5 ᠳ᠋ᠤᠭ᠋ᠠᠷ ᠰᠠᠷ᠎ᠠ ᠵᠢᠨ 23᠎ᠤ ᠡᠳᠦᠷ᠂ ᠦᠬᠠᠶ ᠬᠣᠲᠠ ᠵᠢᠨ ᠰᠣᠶᠣᠯ ᠪᠡᠶ᠎ᠡ ᠵᠢᠨ ᠲᠠᠮᠢᠷ ᠵᠢᠭᠤᠯᠴᠢᠯᠠᠯ ᠷᠠᠳᠢᠣ᠋ ᠲᠧᠯᠸᠢᠰ᠎ᠤᠨ ᠲᠣᠪᠴᠢᠶ᠎ᠠ᠎ᠠᠴᠠ ᠭᠣᠤᠯᠯᠠᠨ ᠡᠷᠭᠢᠯᠡᠵᠦ᠂ ᠦᠬᠠᠶ ᠬᠣᠲᠠ ᠵᠢᠨ ᠵᠢᠭᠤᠯᠴᠢᠯᠠᠯ᠎ᠤᠨ ᠬᠥᠲᠥᠴᠢ ᠵᠢᠨ ᠨᠡᠢ᠌ᠭᠡᠮᠯᠢᠭ᠎ᠠᠴᠠ ᠳᠠᠭ᠋ᠠᠭ᠋ᠠᠴᠢᠯᠠᠨ ᠡᠷᠭᠢᠯᠡᠭᠰᠡᠨ ᠪᠥᠬᠥ ᠬᠣᠲᠠ ᠵᠢᠨ ᠵᠢᠭᠤᠯᠴᠢᠯᠠᠯ᠎ᠤᠨ ᠬᠥᠲᠥᠴᠢ᠂ ᠲᠠᠢ᠌ᠯᠪᠤᠷᠢᠯᠠᠭᠴᠢ ᠵᠢᠨ ᠦᠢᠯᠡᠴᠢᠯᠡᠭᠡᠨ᠎ᠤ ᠶᠠᠰᠤ ᠴᠢᠨᠠᠷ᠎ᠢ ᠳᠡᠭᠡᠭᠰᠢᠯᠡᠭᠦᠯᠬᠦ ᠪᠤᠯᠪᠠᠰᠤᠷᠠᠯ᠎ᠤᠨ ᠠᠩᠭᠢ ᠶᠦᠸᠸ ᠢᠦᠢ ᠨᠣᠮ᠎ᠤᠨ ᠪᠠᠭ᠋ᠠᠷ᠎ᠲᠤ ᠬᠢᠴᠢᠶᠡᠯ ᠣᠷᠣᠵᠤ᠂ ᠬᠣᠲᠠ ᠲᠣᠭᠣᠷᠢᠭ ᠬᠣᠶᠠᠷ ᠱᠠᠲᠤᠨ᠎ᠤ ᠵᠢᠭᠤᠯᠴᠢᠯᠠᠯ᠎ᠤᠨ ᠭᠣᠤᠯᠴᠢᠯᠠᠨ ᠬᠠᠮᠢᠶᠠᠷᠬᠤ ᠰᠠᠯᠠᠭ᠎ᠠ ᠮᠥᠴᠢᠷ᠂ ᠭᠣᠤᠯᠳᠠᠯᠭ᠎ᠠ᠎ᠲᠠᠢ ᠵᠢᠭᠤᠯᠴᠢᠯᠠᠯ᠎ᠤᠨ ᠭᠠᠵᠠᠷ ᠪᠠ A ᠲᠠᠰ᠎ᠤᠨ ᠦᠵᠡᠮᠵᠢ ᠵᠢᠨ ᠣᠷᠣᠨ᠂ ᠰᠣᠶᠣᠯ᠎ᠤᠨ ᠲᠠᠯᠠᠪᠠᠶ ᠣᠷᠳᠣᠨ᠎ᠤ ᠲᠠᠢ᠌ᠯᠪᠤᠷᠢᠯᠠᠭᠴᠢ ᠵᠢᠨ ᠲᠥᠯᠥᠭᠡᠯᠡᠭᠴᠢ 45 ᠬᠥᠮᠦᠨ ᠪᠣᠯᠪᠠᠰᠤᠷᠠᠯ᠎ᠳᠤ ᠣᠷᠣᠯᠴᠠᠪᠠ ᠃
ᠲᠣᠰ ᠤᠳᠠᠭ᠋ᠠᠨ᠎ᠤ ᠪᠣᠯᠪᠠᠰᠤᠷᠠᠯ᠎ᠤᠨ ᠠᠵᠢᠯᠯᠠᠭ᠎ᠠ᠎ᠨᠢ ᠭᠣᠤᠯᠳᠠᠭᠤ 《ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢ᠌ᠭᠡᠮ ᠵᠢᠷᠤᠮ᠎ᠤᠨ ᠦᠵᠡᠯ ᠰᠠᠨᠠᠭ᠎ᠠ ᠵᠢ ᠰᠤᠷᠤᠯᠴᠠᠬᠤ ᠬᠥᠲᠥᠯᠪᠦᠷᠢ》ᠵᠢᠨ ᠬᠣᠯᠪᠣᠭᠳᠠᠯ ᠪᠥᠬᠥᠶ ᠠᠭᠤᠯᠭ᠎ᠠ ᠵᠢᠨ ᠲᠣᠭᠣᠷᠢᠨ᠎ᠳᠤ᠂ ᠦᠬᠠᠶ ᠬᠣᠲᠠ ᠵᠢᠨ ᠰᠣᠶᠣᠯ ᠪᠠ ᠵᠢᠭᠤᠯᠴᠢᠯᠠᠯ᠎ᠤᠨ ᠡᠬᠢ ᠪᠠᠶᠠᠯᠢᠭ᠎ᠲᠠᠢ ᠤᠶᠠᠯᠳᠤᠭᠤᠯᠤᠨ᠂ ᠵᠢᠭᠤᠯᠴᠢᠯᠠᠯ᠎ᠤᠨ ᠵᠠᠬ᠎ᠠ ᠳᠡᠯᠭᠡᠭᠦᠷ᠎ᠤᠨ ᠬᠥᠭᠵᠢᠯᠲᠡ ᠵᠢᠨ ᠬᠡᠷᠡᠭᠴᠡᠭᠡ᠎ᠳᠤ ᠵᠣᠬᠢᠴᠠᠭᠤᠯᠵᠤ᠂ ᠦᠬᠠᠶ ᠬᠣᠲᠠ ᠵᠢᠨ ᠤᠯᠤᠰ᠎ᠤᠨ ᠠᠯᠲᠠᠨ ᠮᠸᠳᠠᠯᠲᠤ ᠵᠢᠭᠤᠯᠴᠢᠯᠠᠯ᠎ᠤᠨ ᠬᠥᠲᠥᠴᠢ ᠮᠸᠩ ᠵᠧᠨ᠎ᠢ ᠲᠤᠰᠬᠠᠢ᠌ᠯᠠᠨ ᠤᠷᠢᠵᠤ ᠪᠣᠳᠠᠲᠤ ᠠᠵᠢᠯᠯᠠᠭ᠎ᠠ᠎ᠪᠠᠷ ᠵᠶ᠋ᠠᠨ ᠤᠯᠠᠮᠵᠢᠯᠠᠭᠤᠯᠪᠠ ᠃ ᠬᠢᠴᠢᠶᠡᠯ᠎ᠤᠨ ᠠᠭᠤᠯᠭ᠎ᠠ ᠵᠢᠭᠤᠯᠴᠢᠯᠠᠯ᠎ᠤᠨ ᠠᠮᠤᠷ ᠲᠦᠪᠰᠢᠨ ᠬᠢᠭᠡᠳ ᠭᠡᠨᠡᠳᠲᠡ ᠵᠢᠨ ᠬᠡᠷᠡᠭ᠎ᠢ ᠰᠢᠢᠳᠪᠦᠷᠢᠯᠡᠬᠦ᠂ ᠬᠡᠷᠬᠢᠨ ᠬᠤᠪᠢ ᠬᠥᠮᠦᠨ᠎ᠤ ᠰᠣᠶᠣᠯ ᠵᠢᠭᠤᠯᠴᠢᠯᠠᠯ᠎ᠤᠨ IP ᠵᠢ ᠡᠭᠦᠲᠦᠨ ᠪᠦᠲᠦᠭᠡᠭᠦ᠂ ᠵᠢᠭᠤᠯᠴᠢᠯᠠᠯ᠎ᠤᠨ ᠬᠥᠲᠥᠴᠢ ᠵᠢᠨ ᠲᠤᠬᠠᠢ᠌ᠯᠠᠭᠰᠠᠨ ᠠᠵᠢᠯ᠎ᠤᠨ ᠮᠡᠷᠭᠡᠵᠢᠯ ᠴᠢᠳᠠᠪᠤᠷᠢ ᠵᠡᠷᠭᠡ ᠲᠤᠰᠬᠠᠶ ᠮᠡᠷᠭᠡᠵᠢᠯ᠎ᠤᠨ ᠮᠡᠳᠡᠯᠭᠡ ᠵᠢ ᠪᠣᠶ ᠪᠣᠯᠭ᠋ᠠᠵᠤ᠂ ᠲᠥᠪᠯᠡᠷᠡᠭᠦᠯᠦᠨ ᠬᠢᠴᠢᠶᠡᠯᠯᠡᠬᠦ ᠠᠷᠭ᠎ᠠ ᠮᠠᠶᠢᠭ᠎ᠢ ᠬᠡᠷᠡᠭᠯᠡᠨ᠂ ᠠᠬᠤᠶ ᠪᠠᠢ᠌ᠳᠠᠯ᠎ᠤᠨ ᠳᠠᠭᠤᠷᠢᠶᠠᠮᠠᠯᠢ ᠳᠣᠪᠣᠢ᠌ᠯᠭ᠋ᠠᠵᠤ᠂ ᠬᠢᠴᠢᠶᠡᠯ᠎ᠤᠨ ᠲᠠᠩᠬᠢᠮ᠎ᠤᠨ ᠦᠢᠯᠡᠳᠦᠯᠴᠡᠯ ᠵᠶ᠋ᠡᠷ ᠪᠤᠯᠪᠠᠰᠤᠷᠠᠯ᠎ᠤᠨ ᠦᠷ᠎ᠡ ᠪᠦᠲᠦᠮᠵᠢ ᠪᠠ ᠶᠠᠰᠤ ᠴᠢᠨᠠᠷ᠎ᠢ ᠦᠨᠡᠨ ᠬᠦ᠌ ᠲᠡᠭᠡᠭᠰᠢᠯᠡᠭᠦᠯᠪᠡ᠃
ᠲᠣᠰ ᠤᠳᠠᠭ᠋ᠠᠨ᠎ᠤ ᠪᠣᠯᠪᠠᠰᠤᠷᠠᠯ ᠵᠶ᠋ᠠᠷ ᠳᠡᠮᠵᠢᠨ᠂ ᠪᠥᠬᠥ ᠬᠣᠲᠠ ᠵᠢᠨ ᠵᠢᠭᠤᠯᠴᠢᠯᠠᠯ᠎ᠤᠨ ᠬᠥᠲᠥᠴᠢ᠂ ᠲᠠᠢ᠌ᠯᠪᠤᠷᠢᠯᠠᠭᠴᠢ ᠵᠢᠨ ᠲᠤᠰᠬᠠᠶ ᠮᠡᠷᠭᠡᠵᠢᠯ᠎ᠤᠨ ᠮᠡᠳᠡᠯᠭᠡ ᠵᠢᠨ ᠠᠭᠤᠯᠤᠭᠳᠠᠬᠤᠨ᠎ᠢ ᠤᠯᠠᠮ ᠨᠢᠭᠡ ᠠᠯᠬᠤᠮ ᠪᠠᠶᠠᠯᠢᠭᠵᠢᠭᠤᠯᠵᠤ᠂ ᠦᠢᠯᠡᠴᠢᠯᠡᠭᠡᠨ᠎ᠤ ᠤᠬᠠᠮᠰᠠᠷ ᠪᠠ ᠴᠢᠨᠠᠷ ᠴᠢᠨᠰᠠᠭ᠎ᠠ ᠵᠢ ᠳᠡᠭᠡᠭᠰᠢᠯᠡᠭᠦᠯᠦᠨ᠂ ᠦᠬᠠᠶ ᠵᠢᠨ ᠵᠢᠭᠤᠯᠴᠢᠯᠠᠯ᠎ᠤᠨ ᠦᠢᠯᠡᠰ᠎ᠤᠨ ᠴᠢᠨᠠᠷ ᠰᠠᠢ᠌ᠲᠠᠶ ᠬᠥᠭᠵᠢᠯᠲᠡ ᠵᠢ ᠠᠬᠢᠭᠤᠯᠪᠠ ᠃