵᠢᠨ ᠣᠷᠣᠨ ᠵᠡᠷᠭᠡ ᠣᠯᠠᠨ ᠨᠡᠢ᠌ᠲᠡ ᠵᠢᠨ ᠲᠠᠯᠠᠪᠤᠷ᠎ᠤᠨ LED ᠳᠡᠯᠭᠡᠴᠡ ᠵᠢ ᠭᠦᠢᠴᠡᠳ ᠠᠰᠢᠭᠯᠠᠨ ᠨᠠᠰᠤᠵᠢᠯ᠎ᠤᠨ ᠠᠰᠠᠷᠠᠮᠵᠢ ᠵᠢᠨ ᠮᠡᠬᠡᠯᠡᠯ᠎ᠢ ᠰᠡᠷᠭᠡᠢ᠌ᠯᠡᠬᠦ ᠤᠬᠠᠭᠤᠯᠭ᠎ᠠ ᠵᠢᠨ ᠤᠷᠢᠶ᠎ᠠ ᠯᠣᠽᠦ᠋ᠩᠢ ᠡᠷᠭᠢᠯᠳᠦᠭᠦᠯᠦᠨ ᠨᠡᠪᠲᠡᠷᠡᠭᠦᠯᠵᠦ᠂ ᠲᠢᠭ ᠲᠤᠭ ᠲᠠᠪᠴᠠᠩ᠂ ᠨᠢᠭᠡᠴᠢ ᠵᠢᠨ ᠣᠯᠠᠨ ᠨᠡᠢ᠌ᠲᠡ ᠵᠢᠨ ᠳ᠋ᠤᠭ᠋ᠠᠷ ᠵᠡᠷᠭᠡ ᠵᠠᠭᠤᠴᠢᠯᠠᠭᠤᠷ᠎ᠢ ᠠᠰᠢᠭᠯᠠᠨ 《ᠮᠡᠬᠡᠯᠡᠯ᠎ᠢ ᠰᠡᠷᠭᠡᠢ᠌ᠯᠡᠬᠦ》 ᠮᠡᠳᠡᠯᠭᠡ ᠵᠢ ᠤᠬᠠᠭᠤᠯᠪᠠ᠃ ᠪᠥᠬᠥ ᠬᠣᠲᠠ ᠵᠢᠨ ᠬᠣᠶᠠᠷ ᠱᠠᠲᠤᠨ᠎ᠤ ᠰᠣᠶᠣᠯ᠎ᠤᠨ ᠵᠠᠬ᠎ᠠ ᠳᠡᠯᠭᠡᠭᠦᠷ᠎ᠤᠨ ᠶᠡᠷᠦᠩᠬᠡᠢ᠌ᠯᠡᠭᠰᠡᠨ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠪᠠᠢ᠌ᠭᠤᠯᠤᠮᠵᠢ ᠨᠠᠰᠤᠵᠢᠯ᠎ᠤᠨ ᠠᠰᠠᠷᠠᠮᠵᠢ ᠵᠢᠨ ᠮᠡᠬᠡᠯᠡᠯ᠎ᠤᠨ ᠪᠠᠢ᠌ᠭᠤᠯᠭ᠎ᠠ᠎ᠳᠤ ᠣᠷᠣᠬᠤ᠂ ᠠᠵᠤ ᠠᠬᠤᠢ᠌ᠯᠠᠯ᠎ᠳᠤ ᠣᠷᠣᠬᠤ᠂ ᠨᠡᠢ᠌ᠭᠡᠮ ᠲᠣᠭᠣᠷᠢᠭ᠎ᠲᠤ ᠣᠷᠣᠬᠤ᠂ ᠴᠡᠴᠡᠷᠯᠢᠭ᠎ᠲᠤ ᠣᠷᠣᠬᠤ᠂ ᠵᠠᠬ᠎ᠠ ᠳᠡᠯᠭᠡᠭᠦᠷ᠎ᠲᠤ ᠣᠷᠣᠬᠤ 《ᠲᠠᠪᠤ᠎ᠳᠤ ᠤᠷᠤᠬᠤ》 ᠰᠢᠷᠢᠰ ᠤᠬᠠᠭᠤᠯᠭ᠎ᠠ ᠵᠢᠨ ᠠᠵᠢᠯᠯᠠᠭ᠎ᠠ ᠥᠷᠨᠢᠭᠦᠯᠵᠦ᠂ ᠰᠦᠯᠵᠢᠶᠡᠨ᠎ᠤ ᠪᠠᠭ᠋ᠠᠷ᠂ KTV᠎ᠤᠨ ᠺᠣᠮᠫᠢᠦ᠋ᠲ᠋ᠧᠷ᠎ᠤᠨ ᠳᠡᠯᠭᠡᠴᠡ ᠵᠢᠨ ᠵᠠᠷᠯᠠᠯ ᠪᠠ ᠵᠢᠭᠤᠯᠴᠢᠯᠠᠯ᠎ᠤᠨ ᠬᠣᠷᠢᠶ᠎ᠠ᠂ ᠺᠢᠨᠣ᠋ ᠵᠢᠨ ᠣᠷᠳᠣᠨ᠎ᠤ LED ᠳᠡᠯᠭᠡᠴᠡ ᠵᠢᠨ ᠤᠬᠠᠭᠤᠯᠭ᠎ᠠ ᠵᠢᠨ ᠤᠷᠢᠶ᠎ᠠ ᠵᠣᠬᠢᠶᠠᠵᠤ᠂ ᠵᠢᠯᠣᠭᠣᠳᠬᠤ ᠬᠡᠷᠡᠭ᠎ᠤᠨ ᠵᠢᠱ᠌ᠢᠶ᠎ᠡ ᠵᠢ ᠨᠡᠢ᠌ᠲᠡᠯᠡᠬᠦ᠎ᠪᠠᠷ ᠳᠠᠮᠵᠢᠭᠤᠯᠤᠨ᠂ ᠨᠠᠰᠤᠲᠠᠢ᠌ᠴᠤᠳ᠎ᠤᠨ ᠬᠠᠤᠯᠢ᠎ᠪᠠᠷ ᠵᠠᠰᠠᠬᠤ ᠤᠬᠠᠮᠰᠠᠷ᠎ᠢ ᠴᠢᠩᠭ᠋ᠠᠳᠬᠠᠵᠤ᠂ ᠮᠡᠬᠡᠯᠡᠯ᠎ᠢ ᠲᠠᠨᠢᠬᠤ ᠪᠠ ᠮᠡᠬᠡᠯᠡᠬᠦ ᠵᠢ ᠰᠡᠷᠭᠡᠢ᠌ᠯᠡᠬᠦ ᠴᠢᠳᠠᠪᠤᠷᠢ ᠵᠢ ᠳᠡᠭᠡᠭᠰᠢᠯᠡᠭᠦᠯᠪᠡ᠃
ᠰᠦᠪᠡᠭᠴᠢ ᠵᠢ ᠣᠢ᠌ᠯᠭ᠋ᠠᠨ ᠵᠢᠭᠰᠠᠭ᠋ᠠᠬᠤ ᠵᠢ ᠶᠡᠬᠡᠳᠭᠡᠵᠦ᠂ ᠬᠠᠤᠯᠢ ᠶᠣᠰᠣᠭ᠋ᠠᠷ ᠰᠢᠢᠳᠪᠦᠷᠢᠯᠡᠬᠦ ᠵᠢ ᠴᠢᠩᠭ᠋ᠠᠳᠬᠠᠪᠠ᠃ ᠪᠥᠬᠥ ᠬᠣᠲᠠ ᠵᠢᠨ ᠬᠣᠶᠠᠷ ᠱᠠᠲᠤᠨ᠎ᠤ ᠰᠣᠶᠣᠯ ᠪᠠ ᠵᠢᠭᠤᠯᠴᠢᠯᠠᠯ᠎ᠤᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠂ ᠰᠣᠶᠣᠯ᠎ᠤᠨ ᠵᠠᠬ᠎ᠠ ᠳᠡᠯᠭᠡᠭᠦᠷ᠎ᠤᠨ ᠶᠡᠷᠦᠩᠬᠡᠢ᠌ᠯᠡᠭᠰᠡᠨ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠪᠠᠢ᠌ᠭᠤᠯᠤᠮᠵᠢ᠎ᠠᠴᠠ ᠬᠠᠤᠯᠢ ᠬᠡᠷᠡᠭᠵᠢᠭᠦᠯᠬᠦ ᠠᠵᠢᠯᠲᠠᠨ᠎ᠢ ᠵᠣᠬᠢᠶᠠᠨ ᠪᠠᠢ᠌ᠭᠤᠯᠤᠨ ᠵᠢᠭᠤᠯᠴᠢᠯᠠᠯ᠎ᠤᠨ ᠦᠵᠡᠮᠵᠢ ᠵᠢᠨ ᠣᠷᠣᠨ᠂ ᠵᠢᠭᠤᠯᠴᠢᠯᠠᠯ᠎ᠤᠨ ᠬᠤᠷᠢᠶ᠎ᠠ᠂ ᠤᠷᠠᠯᠢᠭ᠎ᠤᠨ ᠪᠦᠲᠦᠭᠡᠯ᠎ᠤᠨ ᠡᠵᠡᠩᠨᠡᠯᠲᠡ ᠵᠢᠨ ᠲᠠᠯᠠᠪᠤᠷ᠎ᠲᠤ ᠭᠦᠨᠵᠡᠭᠡᠢ᠌ᠷᠡᠵᠦ᠂ ᠨᠠᠰᠤᠲᠠᠢ᠌ᠴᠤᠳ᠎ᠤᠨ ᠬᠢᠮᠳᠠ ᠦᠨ᠎ᠡ᠎ᠪᠠᠷ ᠵᠤᠭ᠋ᠠᠴᠠᠬᠤ᠂ ᠪᠠᠭᠯᠠᠨ ᠪᠣᠷᠣᠯᠠᠭᠤᠯᠬᠤ ᠵᠡᠷᠭᠡ ᠬᠡᠯᠪᠡᠷᠢ᠎ᠪᠠᠷ ᠨᠠᠰᠤᠲᠠᠢ᠌ᠴᠤᠳ᠎ᠤᠨ ᠬᠡᠷᠡᠭᠯᠡᠭᠡ ᠵᠢ ᠬᠥᠲᠥᠯᠥᠨ ᠵᠢᠯᠣᠭᠣᠳᠬᠤ ᠵᠡᠷᠭᠡ ᠠᠰᠠᠭᠤᠳᠠᠯ᠎ᠢ ᠡᠷᠦᠬᠡ ᠳᠠᠷᠠᠭ᠋ᠠᠯᠠᠨ ᠨᠠᠷᠢᠨ ᠨᠢᠮᠪᠠᠶ ᠵᠢᠭᠰᠠᠭ᠋ᠠᠨ ᠪᠠᠢ᠌ᠴᠠᠭ᠋ᠠᠵᠤ᠂ ᠨᠠᠰᠤᠵᠢᠯ᠎ᠤᠨ ᠠᠰᠠᠷᠠᠮᠵᠢ ᠵᠢᠨ ᠮᠡᠬᠡᠯᠡᠯ᠎ᠤᠨ ᠬᠠᠤᠯᠢ᠎ᠠᠴᠠ ᠵᠥᠷᠢᠴᠡᠭᠰᠡᠨ ᠦᠢᠯᠡ ᠠᠵᠢᠯᠯᠠᠭ᠎ᠠ ᠣᠯᠠᠨ ᠡᠭᠦᠰᠬᠦ ᠬᠦᠷᠢᠶ᠎ᠡ ᠴᠠᠷᠠᠭ᠎ᠠ᠎ᠳᠤ ᠴᠢᠭᠯᠡᠭᠦᠯᠦᠨ᠂ ᠣᠯᠠᠨ ᠲᠦᠮᠡᠨ᠎ᠢ ᠭᠦᠢᠴᠡᠳ ᠳᠠᠢ᠌ᠴᠢᠯᠠᠬᠤ ᠪᠠ ᠲᠦᠰᠢᠭᠯᠡᠵᠦ᠂ ᠢᠯᠡᠴᠢᠯᠡᠨ ᠮᠡᠳᠡᠭᠦᠯᠬᠦ ᠠᠷᠭ᠎ᠠ ᠵᠠᠮ᠎ᠢ ᠰᠠᠭ᠋ᠠᠳ ᠥᠬᠡᠶ ᠨᠡᠪᠲᠡᠷᠡᠭᠦᠯᠦᠨ᠂ ᠢᠯᠡᠴᠢᠯᠡᠨ ᠮᠡᠳᠡᠭᠦᠯᠵᠦ ᠵᠠᠭ᠋ᠠᠯᠳᠤᠬᠤ ᠳᠤᠮᠳᠠᠬᠢ ᠬᠡᠷᠡᠭ᠎ᠤᠨ ᠰᠦᠪᠡᠭᠴᠢ ᠵᠢ ᠪᠥᠬᠥ ᠲᠠᠯ᠎ᠠ᠎ᠪᠠᠷ ᠪᠠᠢ᠌ᠴᠠᠭ᠋ᠠᠨ ᠵᠢᠭᠰᠠᠭ᠋ᠠᠪᠠ᠃ ᠬᠣᠯᠪᠣᠭ᠋ᠠᠯᠠᠨ ᠬᠠᠮᠵᠢᠯᠴᠠᠬᠤ ᠵᠢ ᠴᠢᠩᠭ᠋ᠠᠳᠬᠠᠵᠤ᠂ ᠳᠡᠭᠡᠳᠦ ᠱᠠᠲᠤᠨ᠎ᠤ ᠲᠣᠬᠢᠷᠠᠭᠤᠯᠤᠯᠲᠠ ᠪᠠᠢ᠌ᠷᠢᠯᠠᠭᠤᠯᠤᠯᠲᠠ᠎ᠲᠠᠢ ᠨᠢᠭᠲᠠ ᠤᠶᠠᠯᠳᠤᠭᠤᠯᠤᠨ᠂ ᠳᠣᠲᠣᠭ᠋ᠠᠳᠤ᠎ᠳᠤ᠎ᠪᠠᠨ ᠡᠯ᠎ᠡ ᠰᠠᠯᠠᠭ᠎ᠠ ᠮᠥᠴᠢᠷ᠎ᠤᠨ ᠬᠠᠮᠵᠢᠯᠴᠠᠨ ᠬᠣᠯᠪᠣᠭ᠋ᠠᠯᠠᠨ ᠬᠥᠳᠡᠯᠦᠯᠴᠡᠬᠦ ᠵᠢ ᠴᠢᠩᠭ᠋ᠠᠳᠬᠠᠵᠤ᠂ ᠭᠠᠳᠠᠭ᠋ᠠᠳᠤ᠎ᠳᠤ ᠳᠣᠲᠣᠭ᠋ᠠᠳᠤ ᠵᠢ ᠬᠠᠮᠠᠭ᠋ᠠᠯᠠᠬᠤ ᠪᠠᠢ᠌ᠴᠠᠭ᠋ᠠᠬᠤ ᠰᠢᠭᠦᠬᠦ ᠬᠣᠷᠢᠶ᠎ᠠ ᠵᠢᠨ ᠨᠢᠭᠡᠳᠦᠯᠲᠡᠶ ᠲᠥᠯᠥᠪᠯᠡᠨ ᠵᠣᠬᠢᠴᠠᠭᠤᠯᠬᠤ ᠵᠢ ᠴᠢᠩᠭ᠋ᠠᠳᠬᠠᠵᠤ᠂ ᠢᠯᠡᠷᠬᠡᠶ ᠠᠰᠠᠭᠤᠳᠠᠯ ᠣᠷᠣᠰᠢᠵᠤ ᠪᠠᠢ᠌ᠪᠠᠴᠤ ᠶᠠᠯ᠎ᠠ ᠪᠣᠯᠵᠣ ᠪᠦᠷᠢᠯᠳᠦᠭᠰᠡᠨ ᠥᠬᠡᠶ ᠪᠠᠢ᠌ᠪᠠᠯ᠂ ᠭᠣᠤᠯ ᠬᠠᠷᠢᠭᠤᠴᠠᠯᠭ᠋ᠠᠲᠠᠨ᠎ᠢ᠎ᠨᠢ ᠴᠠᠭ ᠲᠤᠬᠠᠶ᠎ᠳᠤᠨᠢ ᠰᠡᠷᠡᠮᠵᠢᠯᠡᠭᠦᠯᠦᠨ ᠶᠠᠷᠢᠯᠴᠠᠵᠤ᠂ ᠡᠵᠡᠩᠨᠡᠯᠲᠡ ᠵᠢᠨ ᠠᠵᠢᠯᠯᠠᠭ᠎ᠠ ᠵᠢ᠎ᠨᠢ ᠵᠣᠭᠰᠣᠭ᠋ᠠᠨ᠂ ᠵᠠᠷᠯᠢᠭᠳᠠᠵᠤ ᠪᠠᠢ᠌ᠭ᠋ᠠᠳ ᠴᠡᠭᠴᠡᠯᠡᠨ ᠰᠠᠢ᠌ᠵᠢᠷᠠᠭᠤᠯᠤᠨ᠎ᠠ᠃ ᠶᠠᠯ᠎ᠠ ᠬᠢᠭᠰᠡᠨ ᠵᠶ᠋ᠡᠷ ᠰᠡᠵᠢᠭᠯᠡᠭᠳᠡᠭᠰᠡᠨ ᠪᠠᠢ᠌ᠪᠠᠯ᠂ ᠬᠠᠤᠯᠢ ᠴᠠᠭ᠋ᠠᠵᠠ ᠵᠢᠨ ᠪᠠᠢ᠌ᠭᠤᠯᠭ᠎ᠠ᠎ᠳᠤ ᠰᠢᠯᠵᠢᠭᠦᠯᠦᠨ ᠬᠦᠷᠭᠡᠵᠦ ᠬᠠᠤᠯᠢ ᠶᠣᠰᠣᠭ᠋ᠠᠷ ᠴᠣᠬᠢᠯᠲᠠ ᠥᠭᠭᠦᠨ᠎ᠡ᠃ ᠣᠳᠣᠬᠠᠨ᠎ᠳᠤ᠂ ᠵᠢᠭᠤᠯᠴᠢᠯᠠᠯ᠎ᠤᠨ ᠬᠣᠷᠢᠶ᠎ᠠ ᠵᠢ ᠨᠡᠢ᠌ᠲᠡ 171 ᠤᠳᠠᠭ᠎ᠠ ᠪᠠᠢ᠌ᠴᠠᠭ᠋ᠠᠵᠤ᠂ ᠡᠷᠲᠡᠨ᠎ᠤ ᠡᠳ᠋᠂ ᠭᠠᠷ ᠤᠷᠠᠯᠠᠯ᠎ᠤᠨ ᠪᠦᠲᠦᠭᠡᠭᠳᠡᠬᠦᠨ᠂ ᠴᠡᠷᠳᠡᠯᠲᠡ ᠵᠡᠷᠭᠡ ᠤᠷᠠᠯᠢᠭ᠎ᠤᠨ ᠪᠦᠲᠦᠭᠡᠯ᠎ᠤᠨ ᠲᠠᠯᠠᠪᠤᠷ᠎ᠢ 269 ᠤᠳᠠᠭ᠎ᠠ ᠪᠠᠢ᠌ᠴᠠᠭ᠋ᠠᠪᠠ᠃