ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠰᠤᠷᠠᠭ ᠵᠠᠩᠬᠢ
ᠬᠡᠷᠡᠭᠯᠡᠭᠡ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠠᠶ᠋ᠢᠮᠠᠭ ᠬᠤᠲᠠ᠎ᠶᠢᠨ ᠰᠣᠨᠣᠰᠬᠠᠯ
ᠭᠦᠶᠡᠩ ᠰᠢᠶᠠᠨ᠎ᠤ ᠨᠣᠮ᠎ᠤᠨ ᠰᠠᠩ ᠶᠡᠷᠦᠩᠬᠡᠶ ᠬᠤᠪᠢᠶᠠᠷᠢ ᠣᠷᠳᠣᠨ᠎ᠤ ᠲᠣᠭ᠋ᠠᠵᠢᠭᠤᠯᠤᠭᠰᠠᠨ ᠠᠵᠢᠯᠯᠠᠭ᠎ᠠ ᠵᠢᠴᠢ ᠰᠠᠭ᠋ᠠᠳ ᠦᠭᠡᠢ ᠵᠢᠭᠡᠯᠡᠵᠦ ᠰᠠᠭ᠋ᠠᠳ ᠦᠭᠡᠢ ᠪᠤᠴᠠᠭ᠋ᠠᠬᠤ ᠡᠬᠢᠯᠡᠯᠲᠡ ᠵᠢᠨ ᠶᠣᠰᠣᠯᠠᠯ ᠶᠠᠪᠤᠭᠤᠯᠪᠠ
ᠨᠡᠶᠢᠲᠡᠯᠡᠭᠰᠡᠨ ᠴᠠᠭ᠄ 2022-05-31

     5 ᠳ᠋ᠤᠭ᠋ᠠᠷ ᠰᠠᠷ᠎ᠠ ᠵᠢᠨ 24᠎ᠤ ᠡᠳᠦᠷ᠂ ᠭᠦᠶᠡᠩ ᠰᠢᠶᠠᠨ᠎ᠤ ᠨᠣᠮ᠎ᠤᠨ ᠰᠠᠩ ᠶᠡᠷᠦᠩᠬᠡᠶ ᠬᠤᠪᠢᠶᠠᠷᠢ ᠣᠷᠳᠣᠨ᠎ᠤ ᠲᠣᠭ᠋ᠠᠵᠢᠭᠤᠯᠤᠭᠰᠠᠨ   ᠠᠵᠢᠯᠯᠠᠭ᠎ᠠ ᠵᠢᠴᠢ ᠨᠣᠮ ᠪᠢᠴᠢᠭ ᠰᠠᠭ᠋ᠠᠳ ᠦᠭᠡᠢ ᠵᠢᠭᠡᠯᠡᠵᠦ ᠰᠠᠭ᠋ᠠᠳ ᠦᠭᠡᠢ ᠪᠤᠴᠠᠭ᠋ᠠᠬᠤ ᠡᠬᠢᠯᠡᠯᠲᠡ ᠵᠢᠨ ᠶᠣᠰᠣᠯᠠᠯ ᠶᠠᠪᠤᠭᠤᠯᠪᠠ᠃
      ᠨᠣᠮ᠎ᠤᠨ ᠰᠠᠩ᠎ᠤᠨ ᠡᠬᠢ ᠪᠠᠶᠠᠯᠢᠭ᠎ᠢ ᠬᠠᠮᠲᠤ᠎ᠪᠠᠷ ᠪᠠᠢ᠌ᠭᠤᠯᠵᠤ ᠬᠠᠮᠲᠤ᠎ᠪᠠᠷ ᠡᠳ᠋ᠯᠡᠬᠦ ᠵᠢ ᠠᠬᠢᠭᠤᠯᠤᠨ᠂ ᠣᠯᠠᠨ ᠨᠡᠢ᠌ᠲᠡ ᠵᠢᠨ ᠰᠣᠶᠣᠯ᠎ᠤᠨ ᠦᠢᠯᠡᠴᠢᠯᠡᠭᠡᠨ᠎ᠤ ᠶᠠᠰᠤ ᠴᠢᠨᠠᠷ ᠪᠠ ᠦᠷ᠎ᠡ ᠠᠰᠢᠭ᠎ᠢ ᠦᠨᠡᠨ ᠬᠦ᠌ ᠳᠡᠭᠡᠭᠰᠢᠯᠡᠭᠦᠯᠵᠦ᠂ ᠣᠯᠠᠨ ᠲᠦᠮᠡᠨ᠎ᠳᠤ ᠰᠣᠶᠣᠯ᠎ᠤᠨ ᠬᠥᠭᠵᠢᠯᠲᠡ ᠵᠢᠨ ᠦᠷ᠎ᠡ ᠪᠦᠲᠦᠭᠡᠯ᠎ᠢ ᠬᠠᠮᠲᠤ᠎ᠪᠠᠷ ᠡᠳ᠋ᠯᠡᠭᠦᠯᠬᠦ ᠵᠢᠨ ᠲᠥᠯᠥᠭᠡ᠂ ᠭᠦᠶᠡᠩ ᠰᠢᠶᠠᠨ ᠬᠣᠲᠠ ᠵᠢᠨ ᠨᠣᠮ᠎ᠤᠨ ᠰᠠᠩ ᠵᠶ᠋ᠠᠷ ᠭᠣᠤᠯ ᠰᠠᠩ ᠪᠣᠯᠭ᠋ᠠᠭᠰᠠᠨ᠂ ᠭᠦᠶᠡᠩ ᠰᠢᠶᠠᠨ᠎ᠤ ᠨᠣᠮ᠎ᠤᠨ ᠰᠠᠩ ᠵᠶ᠋ᠠᠷ ᠶᠡᠷᠦᠩᠬᠡᠶ ᠰᠠᠩ ᠪᠣᠯᠭ᠋ᠠᠭᠰᠠᠨ᠂ ᠪᠠᠯᠭ᠋ᠠᠰᠤᠨ᠎ᠤ ᠨᠣᠮ᠎ᠤᠨ ᠲᠠᠰᠤᠭ ᠵᠶ᠋ᠠᠷ ᠬᠤᠪᠢᠶᠠᠷᠢ ᠰᠠᠩ ᠪᠣᠯᠭ᠋ᠠᠭᠰᠠᠨ ᠭᠤᠷᠪᠠᠨ ᠱᠠᠲᠤᠨ᠎ᠤ ᠨᠣᠮ᠎ᠤᠨ ᠰᠠᠩ (ᠲᠠᠰᠤᠭ)᠎ᠢ ᠰᠠᠭ᠋ᠠᠳ ᠦᠭᠡᠢ ᠵᠢᠭᠡᠯᠡᠵᠦ ᠰᠠᠭ᠋ᠠᠳ ᠦᠭᠡᠢ ᠪᠤᠴᠠᠭ᠋ᠠᠬᠤ ᠲᠣᠭᠲᠠᠴᠠ ᠵᠢ ᠢᠳᠡᠪᠬᠢᠲᠡᠶ ᠪᠠᠢ᠌ᠭᠤᠯᠵᠤ᠂ ᠠᠷᠠᠳ ᠣᠯᠠᠨ᠎ᠤ ᠰᠣᠶᠣᠯ᠎ᠤᠨ ᠬᠡᠷᠡᠭᠴᠡᠭᠡ ᠱᠠᠭ᠋ᠠᠷᠳᠠᠯᠭ᠎ᠠ ᠵᠢ ᠣᠨᠣᠪᠴᠢᠲᠠᠶ ᠵᠣᠯᠭ᠋ᠠᠭᠤᠯᠤᠨ᠂ ᠬᠣᠲᠠ᠂ ᠰᠢᠶᠠᠨ᠂ ᠪᠠᠯᠭ᠋ᠠᠰᠤ ᠭᠤᠷᠪᠠᠨ ᠱᠠᠲᠤᠨ᠎ᠤ ᠣᠯᠠᠨ ᠨᠡᠢ᠌ᠲᠡ ᠵᠢᠨ ᠨᠣᠮ᠎ᠤᠨ ᠰᠠᠩ᠎ᠤᠨ ᠪᠡᠬᠢᠯᠡᠯᠲᠡ ᠵᠢ ᠨᠡᠪᠲᠡᠷᠡᠭᠦᠯᠵᠦ᠂ ᠦᠨᠳᠦᠰᠦᠨ ᠱᠠᠲᠤᠨ᠎ᠤ ᠰᠣᠶᠣᠯ᠎ᠤᠨ ᠡᠬᠢ ᠪᠠᠶᠠᠯᠢᠭ᠎ᠢ ᠬᠠᠮᠲᠤ᠎ᠪᠠᠷ ᠪᠠᠢ᠌ᠭᠤᠯᠵᠤ ᠬᠠᠮᠲᠤ᠎ᠪᠠᠷ ᠡᠳ᠋ᠯᠡᠬᠦ ᠵᠢ ᠪᠡᠶᠡᠯᠡᠭᠦᠯᠪᠡ᠃ ᠶᠣᠰᠣᠯᠠᠯ ᠳᠡᠭᠡᠷ᠎ᠡ ᠪᠠᠰᠠ 6 ᠪᠠᠯᠭ᠋ᠠᠰᠤᠨ᠎ᠤ ᠨᠣᠮ᠎ᠤᠨ ᠰᠠᠩ᠎ᠤᠨ ᠬᠤᠪᠢᠶᠠᠷᠢ ᠰᠠᠩ᠎ᠳᠤ ᠫᠠᠢ᠌ᠰᠠ ᠣᠯᠭᠣᠪᠠ᠃

ᠢᠷᠡᠯᠲᠡ᠄ ᠪᠤᠭᠤᠲᠤ ᠬᠣᠲᠠ ᠵᠢᠨ ᠰᠣᠶᠣᠯ ᠵᠢᠭᠤᠯᠴᠢᠯᠠᠯ ᠷᠠᠳᠢᠣ᠋ ᠲᠧᠯᠸᠢᠰ᠎ᠤᠨ ᠲᠣᠪᠴᠢᠶ᠎ᠠ
          
ᠬᠠᠮᠢᠶ᠎ᠡ ᠪᠦᠬᠦᠢ ᠰᠣᠨᠢᠨ
ᠬᠢᠩᠭ᠋ᠠᠨ ᠠᠢ᠌ᠮᠠᠭ᠎ᠤᠨ ᠨᠠᠮ᠎ᠤᠨ ᠬᠣᠷᠢᠶ᠎ᠠ ᠵᠢᠨ ᠵᠠᠬᠢᠷᠭ᠎ᠠ ᠵᠢᠨ ᠬᠤᠳᠠᠯᠳᠤᠭ᠎ᠠ ᠡᠵᠡᠩᠨᠡᠬᠦ ᠣᠷᠴᠢᠨ ᠨᠥᠬᠥᠴᠡᠯ᠎ᠢ ᠰᠢᠯᠢᠳᠡᠭᠵᠢᠭᠦᠯᠬᠦ ᠬᠣᠶᠠᠳᠤᠭ᠋ᠠᠷ ᠱᠠᠯᠠᠪᠳᠠᠭᠤᠯᠤᠨ ᠪᠠᠢ᠌ᠴᠠᠭ᠋ᠠᠬᠤ ᠳᠤᠭᠤᠢ᠌ᠯᠠᠩ ᠠᠢ᠌ᠮᠠᠭ᠎ᠤᠨ ᠰᠣᠶᠣᠯ ᠵᠢᠭᠤᠯᠴᠢᠯᠠᠯ ᠪᠡᠶ᠎ᠡ ᠵᠢᠨ ᠲᠠᠮᠢᠷ᠎ᠤᠨ ᠲᠣᠪᠴᠢᠶ᠎ᠠ᠎ᠳᠤ ᠬᠦᠷᠴᠦ ᠱᠠᠯᠠᠪᠳᠠᠭᠤᠯᠤᠨ ᠪᠠᠢ᠌ᠴᠠᠭ᠋ᠠᠵᠤ ᠵᠢᠭ᠋ᠠᠨ ᠵᠢᠯᠣᠭᠣᠳᠪᠠ
ᠦᠬᠠᠶ ᠬᠣᠲᠠ ᠵᠢᠨ ᠰᠣᠶᠣᠯ ᠪᠡᠶ᠎ᠡ ᠵᠢᠨ ᠲᠠᠮᠢᠷ ᠵᠢᠭᠤᠯᠴᠢᠯᠠᠯ ᠷᠠᠳᠢᠣ᠋ ᠲᠧᠯᠸᠢᠰ᠎ᠤᠨ ᠲᠣᠪᠴᠢᠶ᠎ᠠ ᠪᠥᠬᠥ ᠬᠣᠲᠠ ᠵᠢᠨ ᠵᠢᠭᠤᠯᠴᠢᠯᠠᠯ᠎ᠤᠨ ᠬᠥᠲᠥᠴᠢ᠂ ᠲᠠᠢ᠌ᠯᠪᠤᠷᠢᠯᠠᠭᠴᠢ ᠵᠢᠨ ᠦᠢᠯᠡᠴᠢᠯᠡᠭᠡᠨ᠎ᠤ ᠶᠠᠰᠤ ᠴᠢᠨᠠᠷ᠎ᠢ ᠳᠡᠭᠡᠭᠰᠢᠯᠡᠭᠦᠯᠬᠦ ᠪᠣᠯᠪᠠᠰᠤᠷᠠᠯ᠎ᠤᠨ ᠠᠩᠭᠢ ᠡᠷᠭᠢᠯᠡᠪᠡ
ᠥᠪᠡᠷᠲᠡᠭᠡᠨ ᠵᠠᠰᠠᠬᠤ ᠣᠷᠣᠨ᠎ᠤ ᠬᠠᠲᠤᠨ ᠭᠣᠤᠯ᠎ᠤᠨ ᠤᠯᠤᠰ᠎ᠤᠨ ᠰᠣᠶᠣᠯ᠎ᠤᠨ ᠴᠡᠴᠡᠷᠯᠢᠭ᠎ᠤᠨ ᠪᠥᠲᠥᠭᠡᠨ ᠪᠠᠢ᠌ᠭᠤᠯᠤᠯᠲᠠ ᠵᠢ ᠠᠬᠢᠭᠤᠯᠬᠤ ᠵᠢ ᠪᠠᠢ᠌ᠴᠠᠭ᠋ᠠᠨ ᠰᠤᠳᠤᠯᠬᠤ ᠰᠠᠭᠤᠳᠠᠯ᠎ᠤᠨ ᠬᠤᠷᠠᠯ ᠪᠠᠶᠠᠨᠨᠠᠭᠤᠷ ᠬᠣᠲᠠ᠎ᠳᠤ ᠪᠣᠯᠪᠠ
ᠤᠯᠠᠭ᠋ᠠᠨᠴᠠᠪ ᠬᠣᠲᠠ ᠵᠢᠨ ᠲᠠᠪᠤᠨ ᠰᠠᠷ᠎ᠠ ᠵᠢᠨ ᠰᠢᠨ᠎ᠡ ᠵᠢᠨ ᠲᠠᠪᠤᠨ᠎ᠤ ᠠᠮᠠᠷᠠᠯᠲᠠ ᠵᠢᠨ ᠵᠢᠭᠤᠯᠴᠢᠯᠠᠯ᠎ᠤᠨ ᠵᠠᠬ᠎ᠠ ᠳᠡᠯᠭᠡᠭᠦᠷ᠎ᠤᠨ ᠠᠵᠢᠯᠯᠠᠭ᠋ᠠᠨ ᠲᠠᠢ᠌ᠪᠤᠭᠤᠨ ᠲᠣᠭᠲᠠᠭᠤᠨ
ᠪᠤᠭᠤᠲᠤ ᠬᠣᠲᠠ ᠵᠢᠨ ᠰᠣᠶᠣᠯ ᠵᠢᠭᠤᠯᠴᠢᠯᠠᠯ ᠷᠠᠳᠢᠣ᠋ ᠲᠧᠯᠸᠢᠰ᠎ᠤᠨ ᠲᠣᠪᠴᠢᠶ᠎ᠠ ᠵᠢᠨ ᠨᠠᠰᠤᠵᠢᠯ᠎ᠤᠨ ᠠᠰᠠᠷᠠᠮᠵᠢ ᠵᠢᠨ ᠮᠡᠬᠡᠯᠡᠯ᠎ᠳᠤ ᠴᠣᠬᠢᠯᠲᠠ ᠥᠭᠬᠦ ᠤᠬᠠᠭᠤᠯᠭ᠎ᠠ ᠵᠢ ᠨᠡᠢ᠌ᠭᠡᠮ ᠲᠣᠭᠣᠷᠢᠭ᠎ᠲᠤ ᠣᠷᠣᠭᠤᠯᠬᠤ ᠠᠵᠢᠯᠯᠠᠭ᠎ᠠ
 
            