ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠰᠤᠷᠠᠭ ᠵᠠᠩᠬᠢ
ᠬᠡᠷᠡᠭᠯᠡᠭᠡ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠠᠶ᠋ᠢᠮᠠᠭ ᠬᠤᠲᠠ᠎ᠶᠢᠨ ᠰᠣᠨᠣᠰᠬᠠᠯ
ᠪᠥᠬᠥ ᠤᠯᠤᠰ᠎ᠤᠨ ᠤᠯᠤᠰ ᠲᠥᠷᠥ ᠵᠢᠨ ᠵᠥᠪᠯᠡᠯᠭᠡᠨ᠎ᠤ ᠭᠡᠰᠢᠭᠦᠨ᠂ ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ ᠵᠢᠨ ᠵᠥᠪᠯᠡᠯᠭᠡᠨ᠎ᠤ ᠳᠡᠳ᠋ ᠲᠡᠷᠢᠭᠦᠯᠡᠭᠴᠢ ᠵᠧᠩ ᠹᠦ᠋ ᠲᠢᠶᠠᠨ ᠨᠠᠷ ᠲᠦᠩᠯᠢᠶᠣᠤ ᠬᠣᠲᠠ ᠵᠢᠨ ᠨᠣᠮ᠎ᠤᠨ ᠰᠠᠩ᠎ᠳᠤ ᠬᠦᠷᠴᠦ ᠪᠠᠢ᠌ᠴᠠᠭ᠋ᠠᠨ ᠰᠤᠳᠤᠯᠤᠯᠲᠠ ᠬᠢᠪᠠ
ᠨᠡᠶᠢᠲᠡᠯᠡᠭᠰᠡᠨ ᠴᠠᠭ᠄ 2022-06-27

     6 ᠳ᠋ᠤᠭ᠋ᠠᠷ ᠰᠠᠷ᠎ᠠ ᠵᠢᠨ 17᠎ᠤ ᠡᠳᠦᠷ᠎ᠤᠨ ᠦᠳᠡ ᠵᠢᠨ ᠡᠮᠦᠨ᠎ᠡ᠂ ᠪᠥᠬᠥ ᠤᠯᠤᠰ᠎ᠤᠨ ᠤᠯᠤᠰ ᠲᠥᠷᠥ ᠵᠢᠨ ᠵᠥᠪᠯᠡᠯᠭᠡᠨ᠎ᠤ ᠭᠡᠰᠢᠭᠦᠨ᠂ ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ ᠵᠢᠨ ᠵᠥᠪᠯᠡᠯᠭᠡᠨ᠎ᠤ ᠳᠡᠳ᠋ ᠲᠡᠷᠢᠭᠦᠯᠡᠭᠴᠢ ᠵᠧᠩ ᠹᠦ᠋ ᠲᠢᠶᠠᠨ ᠨᠠᠷ ᠲᠦᠩᠯᠢᠶᠣᠤ ᠬᠣᠲᠠ ᠵᠢᠨ ᠨᠣᠮ᠎ᠤᠨ ᠰᠠᠩ᠎ᠳᠤ ᠬᠦᠷᠴᠦ ᠪᠠᠢ᠌ᠴᠠᠭ᠋ᠠᠨ ᠰᠤᠳᠤᠯᠤᠯᠲᠠ ᠬᠢᠪᠠ᠃ ᠲᠦᠩᠯᠢᠶᠣᠤ ᠬᠣᠲᠠ ᠵᠢᠨ ᠤᠯᠤᠰ ᠲᠥᠷᠥ ᠵᠢᠨ ᠵᠥᠪᠯᠡᠯᠭᠡᠨ᠎ᠤ ᠨᠠᠮ᠎ᠤᠨ ᠤᠳᠤᠷᠢᠳᠬᠤ ᠳᠤᠭᠤᠢ᠌ᠯᠠᠩ᠎ᠤᠨ ᠱᠦᠵᠢ᠂ ᠲᠡᠷᠢᠭᠦᠯᠡᠭᠴᠢ ᠯᠢᠦᠶ ᠶᠦᠩ ᠴᠧᠩ᠂ ᠲᠦᠩᠯᠢᠶᠣᠤ ᠬᠣᠲᠠ ᠵᠢᠨ ᠤᠯᠤᠰ ᠲᠥᠷᠥ ᠵᠢᠨ ᠵᠥᠪᠯᠡᠯᠭᠡᠨ᠎ᠤ ᠳᠡᠳ᠋ ᠲᠡᠷᠢᠭᠦᠯᠡᠭᠴᠢ ᠵᠦ᠍ ᠷᠦᠢ ᠯᠢᠶᠠᠨ᠂ ᠲᠦᠩᠯᠢᠶᠣᠤ ᠬᠣᠲᠠ ᠵᠢᠨ ᠤᠯᠤᠰ ᠲᠥᠷᠥ ᠵᠢᠨ ᠵᠥᠪᠯᠡᠯᠭᠡᠨ᠎ᠤ ᠳᠡᠳ᠋ ᠲᠡᠷᠢᠭᠦᠯᠡᠭᠴᠢ᠂ ᠦᠢᠯᠡᠳᠪᠦᠷᠢ ᠬᠤᠳᠠᠯᠳᠤᠭ᠋ᠠᠨ᠎ᠤ   ᠬᠤᠯᠪᠤᠭ᠋ᠠᠨ᠎ᠤ ᠲᠡᠷᠢᠭᠦᠯᠡᠭᠴᠢ ᠪᠤᠤ ᠯᠢ ᠴᠢᠶᠦ᠋ᠨ ᠵᠡᠷᠭᠡ ᠬᠣᠲᠠ ᠵᠢᠨ ᠤᠳᠤᠷᠢᠳᠤᠯᠭ᠎ᠠ ᠪᠠᠷ᠎ᠠ ᠪᠣᠯᠵᠣ ᠪᠠᠢ᠌ᠴᠠᠭ᠋ᠠᠨ ᠰᠤᠳᠤᠯᠤᠯᠲᠠ ᠬᠢᠪᠠ᠃
      ᠵᠧᠩ ᠹᠦ᠋ ᠲᠢᠶᠠᠨ ᠨᠠᠷ ᠤᠩᠰᠢᠯᠭ᠎ᠠ ᠵᠢᠨ ᠲᠤᠭᠤᠷᠢᠭ᠂ ᠪᠡᠶᠡᠴᠢᠯᠡᠨ ᠣᠢ᠌ᠯᠠᠭ᠋ᠠᠬᠤ   ᠲᠤᠭᠤᠷᠢᠭ᠂   ᠨᠤᠮ ᠰᠤᠳᠤᠷ᠂ ᠣᠷᠣᠨ ᠨᠤᠲᠤᠭ᠎ᠤᠨ ᠰᠤᠷᠪᠤᠯᠵᠢ ᠪᠢᠴᠢᠭ᠂ ᠬᠣᠪᠣᠷ ᠨᠠᠨᠳᠢᠨ ᠭᠠᠵᠠᠷ᠎ᠤᠨ ᠵᠢᠷᠤᠭ᠂ ᠲᠡᠦᠬᠡ ᠵᠢᠨ ᠳᠤᠷᠠᠰᠬᠠᠯᠲᠤ   ᠵᠦᠢ᠍ᠯᠡᠰ ᠵᠡᠷᠭᠡ ᠦᠵᠡᠭᠦᠯᠭᠡ ᠵᠢᠨ ᠲᠢᠩᠬᠢᠮ᠎ᠢ ᠲᠣᠭᠣᠷᠢᠨ ᠦᠵᠡᠭᠰᠡᠨ ᠪᠥᠭᠡᠳ ᠬᠤᠳᠠ ᠵᠢᠨ ᠨᠣᠮ᠎ᠤᠨ ᠰᠠᠩ᠎ᠤᠨ ᠤᠨᠴᠠᠯᠢᠬᠳᠤ ᠬᠠᠳᠠᠭ᠋ᠠᠯᠠᠮᠵᠢ ᠵᠢᠨ ᠡᠬᠢ ᠪᠠᠶᠠᠯᠢᠭ᠎ᠤᠨ ᠪᠦᠳᠦᠭᠡᠨ ᠪᠠᠢ᠌ᠭᠤᠯᠤᠯᠲᠠ᠂ ᠲᠣᠭ᠋ᠠᠴᠢᠯᠠᠭᠰᠠᠨ ᠪᠦᠳᠦᠭᠡᠨ ᠪᠠᠢ᠌ᠭᠤᠯᠤᠯᠲᠠ᠂ ᠰᠢᠨ᠎ᠡ ᠣᠷᠳᠣᠨ᠎ᠤ ᠡᠯ᠎ᠡ ᠦᠢ᠍ᠯᠡᠴᠢᠯᠡᠭᠡᠨ᠎ᠤ ᠴᠢᠳᠠᠪᠬᠢ ᠵᠢᠨ ᠣᠷᠣᠨ ᠪᠦᠰᠡ ᠵᠢᠨ ᠪᠠᠢ᠌ᠷᠢᠰᠢᠭᠤᠯᠤᠯᠲᠠ ᠵᠡᠷᠭᠡ ᠪᠠᠢ᠌ᠳᠠᠯ᠎ᠢ ᠰᠣᠨᠣᠰᠪᠠ᠃
      ᠵᠧᠩ ᠹᠦ᠋ ᠲᠢᠶᠠᠨ ᠲᠦᠩᠯᠢᠶᠣᠤ ᠬᠣᠲᠠ ᠵᠢᠨ ᠨᠣᠮ᠎ᠤᠨ ᠰᠠᠩ᠎ᠤᠨ ᠥᠪᠡᠷᠮᠢᠴᠡ ᠣᠨᠴᠠᠯᠢᠭ᠎ᠲᠠᠢ ᠢᠷᠭᠡᠨ ᠤᠯᠤᠰ᠎ᠤᠨ ᠦᠶ᠎ᠡ ᠵᠢᠨ ᠰᠤᠷᠪᠤᠯᠵᠢ ᠪᠢᠴᠢᠭ ᠎ᠢ ᠣᠨᠴᠠ ᠰᠤᠨᠢᠷᠬᠠᠭᠰᠠᠨ ᠪᠥᠭᠡᠳ ᠲᠦᠩᠯᠢᠶᠣᠤ ᠬᠣᠲᠠ ᠵᠢᠨ ᠨᠣᠮ᠎ᠤᠨ ᠰᠠᠩ᠎ᠤᠨ ᠡᠭᠦᠳᠦᠨ ᠪᠠᠢ᠌ᠭᠤᠯᠤᠭᠰᠠᠨ ᠨᠣᠮ᠎ᠤᠨ ᠨᠠᠢ᠌ᠵᠠ ᠨᠠᠷ᠎ᠤᠨ ᠴᠤᠭᠯᠠᠭ᠋ᠠᠨ᠂ ᠡᠮᠡᠭᠲᠡᠶ ᠵᠣᠬᠢᠶᠠᠯᠴᠢᠳ᠎ᠤᠨ ᠤᠩᠰᠢᠯᠭ᠎ᠠ ᠵᠢᠨ ᠴᠤᠭᠯᠠᠭ᠋ᠠᠨ ᠵᠡᠷᠭᠡ ᠤᠩᠰᠢᠯᠭ᠎ᠠ ᠵᠢ ᠳᠡᠯᠭᠡᠷᠡᠭᠦᠯᠦᠭᠰᠡᠨ ᠨᠠᠷᠠᠲᠤ ᠲᠡᠮᠳᠡᠭᠲᠦ᠂ ᠰᠢᠨ᠎ᠡ ᠣᠷᠳᠣᠨ᠎ᠤ ᠲᠥᠯᠥᠪᠵᠢᠭᠦᠯᠭᠡ ᠵᠢᠨ ᠪᠠᠢ᠌ᠷᠢᠰᠢᠭᠤᠯᠤᠯᠲᠠ ᠪᠠ ᠠᠵᠢᠯᠯᠠᠭ᠋ᠠᠨ᠎ᠤ ᠪᠠᠢ᠌ᠳᠠᠯ᠎ᠢ ᠭᠦᠢᠴᠡᠳ ᠨᠤᠲᠠᠯᠠᠪᠠ᠃
      ᠲᠦᠩᠯᠢᠶᠣᠤ ᠬᠣᠲᠠ ᠵᠢᠨ ᠨᠣᠮ᠎ᠤᠨ ᠰᠠᠩ ᠎ᠤᠨ ᠰᠢᠨ᠎ᠡ ᠣᠷᠳᠣᠨ   ᠠᠵᠢᠯᠯᠠᠭ᠎ᠠ ᠎ᠳᠤ ᠤᠷᠤᠭᠰᠠᠨ᠎ᠠᠴᠠ ᠨᠠᠭ᠋ᠠᠰᠢ᠂ ᠥᠪᠡᠷᠲᠡᠭᠡᠨ ᠵᠠᠰᠠᠬᠤ ᠣᠷᠣᠨ᠂ ᠲᠦᠩᠯᠢᠶᠣᠤ ᠬᠣᠲᠠ ᠵᠢᠨ ᠡᠯ᠎ᠡ ᠱᠠᠲᠤᠨ᠎ᠤ ᠤᠳᠤᠷᠢᠳᠤᠯᠭ᠎ᠠ ᠵᠢᠨ ᠳᠡᠭᠡᠳᠦ ᠬᠡᠮᠵᠢᠶᠡᠨ᠎ᠤ ᠴᠢᠬᠤᠯᠠᠴᠢᠯᠠᠯ ᠪᠠ ᠨᠡᠢ᠌ᠭᠡᠮ᠎ᠤᠨ ᠡᠯ᠎ᠡ ᠡᠲᠡᠭᠡᠳ᠎ᠤᠨ᠎ᠬᠢᠨ᠎ᠤ ᠥᠷᠭᠡᠨ ᠳᠡᠯᠭᠡᠷ ᠠᠩᠬᠠᠷᠤᠯ᠎ᠢ ᠲᠠᠲᠠᠪᠠ  ᠃ ᠡᠭᠦᠨ᠎ᠠᠴᠠ ᠡᠮᠦᠨ᠎ᠡ᠂ ᠲᠦᠩᠯᠢᠶᠣᠤ ᠬᠣᠲᠠ ᠵᠢᠨ ᠤᠯᠤᠰ ᠲᠥᠷᠥ ᠵᠢᠨ ᠵᠥᠪᠯᠡᠯᠭᠡᠨ ᠴᠦ᠍ ᠬᠣᠲᠠ ᠵᠢᠨ ᠨᠣᠮ᠎ᠤᠨ ᠰᠠᠩ᠎ᠳᠤ ᠣᠯᠠᠨ ᠤᠳᠠᠭ᠎ᠠ ᠬᠦᠷᠴᠦ ᠪᠠᠢ᠌ᠴᠠᠭ᠋ᠠᠨ ᠰᠤᠳᠤᠯᠤᠯᠲᠠ ᠬᠢᠭᠰᠡᠨ ᠪᠥᠭᠡᠳ ᠣᠯᠠᠨ ᠰᠠᠨᠠᠭᠤᠯᠭ᠎ᠠ ᠥᠭᠴᠦ ᠳᠡᠮᠵᠢᠪᠡ᠃ ᠬᠣᠲᠠ ᠵᠢᠨ ᠨᠣᠮ᠎ᠤᠨ ᠰᠠᠩ᠎ᠨᠢ ᠪᠥᠬᠥ ᠠᠷᠠᠳ ᠵᠶ᠋ᠠᠷ ᠵᠶ᠋ᠠᠨ ᠨᠣᠮ ᠤᠩᠰᠢᠬᠤ ᠵᠢ ᠳᠡᠯᠭᠡᠷᠡᠭᠦᠯᠬᠦ ᠠᠵᠢᠯ᠎ᠢ ᠦᠷᠭᠦᠯᠵᠢᠯᠡᠨ ᠯᠠᠪᠳᠠᠭᠤᠨ ᠪᠠᠲᠤᠲᠠᠶ ᠰᠠᠢ᠌ᠲᠤᠷ ᠬᠢᠵᠦ᠂ ᠰᠣᠶᠣᠯ᠎ᠤᠨ ᠵᠢᠭᠰᠠᠭ᠋ᠠᠯ᠎ᠤᠨ ᠭᠠᠵᠠᠷ᠎ᠤᠨ ᠪᠥᠲᠥᠭᠡᠨ ᠪᠠᠢ᠌ᠭᠤᠯᠤᠯᠲᠠ ᠵᠢ ᠴᠢᠩᠭ᠋ᠠᠳᠬᠠᠨ᠂《ᠭᠣᠤᠯ ᠱᠤᠭᠤᠮ》᠎ᠤᠨ ᠤᠬᠠᠮᠰᠠᠷ᠎ᠢ ᠤᠯᠠᠮ ᠨᠢᠭᠡ ᠠᠯᠬᠤᠮ ᠳᠣᠪᠣᠢ᠌ᠯᠭ᠋ᠠᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ ᠠᠵᠢᠯ᠎ᠢ ᠢᠯᠡ ᠲᠣᠳᠣ᠂ ᠲᠥᠷᠥᠭᠳᠡᠯ᠎ᠲᠠᠢ᠂ ᠪᠦᠲᠦᠮᠵᠢᠲᠡᠶ ᠰᠠᠢ᠌ᠲᠤᠷ ᠬᠢᠵᠦ᠂ 《ᠪᠢᠴᠢᠭ᠎ᠤᠨ ᠰᠤᠷᠪᠤᠯᠵᠢᠲᠤ ᠲᠦᠩᠯᠢᠶᠣᠤ》 ᠵᠢᠨ ᠰᠠᠢ᠌ᠨ ᠰᠠᠢ᠌ᠬᠠᠨ ᠬᠣᠲᠠ ᠵᠢᠨ ᠠᠭᠤᠷ ᠠᠮᠢᠰᠬᠤᠯ᠎ᠢ ᠪᠣᠶ ᠪᠣᠯᠭ᠋ᠠᠵᠤ᠂ ᠲᠦᠩᠯᠢᠶᠣᠤ ᠬᠣᠲᠠ ᠵᠢᠨ 《ᠰᠣᠶᠣᠯ᠎ᠤᠨ ᠨᠣᠮ᠎ᠤᠨ ᠥᠷᠥᠭᠡ》 ᠵᠢ ᠰᠠᠢ᠌ᠲᠤᠷ   ᠡᠷᠬᠢᠯᠡᠨ᠂ ᠰᠣᠶᠣᠯ᠎ᠤᠨ ᠦᠢᠯᠡᠰ᠎ᠤᠨ ᠥᠷᠨᠢᠨ ᠬᠥᠭᠵᠢᠬᠦ ᠵᠢ ᠠᠬᠢᠭᠤᠯᠬᠤ᠎ᠳᠤ ᠬᠦᠴᠦᠨ ᠴᠢᠳᠠᠯ ᠵᠶ᠋ᠠᠨ ᠡᠷᠭᠦᠨ᠎ᠡ᠃

ᠢᠷᠡᠯᠲᠡ᠄ ᠲᠦᠩᠯᠢᠶᠣᠤ ᠬᠣᠲᠠ ᠵᠢᠨ ᠰᠣᠶᠣᠯ ᠵᠢᠭᠤᠯᠴᠢᠯᠠᠯ ᠷᠠᠳᠢᠣ᠋ ᠲᠧᠯᠸᠢᠰ᠎ᠤᠨ ᠲᠣᠪᠴᠢᠶ᠎ᠠ
          
ᠬᠠᠮᠢᠶ᠎ᠡ ᠪᠦᠬᠦᠢ ᠰᠣᠨᠢᠨ
ᠦᠬᠠᠶ ᠵᠢᠨ ᠤᠯᠠᠭ᠋ᠠᠨᠮᠥ᠋ᠴᠢᠷ ᠨᠡᠢ᠌ᠭᠡᠮ ᠲᠣᠭᠣᠷᠢᠭ᠎ᠲᠤ ᠬᠦᠷᠴᠦ ᠵᠥᠩᠨᠡᠯ ᠳᠡᠪᠰᠢᠭᠦᠯᠪᠡ
ᠣᠷᠳᠣᠰ ᠬᠣᠲᠠ ᠵᠢᠨ ᠰᠣᠶᠣᠯ ᠪᠠ ᠵᠢᠭᠤᠯᠴᠢᠯᠠᠯ᠎ᠤᠨ ᠲᠣᠪᠴᠢᠶ᠎ᠠ 《ᠬᠣᠶᠠᠷ᠎ᠢ ᠡᠭᠦᠳᠬᠦ》 ᠠᠵᠢᠯ᠎ᠢ ᠯᠠᠪᠳᠠᠭᠤᠨ ᠪᠠᠲᠤᠲᠠᠶ ᠠᠬᠢᠭᠤᠯᠪᠠ
ᠬᠢᠩᠭ᠋ᠠᠨ ᠠᠢ᠌ᠮᠠᠭ᠎ᠤᠨ ᠰᠣᠶᠣᠯ ᠵᠢᠭᠤᠯᠴᠢᠯᠠᠯ ᠪᠡᠶ᠎ᠡ ᠵᠢᠨ ᠲᠠᠮᠢᠷ᠎ᠤᠨ ᠲᠣᠪᠴᠢᠶ᠎ᠠ 2022 ᠣᠨ᠎ᠤ ᠠᠩᠬᠠᠳᠠᠭᠴᠢ 《ᠬᠣᠶᠠᠷ ᠲᠠᠰᠢᠷᠠᠮ ᠵᠶ᠋ᠡᠷ᠂ ᠨᠢᠭᠡ ᠢᠯᠡ ᠪᠣᠯᠭ᠋ᠠᠬᠤ》 ᠬᠣᠯᠪᠤᠭ᠋ᠠᠯᠠᠨ ᠰᠤᠭᠤᠴᠢᠨ ᠪᠠᠢ᠌ᠴᠠᠭ᠋ᠠᠬᠤ ᠠᠵᠢᠯ᠎ᠢ ᠥᠷᠨᠢᠭᠦᠯᠪᠡ
2022 ᠣᠨ᠎ᠤ 《ᠰᠣᠶᠣᠯ ᠪᠠ ᠪᠠᠢ᠌ᠭ᠋ᠠᠯᠢ ᠵᠢᠨ ᠥᠪ᠎ᠤᠨ ᠡᠳᠦᠷ》 ᠥᠪᠥᠷ ᠮᠣᠩᠭᠣᠯ ᠭᠣᠤᠯ ᠬᠤᠷᠠᠯ᠎ᠤᠨ ᠲᠠᠯᠠᠪᠠᠶ ᠵᠢᠨ ᠠᠵᠢᠯᠯᠠᠭ᠎ᠠ ᠬᠢᠩᠭ᠋ᠠᠨ ᠠᠢ᠌ᠮᠠᠭ᠎ᠲᠤ ᠡᠬᠢᠯᠡᠪᠡ
《ᠬᠣᠷᠢᠳᠤᠭ᠋ᠠᠷ ᠶᠡᠬᠡ ᠬᠤᠷᠠᠯ᠎ᠢ ᠪᠠᠶᠠᠷᠯᠠᠨ ᠤᠭᠲᠤᠵᠤ ᠰᠢᠨ᠎ᠡ ᠠᠶᠠᠨ᠎ᠳᠤ᠎ᠪᠠᠨ ᠡᠷᠡᠯᠭᠡᠭᠯᠡᠨ ᠤᠷᠤᠭᠰᠢᠯᠠᠶ᠎ᠠ》 ᠬᠢᠩᠭ᠋ᠠᠨ ᠠᠢ᠌ᠮᠠᠭ᠎ᠤᠨ ᠤᠯᠠᠭ᠋ᠠᠨᠮᠥ᠋ᠴᠢᠷ ᠦᠨᠳᠦᠰᠦᠨ ᠱᠠᠲᠤᠨ᠎ᠳᠤ ᠦᠢ᠍ᠯᠡᠴᠢᠯᠡᠵᠦ ᠰᠢ ᠺᠸᠦ ᠲᠣᠰᠬᠣᠨ᠎ᠳᠤ ᠬᠦᠷᠪᠡ
 
            