ᠵᠢᠭᠤᠯᠴᠢᠯᠠᠯ᠎ᠤᠨ ᠲᠢᠩᠬᠢᠮ᠎ᠤᠨ ᠵᠢᠯᠣᠭᠣᠳᠣᠯᠭ᠎ᠠ᠂ ᠣᠷᠳᠣᠰ ᠬᠣᠲᠠ ᠵᠢᠨ ᠨᠠᠮ᠎ᠤᠨ ᠬᠣᠷᠢᠶᠠᠨ᠎ᠤ ᠤᠬᠠᠭᠤᠯᠬᠤ ᠬᠡᠯᠲᠡᠰ᠂ ᠬᠣᠲᠠ ᠵᠢᠨ ᠰᠣᠶᠣᠯ ᠪᠠ ᠵᠢᠭᠤᠯᠴᠢᠯᠠᠯ᠎ᠤᠨ ᠲᠣᠪᠴᠢᠶ᠎ᠠ᠂ ᠬᠣᠲᠠ ᠵᠢᠨ ᠮᠥᠩᠭᠥᠨ ᠭᠦᠢᠯᠭᠡᠭᠡᠨ᠎ᠤ ᠠᠯᠪᠠᠨ ᠬᠡᠷ᠎ᠤᠨ ᠬᠠᠮᠲᠤᠷᠠᠨ ᠡᠷᠭᠢᠯᠡᠭᠰᠡᠨ 2022 ᠣᠨ᠎ᠤ ᠣᠷᠳᠣᠰ ᠬᠣᠲᠠ ᠵᠢᠨ ᠰᠣᠶᠣᠯ ᠵᠢᠭᠤᠯᠴᠢᠯᠠᠯ᠎ᠤᠨ ᠠᠵᠤ ᠦᠢᠯᠡᠰ᠎ᠤᠨ ᠵᠠᠰᠠᠭ ᠪᠠᠩᠬᠢ ᠠᠵᠤ ᠠᠬᠤᠢ᠌ᠯᠠᠯ᠎ᠤᠨ ᠵᠣᠯᠭ᠋ᠠᠯᠴᠠᠭ᠎ᠠ ᠵᠢᠨ ᠬᠤᠷᠠᠯ ᠬᠢᠶ᠎ᠠ ᠪᠠᠭᠰᠢ ᠲᠣᠭᠣᠷᠢᠭ᠎ᠲᠤ ᠬᠤᠷᠠᠯᠳᠤᠪᠠ᠃
ᠬᠤᠷᠠᠯ ᠳᠡᠭᠡᠷ᠎ᠡ᠂ ᠣᠷᠳᠣᠰ ᠬᠣᠲᠠ ᠵᠢᠨ ᠰᠣᠶᠣᠯ ᠪᠠ ᠵᠢᠭᠤᠯᠴᠢᠯᠠᠯ᠎ᠤᠨ ᠲᠣᠪᠴᠢᠶ᠎ᠠ᠎ᠠᠴᠠ ᠬᠤᠷᠠᠯ᠎ᠳᠤ ᠣᠷᠣᠯᠴᠠᠭᠰᠠᠨ ᠠᠵᠤ ᠠᠬᠤᠢ᠌ᠯᠠᠯ ᠵᠢᠴᠢ ᠪᠠᠩᠬᠢ᠎ᠳᠤ《ᠣᠷᠳᠣᠰ ᠬᠣᠲᠠ ᠵᠢᠨ ᠰᠣᠶᠣᠯ ᠵᠢᠭᠤᠯᠴᠢᠯᠠᠯ᠎ᠤᠨ ᠠᠵᠤ ᠠᠬᠤᠢ᠌ᠯᠠᠯ᠎ᠤᠨ 2022 ᠣᠨ᠎ᠤ ᠭᠦᠢᠯᠭᠡᠭᠡᠨ᠎ᠤ ᠪᠠᠯᠠ ᠮᠥᠩᠭᠥ ᠵᠢᠨ ᠵᠢᠭᠡᠯᠡᠯᠭᠡ ᠵᠢᠨ ᠳᠠᠮ ᠬᠦᠦ ᠮᠥᠩᠭᠥ ᠵᠢᠨ ᠬᠡᠷᠡᠭᠵᠢᠭᠦᠯᠬᠦ ᠨᠠᠷᠢᠨ ᠲᠦᠷᠢᠮ》᠎ᠢ ᠲᠠᠨᠢᠯᠴᠠᠭᠤᠯᠪᠠ᠃ ᠤᠮᠠᠷᠠᠲᠤ ᠵᠢᠨ ᠦᠵᠡᠮᠵᠢ ᠵᠢᠭᠤᠯᠴᠢᠯᠠᠯ᠎ᠤᠨ ᠬᠤᠷᠢᠶ᠎ᠠ᠂ ᠥᠪᠥᠷ ᠮᠣᠩᠭᠣᠯ᠎ᠤᠨ ᠮᠦᠸᠸ ᠳ᠋ᠢ ᠬᠤᠳᠠᠯᠳᠤᠭ᠋ᠠᠨ᠎ᠤ ᠬᠠᠮᠢᠶᠠᠷᠤᠯᠲᠠ ᠵᠢᠨ ᠬᠢᠵᠠᠭ᠋ᠠᠷᠲᠤ ᠺᠣᠮᠫᠠᠨᠢ᠂ ᠣᠷᠳᠣᠰ ᠬᠣᠲᠠ ᠵᠢᠨ ᠵᠢᠨ ᠭᠠᠩ ᠸᠠᠨ ᠣᠯᠠᠨ ᠤᠯᠤᠰ᠎ᠤᠨ ᠮᠠᠰᠢᠨ ᠲᠡᠷᠭᠡᠨ᠎ᠤ ᠤᠷᠤᠯᠳᠤᠭ᠋ᠠᠨ᠎ᠤ ᠬᠣᠲᠠ ᠵᠢᠨ ᠬᠥᠭᠵᠢᠯᠲᠡ ᠵᠢᠨ ᠬᠢᠵᠠᠭ᠋ᠠᠷᠲᠤ ᠺᠣᠮᠫᠠᠨᠢ᠂ ᠣᠷᠳᠣᠰ᠎ᠤᠨ ᠹᠧᠩ ᠮᠧᠶ ᠬᠤᠳᠠᠯᠳᠤᠭ᠋ᠠᠨ᠎ᠤ ᠬᠠᠮᠢᠶᠠᠷᠤᠯᠲᠠ ᠵᠢᠨ ᠬᠢᠵᠠᠭ᠋ᠠᠷᠲᠤ ᠺᠣᠮᠫᠠᠨᠢ᠂ ᠵᠡᠭᠦᠨᠭ᠋ᠠᠷ ᠬᠣᠰᠢᠭᠤᠨ᠎ᠤ ᠱᠧᠩ ᠰᠢᠶᠠᠩ ᠰᠣᠶᠣᠯ ᠵᠢᠭᠤᠯᠴᠢᠯᠠᠯ᠎ᠤᠨ ᠨᠡᠭᠡᠭᠡᠨ ᠬᠥᠭᠵᠢᠭᠦᠯᠬᠦ ᠪᠦᠯᠦᠭᠯᠡᠯ᠎ᠤᠨ ᠬᠢᠵᠠᠭ᠋ᠠᠷᠲᠤ ᠺᠣᠮᠫᠠᠨᠢ ᠵᠢᠨ ᠬᠠᠷᠢᠭᠤᠴᠠᠯᠭ᠋ᠠᠲᠠᠨ ᠬᠤᠷᠠᠯ ᠳᠡᠭᠡᠷ᠎ᠡ ᠶᠠᠷᠢᠶ᠎ᠠ ᠲᠠᠯᠪᠢᠵᠤ᠂ ᠣᠳᠣᠬᠠᠨ᠎ᠤ ᠠᠵᠤ ᠠᠬᠤᠢ᠌ᠯᠠᠯ᠎ᠤᠨ ᠬᠥᠭᠵᠢᠯᠲᠡ ᠵᠢᠨ ᠣᠳᠣᠬᠢ ᠪᠠᠢ᠌ᠳᠠᠯ ᠵᠢᠴᠢ ᠪᠠᠴᠢᠮ ᠰᠢᠢᠳᠪᠦᠷᠢᠯᠡᠬᠦ ᠴᠢᠬᠤᠯᠠᠲᠠᠶ ᠠᠰᠠᠭᠤᠳᠠᠯ᠎ᠢ ᠲᠣᠰ ᠲᠣᠰ ᠲᠠᠨᠢᠯᠴᠠᠭᠤᠯᠪᠠ᠃ ᠬᠤᠷᠠᠯ᠎ᠳᠤ ᠣᠷᠣᠯᠴᠠᠭᠰᠠᠨ ᠪᠠᠩᠬᠢ ᠮᠥᠩᠭᠥᠨ ᠭᠦᠢᠯᠭᠡᠭᠡᠨ᠎ᠤ ᠦᠢᠯᠡᠳᠬᠦᠨ᠎ᠤ ᠲᠥᠷᠥᠯ ᠵᠦᠢᠯ᠎ᠤᠨ ᠠᠭᠤᠯᠭ᠎ᠠ ᠵᠢ ᠲᠠᠨᠢᠯᠴᠠᠭᠤᠯᠪᠠ᠃
ᠲᠣᠰ ᠤᠳᠠᠭ᠋ᠠᠨ᠎ᠤ ᠵᠤᠯᠭ᠋ᠠᠯᠴᠠᠭᠤᠯᠬᠤ ᠬᠤᠷᠠᠯ ᠳᠡᠭᠡᠷ᠎ᠡ᠂ 6 ᠪᠠᠩᠬᠢ ᠨᠡᠢ᠌ᠲᠡ 33 ᠮᠥᠩᠭᠥᠨ ᠭᠦᠢᠯᠭᠡᠭᠡᠨ᠎ᠤ ᠦᠢᠯᠡᠳᠬᠦᠨ᠎ᠤ ᠲᠥᠷᠥᠯ ᠵᠦᠢᠯ᠎ᠢ ᠬᠠᠩᠭ᠋ᠠᠵᠤ᠂ ᠠᠵᠤ ᠠᠬᠤᠢ᠌ᠯᠠᠯ ᠬᠢᠭᠡᠳ ᠪᠠᠩᠬᠢ ᠵᠢᠨ ᠪᠠᠢ᠌ᠭᠤᠯᠤᠮᠵᠢ ᠭᠦᠢᠴᠡᠳ ᠰᠣᠯᠢᠯᠴᠠᠵᠤ᠂ 5990 ᠲᠦᠮᠡᠨ ᠲᠥᠭᠥᠷᠢᠭ᠎ᠤᠨ ᠬᠠᠮᠲᠤᠷᠠᠯᠴᠠᠭ᠋ᠠᠨ᠎ᠤ ᠰᠠᠨᠠᠮᠵᠢ ᠵᠢᠨ ᠵᠢᠭᠡᠯᠡᠯᠭᠡ ᠵᠢᠨ ᠪᠠᠯᠠ ᠮᠥᠩᠭᠥ ᠵᠢ ᠳᠣᠭᠢᠷᠠᠯᠴᠠᠪᠠ᠃ ᠣᠷᠳᠣᠰ ᠬᠣᠲᠠ ᠵᠢᠨ ᠯᠦᠩ ᠱᠧᠩ ᠬᠡᠭᠡᠷ᠎ᠡ ᠵᠢᠨ ᠠᠮᠢᠲᠠᠨ᠎ᠤ ᠬᠦᠷᠢᠶᠡᠯᠡᠩ᠎ᠤᠨ ᠬᠢᠵᠠᠭ᠋ᠠᠷᠲᠤ ᠬᠠᠷᠢᠭᠤᠴᠠᠯᠭ᠋ᠠᠲᠤ ᠺᠣᠮᠫᠠᠨᠢ᠂ ᠣᠷᠳᠣᠰ ᠬᠣᠲᠠ ᠵᠢᠨ ᠬᠥᠪᠴᠢ ᠵᠢᠨ ᠡᠯᠡᠰᠦᠨ᠎ᠤ ᠵᠢᠨ ᠱᠠ ᠯᠢᠩ ᠵᠢᠭᠤᠯᠴᠢᠯᠠᠯ᠎ᠤᠨ ᠨᠡᠭᠡᠭᠡᠯᠲᠡ ᠵᠢᠨ ᠬᠢᠵᠠᠭ᠋ᠠᠷᠲᠤ ᠬᠠᠷᠢᠭᠤᠴᠠᠯᠭ᠋ᠠᠲᠤ ᠺᠣᠮᠫᠠᠨᠢ ᠪᠣᠯᠤᠨ ᠣᠷᠳᠣᠰ᠎ᠤᠨ ᠬᠥᠳᠡᠭᠡ ᠲᠣᠰᠬᠣᠨ᠎ᠤ ᠬᠤᠳᠠᠯᠳᠤᠭ᠋ᠠᠨ᠎ᠤ ᠪᠠᠩᠬᠢ ᠲᠣᠰ ᠲᠣᠰ 2990 ᠲᠦᠮᠡᠨ ᠲᠥᠭᠥᠷᠢᠭ᠂ 3000 ᠲᠦᠮᠡᠨ ᠲᠥᠭᠥᠷᠢᠭ᠎ᠤᠨ ᠬᠠᠮᠲᠤᠷᠠᠯᠴᠠᠭ᠋ᠠᠨ᠎ᠤ ᠵᠢᠭᠡᠯᠡᠯᠭᠡ ᠵᠢᠨ ᠰᠠᠨᠠᠮᠵᠢ᠎ᠲᠠᠢ ᠪᠣᠯᠪᠠ᠃