ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠰᠤᠷᠠᠭ ᠵᠠᠩᠬᠢ
ᠬᠡᠷᠡᠭᠯᠡᠭᠡ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠠᠶ᠋ᠢᠮᠠᠭ ᠬᠤᠲᠠ᠎ᠶᠢᠨ ᠰᠣᠨᠣᠰᠬᠠᠯ
ᠬᠢᠩᠭ᠋ᠠᠨ ᠠᠢ᠌ᠮᠠᠭ᠎ᠤᠨ ᠨᠠᠮ᠎ᠤᠨ ᠬᠣᠷᠢᠶ᠎ᠠ ᠵᠢᠨ ᠵᠠᠬᠢᠷᠭ᠎ᠠ ᠵᠢᠨ ᠬᠤᠳᠠᠯᠳᠤᠭ᠎ᠠ ᠡᠵᠡᠩᠨᠡᠬᠦ ᠣᠷᠴᠢᠨ ᠨᠥᠬᠥᠴᠡᠯ᠎ᠢ ᠰᠢᠯᠢᠳᠡᠭᠵᠢᠭᠦᠯᠬᠦ ᠬᠣᠶᠠᠳᠤᠭ᠋ᠠᠷ ᠱᠠᠯᠠᠪᠳᠠᠭᠤᠯᠤᠨ ᠪᠠᠢ᠌ᠴᠠᠭ᠋ᠠᠬᠤ ᠳᠤᠭᠤᠢ᠌ᠯᠠᠩ ᠠᠢ᠌ᠮᠠᠭ᠎ᠤᠨ ᠰᠣᠶᠣᠯ ᠵᠢᠭᠤᠯᠴᠢᠯᠠᠯ ᠪᠡᠶ᠎ᠡ ᠵᠢᠨ ᠲᠠᠮᠢᠷ᠎ᠤᠨ ᠲᠣᠪᠴᠢᠶ᠎ᠠ᠎ᠳᠤ ᠬᠦᠷᠴᠦ ᠱᠠᠯᠠᠪᠳᠠᠭᠤᠯᠤᠨ ᠪᠠᠢ᠌ᠴᠠᠭ᠋ᠠᠵᠤ ᠵᠢᠭ᠋ᠠᠨ ᠵᠢᠯᠣᠭᠣᠳᠪᠠ
ᠨᠡᠶᠢᠲᠡᠯᠡᠭᠰᠡᠨ ᠴᠠᠭ᠄ 2022-05-31

    5 ᠳ᠋ᠤᠭ᠋ᠠᠷ ᠰᠠᠷ᠎ᠠ ᠵᠢᠨ 24᠎ᠤ ᠡᠳᠦᠷ᠂ ᠬᠢᠩᠭ᠋ᠠᠨ ᠠᠢ᠌ᠮᠠᠭ᠎ᠤᠨ ᠨᠠᠮ᠎ᠤᠨ ᠬᠣᠷᠢᠶ᠎ᠠ ᠵᠢᠨ ᠵᠠᠬᠢᠷᠭ᠎ᠠ ᠵᠢᠨ ᠬᠤᠳᠠᠯᠳᠤᠭ᠎ᠠ ᠡᠵᠡᠩᠨᠡᠬᠦ ᠣᠷᠴᠢᠨ ᠨᠥᠬᠥᠴᠡᠯ᠎ᠢ ᠰᠢᠯᠢᠳᠡᠭᠵᠢᠭᠦᠯᠬᠦ ᠬᠣᠶᠠᠳᠤᠭ᠋ᠠᠷ ᠱᠠᠯᠠᠪᠳᠠᠭᠤᠯᠤᠨ ᠪᠠᠢ᠌ᠴᠠᠭ᠋ᠠᠬᠤ ᠳᠤᠭᠤᠢ᠌ᠯᠠᠩ᠎ᠤᠨ 6 ᠬᠥᠮᠦᠨ ᠠᠢ᠌ᠮᠠᠭ᠎ᠤᠨ ᠰᠣᠶᠣᠯ ᠵᠢᠭᠤᠯᠴᠢᠯᠠᠯ ᠪᠡᠶ᠎ᠡ ᠵᠢᠨ ᠲᠠᠮᠢᠷ᠎ᠤᠨ ᠲᠣᠪᠴᠢᠶ᠎ᠠ᠎ᠳᠤ ᠬᠦᠷᠴᠦ ᠬᠤᠳᠠᠯᠳᠤᠭ᠎ᠠ ᠡᠵᠡᠩᠨᠡᠬᠦ ᠣᠷᠴᠢᠨ ᠨᠥᠬᠥᠴᠡᠯ᠎ᠢ ᠰᠢᠯᠢᠳᠡᠭᠵᠢᠭᠦᠯᠬᠦ ᠠᠵᠢᠯ᠎ᠢ ᠠᠬᠢᠭᠤᠯᠤᠨ ᠨᠠᠢ᠌ᠳᠠᠪᠤᠷᠢᠵᠢᠭᠤᠯᠤᠭᠰᠠᠨ ᠪᠠᠢ᠌ᠳᠠᠯ᠎ᠤᠨ ᠲᠤᠬᠠᠶ ᠱᠠᠯᠠᠪᠳᠠᠭᠤᠯᠤᠨ ᠪᠠᠢ᠌ᠴᠠᠭ᠋ᠠᠵᠤ ᠵᠢᠭ᠋ᠠᠨ ᠵᠢᠯᠣᠭᠣᠳᠪᠠ  ᠃ ᠲᠤᠪᠴᠢᠶᠠᠨ ᠎ᠤ ᠨᠠᠮ᠎ᠤᠨ ᠤᠳᠤᠷᠢᠳᠬᠤ ᠳᠤᠭᠤᠢ᠌ᠯᠠᠩ᠎ᠤᠨ ᠪᠦᠷᠢᠯᠳᠦᠬᠦᠨ᠂ ᠲᠤᠪᠴᠢᠶᠠᠨ᠎ᠤ ᠳᠡᠳ᠋ ᠳᠠᠷᠤᠭ᠎ᠠ ᠯᠢᠦ ᡁᠢ ᠰᠠᠭᠤᠳᠠᠯ᠎ᠤᠨ ᠬᠤᠷᠠᠯ᠎ᠢ ᠡᠷᠭᠢᠯᠡᠭᠰᠡᠨ ᠪᠥᠭᠡᠳ ᠠᠢ᠌ᠮᠠᠭ᠎ᠤᠨ ᠰᠣᠶᠣᠯ ᠵᠢᠭᠤᠯᠴᠢᠯᠠᠯ ᠪᠡᠶ᠎ᠡ ᠵᠢᠨ ᠲᠠᠮᠢᠷ᠎ᠤᠨ ᠲᠤᠪᠴᠢᠶᠠᠨ᠎ᠤ 2021 ᠣᠨ᠎ᠤ ᠬᠤᠳᠠᠯᠳᠤᠭ᠎ᠠ ᠡᠵᠡᠩᠨᠡᠬᠦ ᠣᠷᠴᠢᠨ ᠨᠥᠬᠥᠴᠡᠯ᠎ᠢ ᠰᠢᠯᠭ᠋ᠠᠨ ᠦᠨᠡᠯᠡᠬᠦ ᠠᠵᠢᠯ ᠵᠢᠴᠢ ᠥᠪᠡᠷᠲᠡᠭᠡᠨ ᠵᠠᠰᠠᠬᠤ ᠣᠷᠣᠨ᠎ᠤ ᠨᠠᠩ ᠰᠢᠯᠢᠳᠡᠭ ᠬᠤᠳᠠᠯᠳᠤᠭ᠎ᠠ ᠡᠵᠡᠩᠨᠡᠬᠦ ᠣᠷᠴᠢᠨ ᠨᠥᠬᠥᠴᠡᠯ ᠵᠶ᠋ᠡᠷ ᠵᠠᠬ᠎ᠠ ᠳᠡᠯᠭᠡᠭᠦᠷ᠎ᠤᠨ ᠪᠡᠶᠡᠴᠢ ᠴᠣᠭᠴᠠ᠎ᠳᠤ ᠦᠢᠯᠡᠴᠢᠯᠡᠬᠦ ᠠᠵᠢᠯᠯᠠᠭ᠎ᠠ ᠵᠢ ᠨᠠᠢ᠌ᠳᠠᠪᠤᠷᠢᠵᠢᠭᠤᠯᠤᠭᠰᠠᠨ ᠠᠵᠢᠯ᠎ᠤᠨ ᠪᠠᠢ᠌ᠳᠠᠯ᠎ᠢ ᠬᠠᠷᠢᠭᠤ ᠮᠡᠳᠡᠭᠦᠯᠵᠦ᠂ ᠲᠣᠪᠴᠢᠶ᠎ᠠ ᠪᠠᠢ᠌ᠭᠤᠯᠭ᠎ᠠ ᠵᠢᠨ ᠬᠠᠮᠢᠶ᠎ᠠ ᠪᠥᠬᠥᠶ ᠰᠠᠯᠠᠭ᠎ᠠ ᠲᠠᠰᠤᠭ᠎ᠤᠨ ᠬᠠᠷᠢᠭᠤᠴᠠᠯᠭ᠋ᠠᠲᠠᠨ ᠬᠤᠷᠠᠯ᠎ᠳᠤ ᠣᠷᠣᠯᠴᠠᠪᠠ  ᠃
      ᠰᠠᠭᠤᠳᠠᠯ᠎ᠤᠨ ᠬᠤᠷᠠᠯ ᠳᠡᠭᠡᠷ᠎ᠡ᠂ ᠠᠢ᠌ᠮᠠᠭ᠎ᠤᠨ ᠰᠣᠶᠣᠯ ᠵᠢᠭᠤᠯᠴᠢᠯᠠᠯ ᠪᠡᠶ᠎ᠡ ᠵᠢᠨ ᠲᠠᠮᠢᠷ᠎ᠤᠨ ᠲᠣᠪᠴᠢᠶ᠎ᠠ ᠠᠵᠢᠯ ᠥᠷᠨᠢᠭᠦᠯᠦᠭᠰᠡᠨ ᠪᠠᠢ᠌ᠳᠠᠯ ᠵᠶ᠋ᠠᠨ ᠪᠥᠬᠥ ᠲᠠᠯ᠎ᠠ᠎ᠪᠠᠷ ᠬᠠᠷᠢᠭᠤ ᠮᠡᠳᠡᠭᠦᠯᠬᠦ ᠵᠢᠨ ᠬᠠᠮᠲᠤ ᠬᠤᠳᠠᠯᠳᠤᠭ᠎ᠠ ᠡᠵᠡᠩᠨᠡᠬᠦ ᠣᠷᠴᠢᠨ ᠨᠥᠬᠥᠴᠡᠯ᠎ᠢ ᠰᠢᠯᠢᠳᠡᠭᠵᠢᠭᠦᠯᠬᠦ ᠠᠵᠢᠯ᠎ᠤᠨ ᠳᠤᠮᠳᠠ ᠣᠷᠣᠰᠢᠵᠤ ᠪᠠᠢ᠌ᠭ᠎ᠠ ᠠᠰᠠᠭᠤᠳᠠᠯ ᠪᠠ ᠰᠢᠢᠳᠪᠦᠷᠢᠯᠡᠬᠦ ᠠᠷᠭ᠎ᠠ ᠪᠣᠳᠣᠯᠭ᠎ᠠ ᠰᠠᠨᠠᠭᠤᠯᠭ᠎ᠠ ᠵᠢ ᠲᠤᠰᠬᠠᠪᠠ᠃ ᠱᠠᠯᠠᠪᠳᠠᠭᠤᠯᠤᠨ ᠪᠠᠢ᠌ᠴᠠᠭ᠋ᠠᠬᠤ ᠳᠤᠭᠤᠢ᠌ᠯᠠᠩ ᠶᠠᠷᠢᠯᠴᠠᠬᠤ᠂ ᠲᠠᠩᠰᠠ ᠡᠪᠬᠡᠮᠡᠯ᠎ᠢ ᠪᠠᠢ᠌ᠴᠠᠭ᠋ᠠᠨ ᠦᠵᠡᠬᠦ ᠠᠷᠭ᠎ᠠ ᠬᠡᠯᠪᠡᠷᠢ᠎ᠪᠠᠷ ᠳᠠᠮᠵᠢᠭᠤᠯᠤᠨ ᠠᠢ᠌ᠮᠠᠭ᠎ᠤᠨ ᠰᠣᠶᠣᠯ ᠵᠢᠭᠤᠯᠴᠢᠯᠠᠯ ᠪᠡᠶ᠎ᠡ ᠵᠢᠨ ᠲᠠᠮᠢᠷ᠎ᠤᠨ ᠲᠤᠪᠴᠢᠶᠠᠨ᠎ᠤ ᠬᠤᠳᠠᠯᠳᠤᠭ᠎ᠠ ᠡᠵᠡᠩᠨᠡᠬᠦ ᠣᠷᠴᠢᠨ ᠨᠥᠬᠥᠴᠡᠯ᠎ᠢ ᠰᠢᠯᠢᠳᠡᠭᠵᠢᠭᠦᠯᠬᠦ ᠠᠵᠢᠯ᠎ᠢ ᠭᠦᠢᠴᠡᠳ ᠣᠢ᠌ᠯᠠᠭ᠋ᠠᠭᠰᠠᠨ ᠪᠥᠭᠡᠳ ᠭᠦᠢᠴᠡᠳ ᠨᠤᠲᠠᠯᠠᠪᠠ  ᠃ ᠡᠭᠦᠨ᠎ᠤ ᠬᠠᠮᠲᠤ ᠵᠢᠭᠤᠯᠴᠢᠯᠠᠯ᠎ᠤᠨ ᠠᠵᠤ ᠠᠬᠤᠢ᠌ᠯᠠᠯ᠎ᠤᠨ ᠬᠥᠭᠵᠢᠯᠲᠡ ᠵᠢ ᠲᠡᠳᠬᠦᠬᠦ᠂ ᠬᠤᠳᠠᠯᠳᠤᠭ᠎ᠠ ᠡᠵᠡᠩᠨᠡᠬᠦ ᠣᠷᠴᠢᠨ ᠨᠥᠬᠥᠴᠡᠯ᠎ᠢ ᠰᠢᠯᠢᠳᠡᠭᠵᠢᠭᠦᠯᠬᠦ᠎ᠪᠠᠷ ᠲᠦᠷᠦᠭᠦᠯᠡᠭᠦᠯᠦᠭᠰᠡᠨ ᠡᠭᠦᠷᠭᠡ ᠵᠢ ᠨᠠᠢ᠌ᠳᠠᠪᠤᠷᠢᠵᠢᠭᠤᠯᠬᠤ᠂ ᠡᠭᠦᠷᠭᠡ ᠵᠢ ᠠᠬᠢᠭᠤᠯᠬᠤ᠎ᠳᠤ ᠬᠠᠮᠵᠢᠯᠴᠠᠬᠤ᠂ ᠲᠣᠭ᠎ᠠ ᠪᠠᠷᠢᠮᠲᠠ ᠵᠢ ᠴᠤᠭᠯᠠᠭᠤᠯᠤᠨ ᠬᠠᠮᠲᠤ᠎ᠪᠠᠷ ᠡᠳ᠋ᠯᠡᠬᠦ᠂ ᠬᠠᠤᠯᠢ ᠬᠡᠷᠡᠭᠵᠢᠭᠦᠯᠦᠯᠲᠡ ᠵᠢᠨ ᠪᠠᠢ᠌ᠴᠠᠭ᠋ᠠᠯᠲᠠ ᠵᠡᠷᠭᠡ ᠲᠠᠯ᠎ᠠ ᠵᠢᠨ ᠠᠵᠢᠯ᠎ᠢ ᠤᠯᠠᠮ ᠨᠢᠭᠡ ᠠᠯᠬᠤᠮ ᠪᠠᠢ᠌ᠴᠠᠭ᠋ᠠᠨ ᠰᠤᠳᠤᠯᠵᠤ᠂ ᠵᠢᠭ᠋ᠠᠨ ᠵᠢᠯᠣᠭᠣᠳᠪᠠ  ᠃
      ᠲᠠᠷᠠᠭ᠋ᠠᠴᠢ ᠵᠢᠨ ᠠᠯᠬᠤᠮ᠎ᠳᠤ᠂ ᠠᠢ᠌ᠮᠠᠭ᠎ᠤᠨ ᠰᠣᠶᠣᠯ ᠵᠢᠭᠤᠯᠴᠢᠯᠠᠯ ᠪᠡᠶ᠎ᠡ ᠵᠢᠨ ᠲᠠᠮᠢᠷ᠎ᠤᠨ ᠲᠣᠪᠴᠢᠶ᠎ᠠ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠠᠩ ᠰᠢᠯᠢᠳᠡᠭ ᠬᠤᠳᠠᠯᠳᠤᠭ᠎ᠠ ᠡᠵᠡᠩᠨᠡᠬᠦ ᠣᠷᠴᠢᠨ ᠨᠥᠬᠥᠴᠡᠯ ᠵᠶ᠋ᠡᠷ ᠵᠠᠬ᠎ᠠ ᠳᠡᠯᠭᠡᠭᠦᠷ᠎ᠤᠨ ᠭᠣᠤᠯ ᠴᠣᠭᠴᠠ᠎ᠳᠤ ᠦᠢᠯᠡᠴᠢᠯᠡᠬᠦ ᠠᠵᠢᠯᠯᠠᠭ᠋ᠠᠨ᠎ᠤ ᠲᠥᠰᠦᠯ》᠎ᠤᠨ ᠱᠠᠭ᠋ᠠᠷᠳᠠᠯᠭ᠎ᠠ ᠶᠣᠰᠣᠭ᠋ᠠᠷ᠂ ᠵᠠᠬ᠎ᠠ ᠳᠡᠯᠭᠡᠭᠦᠷ᠎ᠤᠨ ᠭᠣᠤᠯ ᠴᠣᠭᠴᠠ ᠵᠢᠨ ᠠᠵᠢᠯᠯᠠᠭ᠎ᠠ᠎ᠳᠤ ᠦᠢᠯᠡᠴᠢᠯᠡᠬᠦ ᠵᠢᠴᠢ ᠬᠤᠳᠠᠯᠳᠤᠭ᠎ᠠ ᠡᠵᠡᠩᠨᠡᠬᠦ ᠣᠷᠴᠢᠨ ᠨᠥᠬᠥᠴᠡᠯ᠎ᠢ ᠰᠢᠯᠭ᠋ᠠᠨ ᠦᠨᠡᠯᠡᠬᠦ ᠠᠵᠢᠯ᠎ᠢ ᠪᠥᠬᠥ ᠲᠠᠯ᠎ᠠ ᠵᠢᠨ ᠠᠵᠢᠯ᠎ᠤᠨ ᠲᠣᠪᠣᠢ᠌ᠮ᠎ᠠ ᠪᠠᠢ᠌ᠷᠢᠨ᠎ᠳᠤ ᠲᠠᠯᠪᠢᠵᠤ᠂ ᠵᠠᠬ᠎ᠠ ᠳᠡᠯᠭᠡᠭᠦᠷ᠎ᠤᠨ ᠦᠨᠡᠯᠡᠯᠲᠡ᠎ᠪᠠᠷ ᠨᠢᠭᠡᠳᠦᠭᠡᠷ ᠦᠨᠡᠯᠡᠯᠲᠡ ᠪᠣᠯᠭ᠋ᠠᠬᠤ ᠵᠢ ᠪᠠᠷᠢᠮᠲᠠᠯᠠᠨ᠂ ᠪᠥᠬᠥ ᠲᠠᠯ᠎ᠠ ᠵᠢᠨ ᠦᠵᠡᠯᠲᠡ᠎ᠪᠠᠨ ᠤᠯᠠᠮ ᠨᠢᠭᠡ ᠠᠯᠬᠤᠮ ᠴᠢᠩᠭ᠋ᠠᠷᠠᠭᠤᠯᠵᠤ᠂ ᠰᠢᠯᠭ᠋ᠠᠨ ᠦᠨᠡᠯᠡᠬᠦ ᠪᠠ ᠪᠣᠳᠠᠲᠠᠶ᠎ᠳᠤ ᠨᠠᠢ᠌ᠳᠠᠪᠤᠷᠢᠵᠢᠭᠤᠯᠤᠨ ᠦᠷ᠎ᠡ ᠪᠦᠲᠦᠮᠵᠢ ᠭᠠᠷᠭ᠋ᠠᠬᠤ ᠵᠢ ᠴᠢᠩᠭ᠎ᠠ ᠠᠳᠬᠤᠨ᠂ ᠦᠨᠡᠯᠡᠯᠲᠡ᠎ᠪᠠᠷ ᠥᠭᠡᠷᠡᠴᠢᠯᠡᠯᠲᠡ ᠵᠢ ᠠᠬᠢᠭᠤᠯᠬᠤ᠂ ᠦᠨᠡᠯᠡᠯᠲᠡ᠎ᠪᠠᠷ ᠰᠢᠯᠢᠳᠡᠭ᠎ᠢ ᠠᠬᠢᠭᠤᠯᠬᠤ ᠵᠢ ᠪᠡᠶᠡᠯᠡᠭᠦᠯᠵᠦ᠂ ᠠᠢ᠌ᠮᠠᠭ᠎ᠤᠨ ᠰᠣᠶᠣᠯ ᠵᠢᠭᠤᠯᠴᠢᠯᠠᠯ ᠪᠡᠶ᠎ᠡ ᠵᠢᠨ ᠲᠠᠮᠢᠷ᠎ᠤᠨ ᠰᠢᠰᠲ᠋ᠧᠮ᠎ᠤᠨ ᠬᠤᠳᠠᠯᠳᠤᠭ᠎ᠠ ᠡᠵᠡᠩᠨᠡᠬᠦ ᠣᠷᠴᠢᠨ ᠨᠥᠬᠥᠴᠡᠯ᠎ᠢ ᠰᠢᠯᠢᠳᠡᠭᠵᠢᠭᠦᠯᠬᠦ ᠵᠢ ᠨᠠᠩ ᠥᠨᠳᠥᠷ ᠲᠦᠪᠰᠢᠨ᠎ᠳᠤ ᠬᠦᠷᠭᠡᠬᠦ ᠵᠢ ᠦᠷᠭᠦᠯᠵᠢᠯᠡᠨ ᠠᠬᠢᠭᠤᠯᠤᠨ᠎ᠠ  ᠃

ᠢᠷᠡᠯᠲᠡ᠄ ᠬᠢᠩᠭ᠋ᠠᠨ ᠠᠢ᠌ᠮᠠᠭ᠎ᠤᠨ ᠰᠣᠶᠣᠯ ᠵᠢᠭᠤᠯᠴᠢᠯᠠᠯ ᠪᠡᠶ᠎ᠡ ᠵᠢᠨ ᠲᠠᠮᠢᠷ᠎ᠤᠨ ᠲᠣᠪᠴᠢᠶ᠎ᠠ
          
ᠬᠠᠮᠢᠶ᠎ᠡ ᠪᠦᠬᠦᠢ ᠰᠣᠨᠢᠨ
ᠦᠬᠠᠶ ᠬᠣᠲᠠ ᠵᠢᠨ ᠰᠣᠶᠣᠯ ᠪᠡᠶ᠎ᠡ ᠵᠢᠨ ᠲᠠᠮᠢᠷ ᠵᠢᠭᠤᠯᠴᠢᠯᠠᠯ ᠷᠠᠳᠢᠣ᠋ ᠲᠧᠯᠸᠢᠰ᠎ᠤᠨ ᠲᠣᠪᠴᠢᠶ᠎ᠠ ᠪᠥᠬᠥ ᠬᠣᠲᠠ ᠵᠢᠨ ᠵᠢᠭᠤᠯᠴᠢᠯᠠᠯ᠎ᠤᠨ ᠬᠥᠲᠥᠴᠢ᠂ ᠲᠠᠢ᠌ᠯᠪᠤᠷᠢᠯᠠᠭᠴᠢ ᠵᠢᠨ ᠦᠢᠯᠡᠴᠢᠯᠡᠭᠡᠨ᠎ᠤ ᠶᠠᠰᠤ ᠴᠢᠨᠠᠷ᠎ᠢ ᠳᠡᠭᠡᠭᠰᠢᠯᠡᠭᠦᠯᠬᠦ ᠪᠣᠯᠪᠠᠰᠤᠷᠠᠯ᠎ᠤᠨ ᠠᠩᠭᠢ ᠡᠷᠭᠢᠯᠡᠪᠡ
ᠥᠪᠡᠷᠲᠡᠭᠡᠨ ᠵᠠᠰᠠᠬᠤ ᠣᠷᠣᠨ᠎ᠤ ᠬᠠᠲᠤᠨ ᠭᠣᠤᠯ᠎ᠤᠨ ᠤᠯᠤᠰ᠎ᠤᠨ ᠰᠣᠶᠣᠯ᠎ᠤᠨ ᠴᠡᠴᠡᠷᠯᠢᠭ᠎ᠤᠨ ᠪᠥᠲᠥᠭᠡᠨ ᠪᠠᠢ᠌ᠭᠤᠯᠤᠯᠲᠠ ᠵᠢ ᠠᠬᠢᠭᠤᠯᠬᠤ ᠵᠢ ᠪᠠᠢ᠌ᠴᠠᠭ᠋ᠠᠨ ᠰᠤᠳᠤᠯᠬᠤ ᠰᠠᠭᠤᠳᠠᠯ᠎ᠤᠨ ᠬᠤᠷᠠᠯ ᠪᠠᠶᠠᠨᠨᠠᠭᠤᠷ ᠬᠣᠲᠠ᠎ᠳᠤ ᠪᠣᠯᠪᠠ
ᠤᠯᠠᠭ᠋ᠠᠨᠴᠠᠪ ᠬᠣᠲᠠ ᠵᠢᠨ ᠲᠠᠪᠤᠨ ᠰᠠᠷ᠎ᠠ ᠵᠢᠨ ᠰᠢᠨ᠎ᠡ ᠵᠢᠨ ᠲᠠᠪᠤᠨ᠎ᠤ ᠠᠮᠠᠷᠠᠯᠲᠠ ᠵᠢᠨ ᠵᠢᠭᠤᠯᠴᠢᠯᠠᠯ᠎ᠤᠨ ᠵᠠᠬ᠎ᠠ ᠳᠡᠯᠭᠡᠭᠦᠷ᠎ᠤᠨ ᠠᠵᠢᠯᠯᠠᠭ᠋ᠠᠨ ᠲᠠᠢ᠌ᠪᠤᠭᠤᠨ ᠲᠣᠭᠲᠠᠭᠤᠨ
ᠪᠤᠭᠤᠲᠤ ᠬᠣᠲᠠ ᠵᠢᠨ ᠰᠣᠶᠣᠯ ᠵᠢᠭᠤᠯᠴᠢᠯᠠᠯ ᠷᠠᠳᠢᠣ᠋ ᠲᠧᠯᠸᠢᠰ᠎ᠤᠨ ᠲᠣᠪᠴᠢᠶ᠎ᠠ ᠵᠢᠨ ᠨᠠᠰᠤᠵᠢᠯ᠎ᠤᠨ ᠠᠰᠠᠷᠠᠮᠵᠢ ᠵᠢᠨ ᠮᠡᠬᠡᠯᠡᠯ᠎ᠳᠤ ᠴᠣᠬᠢᠯᠲᠠ ᠥᠭᠬᠦ ᠤᠬᠠᠭᠤᠯᠭ᠎ᠠ ᠵᠢ ᠨᠡᠢ᠌ᠭᠡᠮ ᠲᠣᠭᠣᠷᠢᠭ᠎ᠲᠤ ᠣᠷᠣᠭᠤᠯᠬᠤ ᠠᠵᠢᠯᠯᠠᠭ᠎ᠠ
ᠠᠯᠠᠱ᠌ᠠ ᠠᠢ᠌ᠮᠠᠭ ᠰᠣᠶᠣᠯ ᠵᠢᠭᠤᠯᠴᠢᠯᠠᠯ᠎ᠤᠨ ᠠᠵᠤ ᠠᠬᠤᠢ᠌ᠯᠠᠯ᠎ᠤᠨ ᠰᠠᠭᠤᠳᠠᠯ ᠎ᠤᠨ ᠬᠤᠷᠠᠯ᠎ᠢ ᠵᠣᠬᠢᠶᠠᠨ ᠪᠠᠢ᠌ᠭᠤᠯᠤᠨ ᠬᠤᠷᠠᠯᠳᠤᠭᠤᠯᠪᠠ
 
            