ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠰᠤᠷᠠᠭ ᠵᠠᠩᠬᠢ
ᠬᠡᠷᠡᠭᠯᠡᠭᠡ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠠᠶ᠋ᠢᠮᠠᠭ ᠬᠤᠲᠠ᠎ᠶᠢᠨ ᠰᠣᠨᠣᠰᠬᠠᠯ
ᠦᠬᠠᠶ ᠬᠣᠲᠠ ᠵᠢᠨ ᠰᠣᠶᠣᠯ ᠪᠡᠶ᠎ᠡ ᠵᠢᠨ ᠲᠠᠮᠢᠷ ᠵᠢᠭᠤᠯᠴᠢᠯᠠᠯ ᠷᠠᠳᠢᠣ᠋ ᠲᠧᠯᠸᠢᠰ᠎ᠤᠨ ᠲᠣᠪᠴᠢᠶ᠎ᠠ ᠪᠥᠬᠥ ᠬᠣᠲᠠ ᠵᠢᠨ ᠰᠣᠶᠣᠯ ᠵᠢᠭᠤᠯᠴᠢᠯᠠᠯ᠎ᠤᠨ ᠰᠢᠰᠲ᠋ᠧᠮ᠎ᠤᠨ ᠬᠤᠳᠠᠯᠳᠤᠭ᠋ᠠᠴᠢᠨ ᠤᠷᠢᠵᠤ ᠪᠠᠯᠠ ᠣᠷᠣᠭᠤᠯᠬᠤ ᠠᠵᠢᠯ᠎ᠢ ᠠᠬᠢᠭᠤᠯᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄ 2022-07-11

      ᠪᠥᠬᠥ ᠬᠣᠲᠠ ᠵᠢᠨ ᠰᠣᠶᠣᠯ ᠵᠢᠭᠤᠯᠴᠢᠯᠠᠯ᠎ᠤᠨ ᠰᠢᠰᠲ᠋ᠧᠮ᠎ᠤᠨ ᠬᠤᠳᠠᠯᠳᠤᠭ᠋ᠠᠴᠢᠨ ᠤᠷᠢᠵᠤ ᠪᠠᠯᠠ ᠣᠷᠣᠭᠤᠯᠬᠤ ᠠᠵᠢᠯ᠎ᠤᠨ ᠠᠬᠢᠴᠠ ᠵᠢ ᠲᠦᠷᠭᠡᠳᠬᠡᠨ ᠠᠬᠢᠭᠤᠯᠵᠤ᠂ ᠦᠬᠠᠶ ᠵᠢᠨ ᠰᠣᠶᠣᠯ ᠵᠢᠭᠤᠯᠴᠢᠯᠠᠯ᠎ᠤᠨ ᠡᠬᠢ ᠪᠠᠶᠠᠯᠢᠭ᠎ᠤᠨ ᠳᠠᠪᠠᠭᠤᠯᠢᠭ᠎ᠢ ᠠᠵᠤ ᠦᠢᠯᠡᠰ᠎ᠤᠨ ᠬᠥᠭᠵᠢᠯᠲᠡ ᠵᠢᠨ ᠳᠠᠪᠠᠭᠤᠯᠢᠭ ᠪᠣᠯᠭ᠋ᠠᠨ ᠬᠤᠪᠢᠷᠠᠭᠤᠯᠵᠤ᠂ ᠰᠣᠶᠣᠯ ᠵᠢᠭᠤᠯᠴᠢᠯᠠᠯ᠎ᠤᠨ ᠠᠵᠤ ᠦᠢᠯᠡᠰ᠎ᠤᠨ ᠴᠢᠨᠠᠷ ᠰᠠᠢ᠌ᠲᠠᠶ ᠬᠥᠭᠵᠢᠯᠲᠡ ᠵᠢ ᠠᠬᠢᠭᠤᠯᠬᠤ ᠵᠢᠨ ᠲᠥᠯᠥᠭᠡ᠂ 7 ᠳ᠋ᠤᠭ᠋ᠠᠷ ᠰᠠᠷ᠎ᠠ ᠵᠢᠨ 6᠎ᠤ ᠦᠳᠡ ᠵᠢᠨ ᠡᠮᠦᠨ᠎ᠡ᠂ ᠦᠬᠠᠶ ᠬᠣᠲᠠ ᠵᠢᠨ ᠰᠣᠶᠣᠯ ᠪᠡᠶ᠎ᠡ ᠵᠢᠨ ᠲᠠᠮᠢᠷ ᠵᠢᠭᠤᠯᠴᠢᠯᠠᠯ ᠷᠠᠳᠢᠣ᠋ ᠲᠧᠯᠸᠢᠰ᠎ᠤᠨ ᠲᠣᠪᠴᠢᠶ᠎ᠠ ᠪᠥᠬᠥ ᠬᠣᠲᠠ ᠵᠢᠨ ᠰᠣᠶᠣᠯ ᠵᠢᠭᠤᠯᠴᠢᠯᠠᠯ᠎ᠤᠨ ᠰᠢᠰᠲ᠋ᠧᠮ᠎ᠤᠨ ᠬᠤᠳᠠᠯᠳᠤᠭ᠋ᠠᠴᠢᠨ ᠤᠷᠢᠵᠤ ᠪᠠᠯᠠ ᠣᠷᠣᠭᠤᠯᠬᠤ ᠠᠵᠢᠯ᠎ᠢ ᠠᠬᠢᠭᠤᠯᠬᠤ ᠬᠤᠷᠠᠯ   ᠬᠤᠷᠠᠯᠳᠤᠭᠤᠯᠪᠠ᠃ ᠡᠯ᠎ᠡ ᠲᠣᠭᠣᠷᠢᠭ᠎ᠤᠨ ᠰᠣᠶᠣᠯ ᠵᠢᠭᠤᠯᠴᠢᠯᠠᠯ ᠪᠡᠶ᠎ᠡ ᠵᠢᠨ ᠲᠠᠮᠢᠷ᠎ᠤᠨ ᠲᠣᠪᠴᠢᠶ᠎ᠠ᠂ ᠦᠬᠠᠶ ᠵᠢᠨ ᠪᠥᠬᠥ ᠣᠷᠣᠨ ᠪᠦᠰᠡ ᠵᠢᠨ ᠰᠣᠶᠣᠯ ᠵᠢᠭᠤᠯᠴᠢᠯᠠᠯ᠎ᠤᠨ ᠠᠵᠤ ᠦᠢᠯᠡᠰ᠎ᠤᠨ ᠬᠥᠭᠵᠢᠯᠲᠡ ᠵᠢᠨ ᠪᠦᠯᠦᠭᠯᠡᠯ᠎ᠤᠨ ᠬᠢᠵᠠᠭ᠋ᠠᠷᠲᠤ ᠬᠠᠷᠢᠭᠤᠴᠠᠯᠭ᠋ᠠᠲᠤ ᠺᠣᠮᠫᠠᠨᠢ᠂   ᠲᠤᠪᠴᠢᠶᠠᠨ ᠎ᠤ ᠪᠠᠢ᠌ᠭᠤᠯᠭ᠎ᠠ ᠵᠢᠨ ᠬᠠᠮᠢᠶ᠎ᠠ ᠪᠥᠬᠥᠶ ᠰᠠᠯᠠᠭ᠎ᠠ ᠲᠠᠰᠤᠭ᠎ᠤᠨ ᠠᠵᠢᠯᠲᠠᠨ ᠲᠣᠰ   ᠤᠳᠠᠭ᠋ᠠᠨ ᠎ᠤ ᠬᠤᠷᠠᠯ᠎ᠳᠤ ᠣᠷᠣᠯᠴᠠᠪᠠ  ᠃
      ᠬᠤᠷᠠᠯ ᠳᠡᠭᠡᠷ᠎ᠡ᠂ ᠡᠯ᠎ᠡ ᠨᠢᠭᠡᠴᠢ ᠬᠤᠳᠠᠯᠳᠤᠭ᠋ᠠᠴᠢᠨ ᠤᠷᠢᠵᠤ ᠪᠠᠯᠠ ᠣᠷᠣᠭᠤᠯᠬᠤ ᠠᠵᠢᠯ᠎ᠢ ᠥᠷᠨᠢᠭᠦᠯᠦᠭᠰᠡᠨ ᠪᠠᠢ᠌ᠳᠠᠯ᠂ ᠲᠠᠷᠠᠭ᠋ᠠᠴᠢ ᠵᠢᠨ ᠠᠯᠬᠤᠮ᠎ᠤᠨ ᠲᠥᠯᠥᠪᠯᠡᠭᠡ ᠵᠢᠨ ᠲᠤᠬᠠᠶ ᠲᠣᠪᠴᠢᠬᠠᠨ ᠬᠠᠷᠢᠭᠤ ᠮᠡᠳᠡᠭᠦᠯᠦᠯᠲᠡ ᠬᠢᠵᠦ᠂ ᠬᠣᠯᠪᠣᠭᠳᠠᠯ ᠪᠥᠬᠥᠶ ᠰᠠᠯᠠᠭ᠎ᠠ ᠲᠠᠰᠤᠭ ᠬᠤᠳᠠᠯᠳᠤᠭ᠋ᠠᠴᠢᠨ ᠤᠷᠢᠵᠤ ᠪᠠᠯᠠ ᠣᠷᠣᠭᠤᠯᠬᠤ ᠲᠥᠷᠥᠯ ᠵᠦᠢᠯ᠎ᠤᠨ ᠨᠥᠭᠡᠴᠡᠯᠡᠯᠲᠡ ᠪᠠ ᠲᠠᠨᠢᠯᠴᠠᠭᠤᠯᠭ᠎ᠠ᠂ ᠲᠥᠷᠥᠯ ᠵᠦᠢᠯ᠎ᠤᠨ ᠪᠥᠲᠥᠭᠡᠨ ᠪᠠᠢ᠌ᠭᠤᠯᠤᠯᠲᠠ ᠵᠢᠨ ᠭᠠᠷᠳᠠᠮ᠎ᠤᠨ ᠭᠦᠢ᠍ᠴᠡᠳᠬᠡᠯ   ᠵᠡᠷᠭᠡ ᠲᠣᠭᠣᠷᠢᠨ᠎ᠳᠤ ᠶᠠᠷᠢᠯᠴᠠᠭ᠎ᠠ ᠥᠷᠨᠢᠭᠦᠯᠵᠦ᠂ ᠭᠣᠤᠯ ᠰᠢᠵᠢᠮ ᠲᠣᠪᠣᠢ᠌ᠮ᠎ᠠ᠂ ᠭᠣᠤᠯ ᠰᠡᠳᠦᠪ ᠢᠯᠡ ᠲᠣᠳᠣ ᠰᠣᠶᠣᠯ ᠵᠢᠭᠤᠯᠴᠢᠯᠠᠯ᠎ᠤᠨ ᠠᠵᠤ ᠦᠢᠯᠡᠰ᠎ᠤᠨ ᠲᠥᠷᠥᠯ ᠵᠦᠢᠯ᠎ᠢ ᠴᠣᠭᠴᠠᠯᠠᠬᠤ ᠲᠤᠬᠠᠶ ᠰᠠᠨᠠᠯ ᠰᠠᠨᠠᠭᠤᠯᠭ᠎ᠠ ᠳᠤᠷᠠᠳᠪᠠ  ᠃
      ᠦᠬᠠᠶ ᠬᠣᠲᠠ ᠵᠢᠨ ᠰᠣᠶᠣᠯ ᠪᠡᠶ᠎ᠡ ᠵᠢᠨ ᠲᠠᠮᠢᠷ ᠵᠢᠭᠤᠯᠴᠢᠯᠠᠯ ᠷᠠᠳᠢᠣ᠋ ᠲᠧᠯᠸᠢᠰ᠎ᠤᠨ   ᠲᠤᠪᠴᠢᠶᠠᠨ ᠎ᠤ ᠳᠡᠳ᠋ ᠳᠠᠷᠤᠭ᠎ᠠ ᠸᠠᠩ ᠸᠸᠨ ᠽᠸ᠂ ᠨᠢᠭᠡ᠎ᠳᠤ᠂ ᠲᠥᠷᠥᠯ ᠵᠦᠢᠯ᠎ᠤᠨ ᠪᠥᠲᠥᠭᠡᠨ ᠪᠠᠢ᠌ᠭᠤᠯᠤᠯᠲᠠ᠎ᠳᠤ ᠠᠩᠬᠠᠷᠤᠯ ᠵᠶ᠋ᠠᠨ ᠲᠥᠪᠯᠡᠷᠡᠭᠦᠯᠦᠨ ᠬᠤᠳᠠᠯᠳᠤᠭ᠋ᠠᠴᠢᠨ ᠤᠷᠢᠬᠤ ᠬᠡᠷᠡᠭᠲᠡᠶ᠃   ᠰᠣᠶᠣᠯ ᠵᠢᠭᠤᠯᠴᠢᠯᠠᠯ᠎ᠤᠨ ᠪᠤᠯᠪᠠᠰᠤᠷᠠᠩᠭᠤᠢ ᠲᠥᠷᠥᠯ ᠵᠦᠢ᠍ᠯ᠎ᠢ ᠲᠥᠯᠥᠪᠵᠢᠭᠦᠯᠦᠨ ᠨᠥᠭᠡᠴᠡᠯᠡᠵᠦ᠂ ᠪᠦᠬᠦ ᠬᠣᠲᠠ ᠵᠢᠨ ᠰᠣᠶᠣᠯ ᠵᠢᠭᠤᠯᠴᠢᠯᠠᠯ᠎ᠤᠨ ᠰᠢᠰᠲ᠋ᠧᠮ᠎ᠤᠨ ᠬᠤᠳᠠᠯᠳᠤᠭ᠋ᠠᠴᠢᠨ ᠤᠷᠢᠵᠤ ᠪᠡᠯᠡ ᠣᠷᠣᠭᠤᠯᠬᠤ ᠭᠠᠷ ᠳᠡᠪᠲᠡᠷ᠎ᠢ   ᠰᠠᠢ᠌ᠲᠤᠷ ᠨᠠᠢ᠍ᠷᠠᠭᠤᠯᠬᠤ᠂ ᠬᠤᠳᠠᠯᠳᠤᠭ᠋ᠠᠴᠢᠨ ᠤᠷᠢᠵᠤ ᠲᠠᠨᠢᠯᠴᠠᠭᠤᠯᠬᠤ ᠠᠵᠢᠯ᠎ᠢ ᠥᠷᠨᠢᠭᠦᠯᠬᠦ᠎ᠳᠤ ᠪᠠᠲᠤ ᠪᠡᠬᠢ ᠰᠠᠭᠤᠷᠢ ᠲᠠᠯᠪᠢᠨ᠎ᠠ; ᠬᠣᠶᠠᠷ᠎ᠲᠤ᠂ ᠨᠠᠷᠢᠯᠢᠭ ᠣᠨᠣᠪᠴᠢᠲᠠᠶ ᠪᠠᠢ᠌ᠬᠤ ᠵᠢ ᠴᠢᠩᠭ᠋ᠠᠳᠬᠠᠵᠤ᠂   ᠡᠬᠦᠳᠡᠨ ᠎ᠳᠤ᠎ᠨᠢ ᠬᠦᠷᠴᠦ ᠬᠤᠳᠠᠯᠳᠤᠭ᠋ᠠᠴᠢᠨ ᠤᠷᠢᠬᠤ ᠬᠡᠷᠡᠭᠲᠡᠶ  ᠃ ᠪᠣᠳᠠᠲᠤ ᠬᠦᠴᠦᠨ᠎ᠲᠠᠢ ᠰᠣᠶᠣᠯ ᠵᠢᠭᠤᠯᠴᠢᠯᠠᠯ᠎ᠤᠨ ᠪᠡᠯᠡ ᠣᠷᠣᠭᠤᠯᠤᠯᠲᠠ ᠵᠢᠨ ᠺᠣᠮᠫᠠᠨᠢ ᠵᠢ ᠰᠠᠨᠠᠭ᠋ᠠᠴᠢᠯᠠᠭ᠎ᠠ᠎ᠠᠴᠠ᠎ᠪᠠᠨ ᠰᠤᠷᠪᠤᠯᠵᠢᠯᠠᠨ ᠵᠣᠯᠭ᠋ᠠᠭᠤᠯᠵᠤ᠂ ᠲᠥᠷᠥᠯ ᠵᠦᠢᠯ᠎ᠢ ᠨᠡᠭᠡᠭᠡᠨ ᠬᠥᠭᠵᠢᠭᠦᠯᠬᠦ ᠪᠦᠲᠦᠭᠡᠨ ᠪᠠᠢ᠌ᠭᠤᠯᠬᠤ ᠲᠣᠭᠣᠷᠢᠨ᠎ᠳᠤ ᠬᠠᠮᠲᠤᠷᠠᠨ ᠠᠵᠢᠯᠯᠠᠬᠤ ᠰᠠᠨᠠᠮᠵᠢ᠎ᠲᠠᠢ ᠪᠤᠯᠭ᠋ᠠᠬᠤ᠎ᠪᠠᠷ ᠴᠢᠷᠮᠠᠢ᠌ᠨ᠎ᠠ; ᠭᠤᠷᠪᠠ᠎ᠳᠤ᠂ ᠦᠢᠯᠡᠴᠢᠯᠡᠭᠡᠨ᠎ᠤ ᠣᠷᠴᠢᠨ ᠲᠣᠭᠣᠷᠢᠨ᠎ᠢ ᠰᠢᠯᠢᠳᠡᠭᠵᠢᠭᠦᠯᠵᠦ ᠬᠤᠳᠠᠯᠳᠤᠭ᠋ᠠᠴᠢᠨ ᠤᠷᠢᠬᠤ ᠬᠡᠷᠡᠭᠲᠡᠶ  ᠃ ᠪᠣᠳᠠᠲᠠᠶ᠎ᠳᠤ ᠨᠠᠢ᠌ᠳᠠᠪᠤᠷᠢᠵᠢᠭᠤᠯᠬᠤ ᠦᠢᠯᠡᠴᠢᠯᠡᠭᠡ ᠵᠢ ᠰᠠᠢ᠌ᠲᠤᠷ ᠬᠢᠵᠦ᠂ ᠰᠠᠨᠠᠭ᠋ᠠᠴᠢᠯᠠᠭ᠎ᠠ᠎ᠠᠴᠠ᠎ᠪᠠᠨ ᠠᠵᠤ ᠠᠬᠤᠢ᠌ᠯᠠᠯ᠎ᠢ ᠬᠠᠪᠰᠤᠷᠤᠨ ᠡᠮᠦᠨ᠎ᠡ ᠬᠤᠭᠤᠴᠠᠭ᠋ᠠᠨ᠎ᠤ ᠲᠥᠷᠥᠯ ᠵᠦᠢᠯ ᠲᠣᠭᠲᠠᠭ᠋ᠠᠬᠤ᠂ ᠨᠡᠭᠡᠭᠡᠨ ᠬᠥᠭᠵᠢᠭᠦᠯᠵᠦ ᠪᠥᠲᠥᠭᠡᠨ ᠪᠠᠢ᠌ᠭᠤᠯᠬᠤ᠂ ᠦᠢᠯᠡᠳᠪᠦᠷᠢᠯᠡᠯ ᠡᠵᠡᠩᠨᠡᠯᠲᠡ ᠵᠢᠨ ᠶᠠᠪᠤᠴᠠ᠎ᠳᠤ ᠲᠤᠯᠭ᠋ᠠᠷᠠᠭᠰᠠᠨ ᠬᠦᠴᠢᠷ ᠠᠰᠠᠭᠤᠳᠠᠯ᠎ᠢ᠎ᠨᠢ ᠰᠢᠢᠳᠪᠦᠷᠢᠯᠡᠵᠦ᠂ ᠴᠢᠨᠠᠷ ᠰᠠᠢ᠌ᠲᠠᠶ ᠠᠵᠤ ᠠᠬᠤᠢ᠌ᠯᠠᠯ   ᠪᠠ ᠴᠢᠨᠠᠷ ᠰᠠᠢ᠌ᠲᠠᠶ ᠲᠥᠷᠥᠯ ᠵᠦᠢᠯ᠎ᠲᠠᠢ ᠠᠯᠢ ᠲᠦᠷᠭᠡᠨ ᠵᠶ᠋ᠡᠷ ᠭᠡᠷ᠎ᠡ ᠲᠣᠭᠲᠠᠨ ᠪᠣᠳᠠᠲᠠᠢ᠌ᠵᠢᠭᠤᠯᠬᠤ ᠵᠢ ᠦᠨᠡᠨ ᠬᠦ᠌   ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃

ᠢᠷᠡᠯᠲᠡ᠄ ᠦᠬᠠᠶ ᠬᠣᠲᠠ ᠵᠢᠨ ᠰᠣᠶᠣᠯ ᠪᠡᠶ᠎ᠡ ᠵᠢᠨ ᠲᠠᠮᠢᠷ ᠵᠢᠭᠤᠯᠴᠢᠯᠠᠯ ᠷᠠᠳᠢᠣ᠋ ᠲᠧᠯᠸᠢᠰ᠎ᠤᠨ ᠲᠣᠪᠴᠢᠶ᠎ᠠ
          
ᠬᠠᠮᠢᠶ᠎ᠡ ᠪᠦᠬᠦᠢ ᠰᠣᠨᠢᠨ
《ᠬᠣᠷᠢᠳᠤᠭ᠋ᠠᠷ ᠶᠡᠬᠡ ᠬᠤᠷᠠᠯ᠎ᠢ ᠪᠠᠶᠠᠷᠯᠠᠨ ᠤᠭᠲᠤᠶ᠎ᠠ》 — — 《ᠮᠠᠨ᠎ᠤ ᠳᠤᠮᠳᠠᠳᠤ ᠵᠢᠨ ᠵᠡᠭᠦᠳᠦ》 ᠰᠣᠶᠣᠯ᠎ᠢ ᠲᠦᠮᠡᠨ ᠡᠷᠦᠬᠡ᠎ᠳᠤ ᠣᠷᠣᠭᠤᠯᠬᠤ ᠠᠩᠬᠠᠳᠤᠭ᠋ᠠᠷ ᠬᠤᠭᠤᠴᠠᠭ᠋ᠠᠨ᠎ᠤ ᠪᠠᠶᠠᠨᠬᠣᠲᠠ ᠣᠷᠣᠨ᠎ᠤ ᠣᠯᠠᠨ ᠲᠦᠮᠡᠨ᠎ᠤ ᠨᠠᠢ᠌ᠷᠠᠯ ᠳᠠᠭᠤᠤ ᠵᠢᠨ ᠦᠵᠡᠭᠦᠯᠭᠡ ᠵᠢᠴᠢ 《ᠤᠮᠠᠷᠠᠲᠤ ᠬᠢᠯᠢ᠎ᠪᠠᠨ ᠴᠤᠤᠷᠢᠶᠠᠳᠤᠭᠤᠯᠤᠨ ᠳᠠᠭᠤᠯᠠᠶ᠎ᠠ》 ᠪᠥᠬᠥ ᠣᠷᠣᠨ᠎ᠤ ᠳᠥᠷᠪᠡᠳᠦᠭᠡᠷ ᠬᠤᠭᠤᠴᠠᠭ᠋ᠠᠨ᠎ᠤ ᠣᠯᠠᠨ ᠲᠦᠮᠡᠨ᠎ᠤ ᠳᠠᠭᠤᠤ ᠵᠢᠨ ᠦᠵᠡᠭᠦᠯᠭᠡ ᠵᠢᠨ ᠠᠵᠢᠯᠯᠠᠭ᠎ᠠ ᠵᠢ ᠬᠥᠭᠵᠢᠶᠡᠨᠲᠡᠶ ᠬᠢᠪᠡ
ᠬᠢᠩᠭ᠋ᠠᠨ ᠠᠢ᠌ᠮᠠᠭ ᠵᠢᠭᠤᠯᠴᠢᠯᠠᠯ᠎ᠤᠨ ᠭᠣᠤᠯᠳᠠᠯᠭ᠎ᠠ᠎ᠲᠠᠢ ᠲᠥᠷᠥᠯ ᠵᠦᠢᠯ᠎ᠤᠨ ᠪᠥᠲᠥᠭᠡᠨ ᠪᠠᠢ᠌ᠭᠤᠯᠤᠯᠲᠠ ᠵᠢ ᠪᠥᠬᠥ ᠬᠦᠴᠦᠨ ᠵᠶ᠋ᠡᠷ ᠵᠶ᠋ᠡᠨ ᠠᠬᠢᠭᠤᠯᠵᠤ ᠪᠣᠶ
ᠲᠦᠩᠯᠢᠶᠣᠤ ᠬᠣᠲᠠ ᠵᠢᠨ ᠤᠯᠠᠭ᠋ᠠᠨᠮᠥ᠋ᠴᠢᠷ᠄ ᠤᠳᠬ᠎ᠠ ᠤᠷᠠᠯᠢᠭ᠎ᠤᠨ ᠬᠠᠪᠰᠤᠷᠤᠨ ᠵᠢᠯᠣᠭᠣᠳᠣᠯᠭ᠎ᠠ ᠴᠡᠷᠢᠭ᠎ᠤᠨ ᠬᠤᠸᠠᠷᠠᠨ᠎ᠳᠤ ᠣᠷᠣᠵᠤ ᠴᠡᠷᠢᠭ ᠠᠷᠠᠳ ᠬᠠᠮᠲᠤ ᠵᠢᠨ ᠭᠡᠷ ᠪᠦᠯᠢ᠎ᠪᠠᠨ ᠪᠦᠲᠦᠭᠡᠨ ᠪᠠᠢ᠌ᠭᠤᠯᠤᠨ᠎ᠠ
ᠣᠷᠳᠣᠰ᠎ᠤᠨ ᠰᠦᠯᠵᠢᠶᠡᠨ ᠳᠡᠭᠡᠷᠡᠬᠢ ᠨᠡᠭᠦᠳᠡᠯ ᠮᠦᠽᠧᠶ ᠦᠵᠡᠰᠭᠦᠯᠡᠩ ᠎ᠢ ᠬᠢᠴᠢᠶᠡᠯ᠎ᠤᠨ ᠲᠠᠩᠬᠢᠮ᠎ᠳᠤ ᠬᠦᠷᠭᠡᠪᠡ
ᠰᠢᠯᠢ ᠵᠢᠨ ᠭᠣᠤᠯ ᠠᠢ᠌ᠮᠠᠭ ᠳᠤᠮᠳᠠᠳᠤ ᠵᠢᠨ ᠰᠣᠶᠣᠯ᠎ᠤᠨ ᠲᠡᠮᠳᠡᠭ ᠪᠠ ᠳᠤᠮᠳᠠᠳᠤ ᠵᠢᠨ ᠦᠨᠳᠦᠰᠦᠲᠡᠨ᠎ᠤ ᠳᠦᠷᠢ ᠲᠥᠷᠬᠦ ᠵᠢ ᠴᠣᠭᠴᠠᠯᠠᠬᠤ ᠠᠵᠢᠯ᠎ᠢ ᠠᠬᠢᠭᠤᠯᠬᠤ ᠬᠤᠷᠠᠯ ᠬᠤᠷᠠᠯᠳᠤᠭᠤᠯᠪᠠ
 
            