ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠰᠤᠷᠠᠭ ᠵᠠᠩᠬᠢ
ᠬᠡᠷᠡᠭᠯᠡᠭᠡ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠠᠶ᠋ᠢᠮᠠᠭ ᠬᠤᠲᠠ᠎ᠶᠢᠨ ᠰᠣᠨᠣᠰᠬᠠᠯ
ᠭᠡᠭᠡᠨ ᠭᠣᠤᠯ ᠬᠣᠲᠠ ᠰᠣᠶᠣᠯ ᠵᠢᠭᠤᠯᠴᠢᠯᠠᠯ᠎ᠤᠨ ᠪᠦᠲᠦᠭᠡᠭᠳᠡᠬᠦᠨ᠎ᠤ ᠬᠠᠩᠭ᠋ᠠᠯᠭ᠎ᠠ ᠵᠢ ᠪᠠᠶᠠᠯᠢᠭᠵᠢᠭᠤᠯᠵᠤ ᠣᠯᠠᠨ ᠠᠵᠤ ᠦᠢᠯᠡᠰ᠎ᠤᠨ ᠠᠭᠤᠰᠤᠯᠴᠠᠨ ᠬᠥᠭᠵᠢᠬᠦ ᠰᠢᠨ᠎ᠡ ᠪᠠᠢ᠌ᠳᠠᠯ᠎ᠢ ᠪᠣᠶ ᠪᠣᠯᠭ᠋ᠠᠬᠤ ᠵᠢ ᠠᠬᠢᠭᠤᠯᠪᠠ
ᠨᠡᠶᠢᠲᠡᠯᠡᠭᠰᠡᠨ ᠴᠠᠭ᠄ 2022-07-11

      ᠤᠢ᠍ᠢ᠍ᠷ᠎ᠠ ᠵᠢᠨ ᠵᠢᠯ᠎ᠠᠴᠠ᠂ ᠭᠡᠭᠡᠨ ᠭᠣᠣᠯ ᠬᠤᠳᠠ ᠤᠳᠤ ᠦᠶ᠎ᠡ ᠵᠢᠨ ᠰᠣᠶᠣᠯ ᠵᠢᠭᠤᠯᠴᠢᠯᠠᠯ᠎ᠤᠨ ᠠᠵᠤ ᠦᠢ᠍ᠯᠡᠰ᠎ᠢ ᠪᠦᠷᠢᠨᠰᠢᠬᠦᠯᠬᠦ᠎ᠳᠤ ᠰᠠᠭᠤᠷᠢᠯᠠᠵᠤ᠂ ᠵᠢᠭᠤᠯᠴᠢᠯᠠᠯ᠎ᠤᠨ ᠦᠢ᠍ᠯᠡᠰ᠎ᠤᠨ ᠬᠠᠩᠭ᠋ᠠᠯᠭ᠎ᠠ ᠵᠢᠨ ᠲᠠᠯ᠎ᠠ ᠵᠢᠨ ᠪᠦᠲᠦᠴᠡ ᠵᠢᠨ ᠴᠢᠨᠠᠷᠲᠠᠢ ᠥᠭᠡᠷᠡᠴᠢᠯᠡᠯᠲᠡ ᠵᠢ ᠲᠦᠷᠭᠡᠳᠬᠡᠵᠦ᠂ ᠴᠢᠨᠠᠷ ᠰᠠᠢ᠌ᠲᠠᠢ ᠰᠣᠶᠣᠯ ᠵᠢᠭᠤᠯᠴᠢᠯᠠᠯ᠎ᠤᠨ ᠦᠢ᠍ᠯᠡᠳᠬᠦᠨ᠎ᠤ ᠬᠠᠩᠭ᠋ᠠᠯᠭ᠎ᠠ ᠵᠢᠨ ᠡᠷᠴᠢᠮ᠎ᠢ ᠴᠢᠩᠭ᠋ᠠᠷᠠᠭᠤᠯᠵᠤ᠂ 《ᠵᠢᠭᠤᠯᠴᠢᠯᠠᠯ +》 ᠪᠠ 《+ ᠵᠢᠭᠤᠯᠴᠢᠯᠠᠯ》᠎ᠢ ᠠᠬᠢᠭᠤᠯᠵᠤ᠂ ᠤᠯᠠᠨ ᠠᠵᠤ ᠦᠢ᠍ᠯᠡᠰ᠎ᠤᠨ ᠠᠭᠤᠰᠤᠯᠴᠠᠨ ᠬᠥᠭᠵᠢᠬᠦ ᠰᠢᠨ᠎ᠡ ᠪᠠᠢ᠌ᠳᠠᠯ᠎ᠢ ᠪᠤᠢ ᠪᠣᠯᠭ᠋ᠠᠪᠠ  ᠃
      ᠨᠡᠷᠡᠲᠦ ᠦᠵᠡᠮᠵᠢ ᠵᠢᠨ ᠣᠷᠣᠨ ᠪᠣᠯ ᠵᠢᠭᠤᠯᠴᠢᠯᠠᠭᠴᠢᠳ᠎ᠢ ᠲᠠᠲᠠᠬᠤ ᠴᠢᠬᠤᠯᠠ ᠠᠴᠢᠶᠠᠯᠠᠪᠤᠷᠢ ᠮᠥᠨ  ᠃ ᠲᠥᠷᠥᠯ ᠵᠦᠢᠯ᠎ᠤᠨ ᠪᠥᠲᠥᠭᠡᠨ ᠪᠠᠢ᠌ᠭᠤᠯᠤᠯᠲᠠ ᠵᠢᠨ ᠴᠢᠨᠠᠷ ᠰᠠᠢ᠌ᠲᠠᠶ ᠠᠭᠢᠬᠤ ᠵᠢ ᠳᠠᠭ᠋ᠠᠯᠳᠤᠨ᠂ ᠭᠡᠭᠡᠨ ᠭᠣᠤᠯ ᠬᠣᠲᠠ ᠦᠵᠡᠮᠵᠢ ᠵᠢᠨ ᠣᠷᠣᠨ᠎ᠤ ᠲᠥᠷᠥᠯ ᠵᠦᠢᠯ᠎ᠤᠨ ᠪᠥᠲᠥᠭᠡᠨ ᠪᠠᠢ᠌ᠭᠤᠯᠤᠯᠲᠠ ᠵᠢ ᠦᠷᠭᠦᠯᠵᠢᠯᠡᠨ ᠲᠦᠷᠭᠡᠳᠬᠡᠵᠦ᠂ ᠴᠢᠨᠠᠷ ᠰᠠᠢ᠌ᠲᠠᠶ ᠦᠢᠯᠡᠳᠬᠦᠨ ᠬᠠᠩᠭ᠋ᠠᠬᠤ ᠵᠢ ᠲᠡᠷᠢᠭᠦᠨ ᠪᠠᠢ᠌ᠷᠢᠨ᠎ᠳᠤ ᠲᠠᠯᠪᠢᠵᠤ᠂ ᠤᠯᠤᠰ᠎ᠤᠨ A ᠲᠠᠰ᠎ᠤᠨ ᠵᠢᠭᠤᠯᠴᠢᠯᠠᠯ᠎ᠤᠨ ᠦᠵᠡᠮᠵᠢ ᠵᠢᠨ ᠣᠷᠣᠨ ᠵᠶ᠋ᠠᠷ ᠰᠠᠭᠤᠷᠢ ᠪᠣᠯᠭ᠋ᠠᠨ᠂ ᠣᠯᠭᠣᠶᠠ ᠵᠢᠨ ᠪᠤᠭᠤᠴᠢᠨ ᠪᠥᠯᠦᠭ᠂ ᠬᠡᠭᠡᠨ ᠭᠣᠤᠯ᠎ᠤᠨ ᠡᠬᠢ ᠵᠢᠨ ᠤᠯᠤᠰ᠎ᠤᠨ ᠨᠤᠭᠤ ᠭᠠᠵᠠᠷ᠎ᠤᠨ ᠴᠡᠴᠡᠷᠯᠢᠭ᠂   ᠬᠦᠢ᠍ᠲᠡᠨ᠎ᠤ ᠲᠤᠢ᠌ᠯ ᠲᠣᠰᠬᠣᠨ ᠵᠡᠷᠭᠡ ᠦᠵᠡᠮᠵᠢ ᠵᠢᠨ ᠣᠷᠣᠨ ᠦᠵᠡᠮᠵᠢ ᠵᠢᠨ ᠭᠠᠵᠠᠷ᠎ᠢ ᠳᠡᠭᠡᠭᠰᠢᠯᠡᠭᠦᠯᠬᠦ ᠠᠵᠢᠯᠯᠠᠭ᠎ᠠ ᠵᠢ ᠰᠠᠢ᠌ᠲᠤᠷ ᠬᠡᠷᠡᠭᠵᠢᠭᠦᠯᠵᠦ᠂ ᠣᠯᠭᠣᠶᠠ ᠵᠢᠨ ᠪᠤᠭᠤᠴᠢᠨ ᠪᠥᠯᠥᠭ᠎ᠤᠨ 4 A ᠲᠠᠰ᠎ᠤᠨ ᠦᠵᠡᠮᠵᠢ ᠵᠢᠨ ᠣᠷᠣᠨ᠎ᠢ ᠡᠭᠦᠳᠦᠨ ᠪᠠᠢ᠌ᠭᠤᠯᠬᠤ ᠠᠵᠢᠯ᠎ᠢ   ᠲᠥᠷᠭᠡᠳᠬᠡᠪᠡ᠃
      ᠳᠠᠷᠠᠭ᠋ᠠᠴᠢ ᠵᠢᠨ ᠠᠯᠬᠤᠮ᠎ᠳᠤ᠂ ᠭᠡᠭᠡᠨ ᠭᠣᠣᠯ ᠬᠤᠳᠠ ᠵᠢᠨ᠎ᠬᠢᠨ ᠵᠢᠭᠤᠯᠴᠢᠯᠠᠭᠴᠢᠳ ᠪᠣᠯᠤᠨ ᠰᠠᠭᠤᠭ᠋ᠠᠯᠢ ᠠᠷᠠᠳ᠎ᠤᠨ ᠵᠢᠭᠤᠯᠴᠢᠯᠠᠯ   ᠰᠡᠯᠡᠭᠦᠴᠡᠯ᠎ᠤᠨ ᠬᠡᠷᠡᠭᠴᠡᠭᠡ ᠵᠢ ᠭᠦᠢ᠍ᠴᠡᠳ ᠪᠣᠳᠣᠯᠬᠢᠯᠠᠵᠤ᠂ ᠵᠢᠭᠤᠯᠴᠢᠯᠠᠯ ᠰᠡᠯᠡᠭᠦᠴᠡᠯ᠎ᠤᠨ ᠵᠡᠭᠡᠯᠢ ᠲᠣᠭᠣᠷᠢᠭ᠎ᠢ ᠰᠢᠨᠵᠢᠯᠡᠬᠦ ᠤᠬᠠᠭ᠋ᠠᠨᠴᠢ᠎ᠪᠠᠷ ᠵᠢᠷᠤᠵᠤ ᠲᠥᠯᠥᠪᠯᠡᠨ᠂ ᠬᠤᠳᠠ ᠵᠢ ᠲᠣᠭᠣᠷᠢᠭᠰᠠᠨ ᠰᠡᠯᠡᠭᠦᠴᠡᠯ ᠠᠮᠠᠷᠠᠯᠲᠠ ᠵᠢᠨ ᠪᠦᠰᠡ ᠵᠢ ᠵᠣᠬᠢᠰᠲᠠᠢ ᠲᠥᠯᠥᠪᠵᠢᠭᠦᠯᠦᠨ ᠪᠦᠳᠦᠭᠡᠨ ᠪᠠᠢ᠌ᠭᠤᠯᠵᠤ᠂ ᠳᠤᠭᠤᠢ ᠲᠡᠷᠭᠡᠨ᠎ᠤ ᠵᠠᠮ᠂ ᠬᠤᠳᠠ ᠵᠢᠨ ᠬᠠᠷᠮᠠᠨ ᠴᠡᠴᠡᠷᠯᠢᠭ ᠵᠡᠷᠭᠡ ᠵᠢᠨ ᠪᠦᠳᠦᠭᠡᠨ ᠪᠠᠢ᠌ᠭᠤᠯᠤᠯᠲᠠ ᠵᠢ ᠠᠬᠢᠭᠤᠯᠵᠤ᠂   ᠵᠢᠭᠤᠯᠴᠢᠯᠠᠭᠴᠢᠳ᠎ᠤᠨ ᠪᠡᠶᠡᠴᠢ ᠣᠢ᠌ᠯᠠᠭ᠋ᠠᠯᠲᠠ ᠵᠢ ᠳᠡᠭᠡᠭᠰᠢᠯᠡᠭᠦᠯᠬᠦ ᠵᠢᠨ ᠬᠠᠮᠲᠤ ᠰᠠᠭᠤᠭ᠋ᠠᠯᠢ ᠠᠷᠠᠳ᠎ᠲᠤ ᠣᠷᠣᠰᠢᠨ ᠰᠠᠭᠤᠷᠢᠰᠢᠬᠤ᠂ ᠦᠢ᠍ᠯᠡᠰ ᠪᠤᠰᠬᠠᠬᠤ᠂ ᠵᠢᠭᠤᠯᠴᠢᠯᠠᠨ ᠲᠣᠭᠣᠷᠢᠬᠤ᠎ᠳᠤ ᠲᠣᠬᠢᠷᠠᠮᠵᠢᠲᠠᠢ ᠰᠡᠯᠡᠭᠦᠴᠡᠯ᠎ᠤᠨ ᠰᠢᠨ᠎ᠡ ᠣᠷᠣᠨ ᠵᠠᠢ ᠵᠢ ᠪᠤᠢ ᠪᠣᠯᠭ᠋ᠠᠵᠤ ᠥᠭᠭᠦᠨ᠎ᠡ  ᠃ ᠣᠯᠠᠨ ᠨᠡᠢ᠌ᠲᠡ ᠵᠢᠨ ᠰᠣᠶᠣᠯ᠎ᠤᠨ ᠲᠥᠬᠥᠭᠡᠷᠦᠮᠵᠢ ᠵᠢ ᠰᠠᠢ᠌ᠲᠤᠷ ᠲᠥᠯᠥᠪᠵᠢᠭᠦᠯᠦᠨ ᠪᠠᠢ᠌ᠭᠤᠯᠵᠤ᠂ ᠣᠨᠴᠠᠯᠢᠭᠲᠤ ᠬᠤᠳᠠᠯᠳᠤᠭ᠎ᠠ ᠪᠠ ᠢᠳᠡᠭᠡᠨ ᠤᠮᠳᠠᠭ᠋ᠠᠨ ᠠᠮᠲᠠᠲᠤ ᠢᠳᠡᠭᠡᠨ᠎ᠢ ᠪᠣᠢ᠌ᠵᠢᠭᠤᠯᠵᠤ᠂ ᠰᠥᠨᠢ ᠵᠢᠨ ᠰᠣᠶᠣᠯ ᠵᠢᠭᠤᠯᠴᠢᠯᠠᠯ᠎ᠤᠨ ᠪᠦᠲᠦᠭᠡᠭᠳᠡᠬᠦᠨ᠎ᠢ ᠪᠠᠶᠠᠯᠢᠭᠵᠢᠭᠤᠯᠤᠨ᠎ᠠ  ᠃ ᠥᠪᠡᠷᠮᠢᠴᠡ ᠵᠢᠭᠤᠯᠴᠢᠯᠠᠯ᠎ᠤᠨ ᠪᠦᠲᠦᠭᠡᠭᠳᠡᠬᠦᠨ᠎ᠢ ᠪᠠᠶᠠᠯᠢᠭᠵᠢᠭᠤᠯᠤᠨ᠎ᠠ  ᠃ ᠥᠪᠡᠷᠮᠢᠴᠡ᠂ ᠳᠡᠭᠡᠳᠦ ᠲᠡᠰ᠎ᠤᠨ ᠵᠢᠭᠤᠯᠴᠢᠯᠠᠯ᠎ᠤᠨ ᠬᠥᠭᠵᠢᠯᠲᠡ ᠵᠢ ᠠᠬᠢᠭᠤᠯᠵᠤ᠂ ᠵᠢᠭᠤᠯᠴᠢᠯᠠᠯ ᠬᠢᠭᠡᠳ ᠰᠤᠷᠭ᠋ᠠᠨ ᠬᠥᠮᠦᠵᠢᠯ᠂ ᠵᠠᠮ ᠬᠠᠷᠢᠯᠴᠠᠭ᠎ᠠ᠂ ᠪᠡᠶ᠎ᠡ ᠵᠢᠨ ᠲᠠᠮᠢᠷ᠂ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠡᠷᠭᠡ ᠬᠦᠷᠢᠶᠡᠨ ᠎ᠳᠤ᠎ᠬᠢ ᠠᠭᠤᠰᠤᠯᠴᠠᠯ᠎ᠢ ᠠᠬᠢᠭᠤᠯᠵᠤ᠂ ᠥᠪᠡᠷ ᠵᠶ᠋ᠡᠨ ᠮᠠᠰᠢᠨ ᠵᠢᠯᠣᠭᠣᠳᠴᠤ ᠵᠢᠭᠤᠯᠴᠢᠯᠠᠬᠤ᠂ ᠳᠣᠣᠷ᠎ᠠ ᠠᠭ᠋ᠠᠷ᠎ᠤᠨ ᠵᠢᠭᠤᠯᠴᠢᠯᠠᠯ᠂ ᠰᠤᠳᠤᠯᠤᠨ ᠰᠤᠷᠤᠯᠴᠠᠬᠤ ᠵᠢᠭᠤᠯᠴᠢᠯᠠᠯ᠂ ᠡᠷᠡᠭᠦᠯᠵᠢᠯ ᠰᠤᠪᠢᠯᠠᠯᠲᠠ ᠵᠢᠨ ᠵᠢᠭᠤᠯᠴᠢᠯᠠᠯ ᠵᠡᠷᠭᠡ ᠣᠨᠴᠠᠯᠢᠭᠲᠤ ᠵᠢᠭᠤᠯᠴᠢᠯᠠᠯ᠎ᠢ ᠬᠥᠭᠵᠢᠭᠦᠯᠵᠦ᠂ ᠠᠳᠠᠯᠢ ᠪᠤᠰᠤ ᠬᠥᠮᠦᠰ᠎ᠤᠨ ᠬᠡᠷᠡᠭᠴᠡᠭᠡ ᠱᠠᠭ᠋ᠠᠷᠳᠠᠯᠭ᠎ᠠ᠎ᠳᠤ ᠴᠢᠭᠯᠡᠭᠦᠯᠦᠨ ᠨᠢᠭᠡ ᠪᠦᠯᠦᠭ ᠲᠤᠰᠬᠠᠢ ᠲᠤᠬᠢᠷᠠᠭᠤᠯᠤᠭᠰᠠᠨ ᠵᠢᠭᠤᠯᠴᠢᠯᠠᠯ᠎ᠤᠨ ᠦᠢ᠍ᠯᠡᠳᠬᠦᠨ᠂ ᠵᠢᠭᠤᠯᠴᠢᠯᠠᠯ᠎ᠤᠨ ᠵᠠᠮ ᠱᠤᠭᠤᠮ᠎ᠢ ᠭᠠᠷᠭ᠋ᠠᠵᠤ᠂ ᠪᠡᠶᠡᠴᠢᠯᠡᠨ ᠣᠢ᠌ᠯᠠᠭ᠋ᠠᠬᠤ ᠴᠢᠨᠠᠷ᠂ ᠬᠠᠷᠢᠯᠴᠠᠨ ᠬᠥᠳᠡᠯᠦᠯᠴᠡᠬᠦ ᠴᠢᠨᠠᠷ ᠵᠶ᠋ᠠᠷ ᠴᠢᠩᠭ᠎ᠠ ᠵᠢᠭᠤᠯᠴᠢᠯᠠᠯ᠎ᠤᠨ ᠲᠥᠷᠥᠯ ᠵᠦᠢ᠍ᠯ᠎ᠢ ᠨᠡᠭᠡᠭᠡᠨ ᠬᠥᠭᠵᠢᠭᠦᠯᠵᠦ᠂ ᠠᠵᠤ ᠦᠢ᠍ᠯᠡᠰ᠎ᠤᠨ ᠬᠡᠯᠬᠢᠶ᠎ᠡ ᠵᠢ ᠤᠷᠲᠤᠳᠬᠠᠨ᠂ ᠰᠢᠨ᠎ᠡ ᠦᠨ᠎ᠡ ᠥᠷᠲᠡᠭ᠎ᠢ ᠡᠭᠦᠳᠴᠦ᠂ ᠰᠢᠨ᠎ᠡ ᠡᠵᠡᠩᠨᠡᠯᠲᠡ ᠵᠢᠨ ᠪᠠᠢ᠌ᠳᠠᠯ᠎ᠢ ᠪᠣᠢ ᠪᠣᠯᠭ᠋ᠠᠨ᠎ᠠ  ᠃  

ᠢᠷᠡᠯᠲᠡ᠄ ᠬᠥᠯᠥᠨ ᠪᠣᠢ᠌ᠷ ᠬᠣᠲᠠ ᠵᠢᠨ ᠠᠷᠠᠳ᠎ᠤᠨ ᠵᠠᠰᠠᠭ᠎ᠤᠨ ᠣᠷᠳᠣᠨ᠎ᠤ ᠰᠦᠯᠵᠢᠶ᠎ᠡ
          
ᠬᠠᠮᠢᠶ᠎ᠡ ᠪᠦᠬᠦᠢ ᠰᠣᠨᠢᠨ
ᠦᠬᠠᠶ ᠬᠣᠲᠠ ᠵᠢᠨ ᠰᠣᠶᠣᠯ ᠪᠡᠶ᠎ᠡ ᠵᠢᠨ ᠲᠠᠮᠢᠷ ᠵᠢᠭᠤᠯᠴᠢᠯᠠᠯ ᠷᠠᠳᠢᠣ᠋ ᠲᠧᠯᠸᠢᠰ᠎ᠤᠨ ᠲᠣᠪᠴᠢᠶ᠎ᠠ ᠪᠥᠬᠥ ᠬᠣᠲᠠ ᠵᠢᠨ ᠰᠣᠶᠣᠯ ᠵᠢᠭᠤᠯᠴᠢᠯᠠᠯ᠎ᠤᠨ ᠰᠢᠰᠲ᠋ᠧᠮ᠎ᠤᠨ ᠬᠤᠳᠠᠯᠳᠤᠭ᠋ᠠᠴᠢᠨ ᠤᠷᠢᠵᠤ ᠪᠠᠯᠠ ᠣᠷᠣᠭᠤᠯᠬᠤ ᠠᠵᠢᠯ᠎ᠢ ᠠᠬᠢᠭᠤᠯᠬᠤ ᠬᠤᠷᠠᠯ ᠬᠤᠷᠠᠯᠳᠤᠭᠤᠯᠪᠠ
《ᠬᠣᠷᠢᠳᠤᠭ᠋ᠠᠷ ᠶᠡᠬᠡ ᠬᠤᠷᠠᠯ᠎ᠢ ᠪᠠᠶᠠᠷᠯᠠᠨ ᠤᠭᠲᠤᠶ᠎ᠠ》 — — 《ᠮᠠᠨ᠎ᠤ ᠳᠤᠮᠳᠠᠳᠤ ᠵᠢᠨ ᠵᠡᠭᠦᠳᠦ》 ᠰᠣᠶᠣᠯ᠎ᠢ ᠲᠦᠮᠡᠨ ᠡᠷᠦᠬᠡ᠎ᠳᠤ ᠣᠷᠣᠭᠤᠯᠬᠤ ᠠᠩᠬᠠᠳᠤᠭ᠋ᠠᠷ ᠬᠤᠭᠤᠴᠠᠭ᠋ᠠᠨ᠎ᠤ ᠪᠠᠶᠠᠨᠬᠣᠲᠠ ᠣᠷᠣᠨ᠎ᠤ ᠣᠯᠠᠨ ᠲᠦᠮᠡᠨ᠎ᠤ ᠨᠠᠢ᠌ᠷᠠᠯ ᠳᠠᠭᠤᠤ ᠵᠢᠨ ᠦᠵᠡᠭᠦᠯᠭᠡ ᠵᠢᠴᠢ 《ᠤᠮᠠᠷᠠᠲᠤ ᠬᠢᠯᠢ᠎ᠪᠠᠨ ᠴᠤᠤᠷᠢᠶᠠᠳᠤᠭᠤᠯᠤᠨ ᠳᠠᠭᠤᠯᠠᠶ᠎ᠠ》 ᠪᠥᠬᠥ ᠣᠷᠣᠨ᠎ᠤ ᠳᠥᠷᠪᠡᠳᠦᠭᠡᠷ ᠬᠤᠭᠤᠴᠠᠭ᠋ᠠᠨ᠎ᠤ ᠣᠯᠠᠨ ᠲᠦᠮᠡᠨ᠎ᠤ ᠳᠠᠭᠤᠤ ᠵᠢᠨ ᠦᠵᠡᠭᠦᠯᠭᠡ ᠵᠢᠨ ᠠᠵᠢᠯᠯᠠᠭ᠎ᠠ ᠵᠢ ᠬᠥᠭᠵᠢᠶᠡᠨᠲᠡᠶ ᠬᠢᠪᠡ
ᠬᠢᠩᠭ᠋ᠠᠨ ᠠᠢ᠌ᠮᠠᠭ ᠵᠢᠭᠤᠯᠴᠢᠯᠠᠯ᠎ᠤᠨ ᠭᠣᠤᠯᠳᠠᠯᠭ᠎ᠠ᠎ᠲᠠᠢ ᠲᠥᠷᠥᠯ ᠵᠦᠢᠯ᠎ᠤᠨ ᠪᠥᠲᠥᠭᠡᠨ ᠪᠠᠢ᠌ᠭᠤᠯᠤᠯᠲᠠ ᠵᠢ ᠪᠥᠬᠥ ᠬᠦᠴᠦᠨ ᠵᠶ᠋ᠡᠷ ᠵᠶ᠋ᠡᠨ ᠠᠬᠢᠭᠤᠯᠵᠤ ᠪᠣᠶ
ᠲᠦᠩᠯᠢᠶᠣᠤ ᠬᠣᠲᠠ ᠵᠢᠨ ᠤᠯᠠᠭ᠋ᠠᠨᠮᠥ᠋ᠴᠢᠷ᠄ ᠤᠳᠬ᠎ᠠ ᠤᠷᠠᠯᠢᠭ᠎ᠤᠨ ᠬᠠᠪᠰᠤᠷᠤᠨ ᠵᠢᠯᠣᠭᠣᠳᠣᠯᠭ᠎ᠠ ᠴᠡᠷᠢᠭ᠎ᠤᠨ ᠬᠤᠸᠠᠷᠠᠨ᠎ᠳᠤ ᠣᠷᠣᠵᠤ ᠴᠡᠷᠢᠭ ᠠᠷᠠᠳ ᠬᠠᠮᠲᠤ ᠵᠢᠨ ᠭᠡᠷ ᠪᠦᠯᠢ᠎ᠪᠠᠨ ᠪᠦᠲᠦᠭᠡᠨ ᠪᠠᠢ᠌ᠭᠤᠯᠤᠨ᠎ᠠ
ᠣᠷᠳᠣᠰ᠎ᠤᠨ ᠰᠦᠯᠵᠢᠶᠡᠨ ᠳᠡᠭᠡᠷᠡᠬᠢ ᠨᠡᠭᠦᠳᠡᠯ ᠮᠦᠽᠧᠶ ᠦᠵᠡᠰᠭᠦᠯᠡᠩ ᠎ᠢ ᠬᠢᠴᠢᠶᠡᠯ᠎ᠤᠨ ᠲᠠᠩᠬᠢᠮ᠎ᠳᠤ ᠬᠦᠷᠭᠡᠪᠡ
 
            