6 ᠳ᠋ᠤᠭ᠋ᠠᠷ ᠰᠠᠷ᠎ᠠ ᠵᠢᠨ 22᠎ᠤᠨ ᠡᠳᠦᠷ᠂ ᠦᠬᠠᠶ ᠵᠢᠨ ᠤᠯᠠᠭ᠋ᠠᠨᠮᠥ᠋ᠴᠢᠷ᠎ᠤᠨ ᠤᠳᠬ᠎ᠠ ᠤᠷᠠᠯᠢᠭ᠎ᠤᠨ ᠪᠠᠭ᠎ᠠ ᠰᠠᠯᠪᠤᠷᠢ ᠠᠩᠭᠢ ᠳᠠᠭ᠋ᠠᠭ᠋ᠠᠴᠢᠯᠠᠭᠰᠠᠨ ᠬᠠᠮᠲᠤ᠎ᠪᠠᠷ ᠪᠦᠲᠦᠭᠡᠨ ᠪᠠᠢ᠌ᠭᠤᠯᠬᠤ ᠰᠠᠭᠤᠭ᠋ᠠᠯᠢ ᠠᠷᠠᠳ᠎ᠤᠨ ᠲᠣᠭᠣᠷᠢᠭ — ᠬᠠᠢ᠌ᠷᠤᠪ᠎ᠤᠨ ᠲᠤᠬᠤᠢ ᠲᠤᠭᠤᠷᠢᠭ᠎ᠤᠨ ᠮᠢᠩ ᠿᠢ ᠰᠢᠩ ᠴᠸᠩ ᠰᠠᠭᠤᠭ᠋ᠠᠯᠢ ᠠᠷᠠᠳ᠎ᠤᠨ ᠲᠤᠭᠤᠷᠢᠭ᠎ᠲᠤ ᠬᠦᠷᠴᠦ 《ᠬᠤᠷᠢᠳᠤᠭ᠋ᠠᠷ ᠶᠡᠬᠡ ᠬᠤᠷᠠᠯ᠎ᠢ ᠪᠠᠶᠠᠷᠯᠠᠨ ᠤᠭᠲᠤᠵᠤ ᠰᠢᠨ᠎ᠡ ᠠᠶᠠᠨ᠎ᠳᠤ ᠡᠷᠡᠯᠬᠡᠭᠯᠡᠨ ᠤᠷᠤᠭᠰᠢᠯᠠᠬᠤ》 ᠰᠣᠶᠣᠯ ᠵᠶ᠋ᠠᠷ ᠠᠷᠠᠳ᠎ᠲᠤ ᠠᠰᠢᠭ ᠬᠦᠷᠲᠡᠭᠡᠬᠦ ᠲᠣᠭᠯᠠᠯᠲᠠ ᠦᠷᠨᠢᠭᠦᠯᠪᠡ ᠃

ᠲᠣᠭᠯᠠᠯᠲᠠ᠎ᠨᠢ 《ᠮᠢᠨᠦ ᠡᠵᠢ ᠳᠤᠮᠳᠠᠳᠤ ᠤᠯᠤᠰ》 ᠭᠡᠬᠦ ᠳᠠᠭᠤᠤ ᠪᠥᠵᠢᠭ ᠵᠶ᠋ᠠᠷ ᠬᠥᠰᠢᠭᠡ᠎ᠪᠠᠨ ᠰᠡᠬᠦᠵᠦ᠂ ᠮᠤᠷᠢᠨ ᠬᠤᠭᠤᠷ᠎ᠤᠨ ᠲᠣᠭᠯᠠᠯᠲᠠ 《 ᠬᠡᠢ᠌ᠮᠤᠷᠢ》᠂ ᠪᠥᠵᠢᠭ 《ᠬᠦᠬᠡ ᠰᠠᠯᠬᠢ》 ᠵᠡᠷᠭᠡ ᠲᠣᠭᠯᠠᠯᠲᠠ᠎ᠨᠢ ᠭᠣᠢ᠌ᠳᠠ ᠰᠠᠢ᠌ᠬᠠᠨ ᠶᠠᠪᠤᠭᠳᠠᠵᠤ᠂ ᠤᠯᠠᠨ ᠵᠦᠢ᠍ᠯ᠎ᠤᠨ ᠤᠷᠠᠯᠢᠭ᠎ᠤᠨ ᠠᠷᠭ᠎ᠠ ᠪᠠᠷᠢᠯ᠎ᠢ ᠬᠡᠷᠡᠭᠯᠡᠵᠦ᠂ ᠤᠷᠠᠯᠢᠭ᠎ᠤᠨ ᠬᠡᠯᠡ᠎ᠪᠠᠷ ᠨᠠᠮ᠎ᠤᠨ ᠵᠠᠭᠤᠨ ᠵᠢᠯ᠎ᠤᠨ ᠭᠡᠷᠡᠯ ᠰᠠᠴᠤᠷᠠᠩᠭᠤᠢ ᠲᠡᠦᠬᠡᠨ ᠶᠠᠪᠤᠴᠠ ᠵᠢ ᠮᠠᠭᠲᠠᠨ ᠳᠠᠭᠤᠯᠠᠵᠤ᠂ ᠥᠷᠭᠡᠨ ᠤᠯᠠᠨ ᠰᠠᠭᠤᠭ᠋ᠠᠯᠢ ᠠᠷᠠᠳ᠎ᠲᠤ ᠰᠣᠶᠣᠯ᠎ᠤᠨ ᠦᠪᠡᠳᠡᠭᠰᠢ ᠶᠡᠬᠡ ᠨᠠᠢ᠌ᠷ᠎ᠢ ᠳᠡᠯᠭᠡᠨ ᠦᠵᠡᠭᠦᠯᠵᠦ᠂ ᠲᠤᠬᠠᠢ ᠵᠢᠨ ᠲᠠᠯᠠᠪᠠᠢ ᠵᠢᠨ ᠬᠠᠯᠠᠭᠤᠨ ᠠᠯᠠᠭ᠎ᠠ ᠲᠠᠰᠢᠯᠳᠠ ᠵᠢ ᠤᠯᠪᠠ᠃
ᠵᠠᠯᠭ᠋ᠠᠭ᠋ᠠᠳ ᠦᠬᠠᠢ ᠵᠢᠨ ᠤᠯᠠᠭ᠋ᠠᠨᠮᠥ᠋ᠴᠢᠷ ᠨᠠᠮ᠎ᠤᠨ ᠬᠣᠷᠢᠳᠤᠭ᠋ᠠᠷ ᠶᠡᠬᠡ ᠬᠤᠷᠠᠯ᠎ᠢ ᠤᠭᠲᠤᠬᠤ᠂ ᠤᠬᠠᠭᠤᠯᠤᠨ ᠲᠤᠭᠤᠰᠢᠯᠠᠭᠤᠯᠬᠤ᠎ᠪᠠᠷ ᠭᠣᠣᠯ ᠰᠢᠵᠢᠮ ᠪᠣᠯᠭ᠋ᠠᠵᠤ᠂ ᠨᠡᠢ᠌ᠭᠡᠮ ᠵᠢᠷᠤᠮ᠎ᠤᠨ ᠭᠣᠣᠯᠯᠠᠭᠴᠢ ᠦᠷᠳᠡᠭ᠎ᠤᠨ ᠦᠵᠡᠯᠲᠡ᠎ᠪᠠᠷ ᠵᠢᠯᠤᠭᠤᠳᠤᠯᠭ᠎ᠠ ᠪᠣᠯᠭ᠋ᠠᠵᠤ᠂ ᠠᠷᠠᠳ ᠲᠦᠮᠡᠨ᠎ᠤ ᠰᠣᠶᠣᠯ᠎ᠤᠨ ᠬᠡᠷᠡᠭᠴᠡᠭᠡ ᠵᠢ ᠬᠠᠩᠭ᠋ᠠᠬᠤ ᠪᠠ ᠠᠷᠠᠳ ᠲᠦᠮᠡᠨ᠎ᠤ ᠤᠶᠤᠨ ᠰᠠᠨᠠᠭ᠋ᠠᠨ᠎ᠤ ᠬᠦᠴᠦᠨ ᠴᠢᠳᠠᠯ᠎ᠢ ᠨᠡᠮᠡᠭᠳᠡᠭᠦᠯᠬᠦ᠎ᠪᠠᠷ ᠬᠦᠴᠦᠯᠡᠬᠦ ᠴᠡᠭ ᠪᠣᠯᠭ᠋ᠠᠵᠤ᠂ ᠰᠢᠯᠢᠳᠡᠭ ᠤᠳᠬ᠎ᠠ ᠤᠷᠠᠯᠢᠭ᠎ᠤᠨ ᠪᠦᠲᠦᠭᠡᠯ᠎ᠢ ᠴᠢᠷᠮᠠᠢ᠌ᠨ ᠵᠣᠬᠢᠶᠠᠨ ᠪᠦᠲᠦᠭᠡᠵᠦ᠂ ᠰᠢᠯᠢᠳᠡᠭ ᠬᠢᠷᠢ ᠪᠦᠲᠦᠮᠵᠢ᠎ᠪᠠᠷ ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠠᠮᠵᠢᠯᠲᠠ᠎ᠲᠠᠢ ᠬᠤᠷᠠᠯᠳᠤᠬᠤ ᠵᠢ ᠤᠭᠲᠤᠬᠤ ᠪᠣᠯᠤᠨ᠎ᠠ᠃