ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠰᠤᠷᠠᠭ ᠵᠠᠩᠬᠢ
ᠬᠡᠷᠡᠭᠯᠡᠭᠡ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠠᠶ᠋ᠢᠮᠠᠭ ᠬᠤᠲᠠ᠎ᠶᠢᠨ ᠰᠣᠨᠣᠰᠬᠠᠯ
ᠤᠯᠠᠭ᠋ᠠᠨᠴᠠᠪ ᠬᠣᠲᠠ ᠵᠢᠨ ᠰᠣᠶᠣᠯ ᠵᠢᠭᠤᠯᠴᠢᠯᠠᠯ᠎ᠤᠨ ᠠᠵᠢᠯ ᠲᠥᠷᠥᠯ᠎ᠤᠨ᠎ᠬᠢᠨ ᠠᠶᠤᠯ ᠥᠬᠡᠶ ᠦᠢᠯᠡᠳᠪᠦᠷᠢᠯᠡᠯ ᠵᠢᠴᠢ ᠵᠢᠭᠤᠯᠴᠢᠯᠠᠯ᠎ᠤᠨ ᠦᠢᠯᠡᠴᠢᠯᠡᠭᠡᠨ᠎ᠤ ᠶᠠᠰᠤ ᠴᠢᠨᠠᠷ᠎ᠢ ᠳᠡᠭᠡᠭᠰᠢᠯᠡᠭᠦᠯᠬᠦ ᠪᠣᠯᠪᠠᠰᠤᠷᠠᠯ᠎ᠤᠨ ᠠᠩᠭᠢ ᠡᠬᠢᠯᠡᠪᠡ
ᠨᠡᠶᠢᠲᠡᠯᠡᠭᠰᠡᠨ ᠴᠠᠭ᠄ 2022-07-11

     7 ᠳ᠋ᠤᠭ᠋ᠠᠷ ᠰᠠᠷ᠎ᠠ ᠵᠢᠨ 7᠎ᠤ ᠡᠳᠦᠷ᠎ᠤᠨ ᠦᠳᠡ ᠵᠢᠨ ᠡᠮᠦᠨ᠎ᠡ᠂ ᠤᠯᠠᠭ᠋ᠠᠨᠴᠠᠪ ᠬᠣᠲᠠ ᠵᠢᠨ ᠰᠣᠶᠣᠯ ᠵᠢᠭᠤᠯᠴᠢᠯᠠᠯ᠎ᠤᠨ ᠠᠵᠢᠯ ᠲᠥᠷᠥᠯ᠎ᠤᠨ ᠠᠶᠤᠯ ᠥᠬᠡᠶ ᠦᠢᠯᠡᠳᠪᠦᠷᠢᠯᠡᠯ ᠵᠢᠴᠢ ᠵᠢᠭᠤᠯᠴᠢᠯᠠᠯ᠎ᠤᠨ ᠦᠢᠯᠡᠴᠢᠯᠡᠭᠡᠨ᠎ᠤ ᠶᠠᠰᠤ ᠴᠢᠨᠠᠷ᠎ᠢ ᠳᠡᠭᠡᠭᠰᠢᠯᠡᠭᠦᠯᠬᠦ ᠪᠣᠯᠪᠠᠰᠤᠷᠠᠯ᠎ᠤᠨ ᠠᠩᠭᠢ ᠵᠢᠨᠢᠩ ᠲᠣᠭᠣᠷᠢᠭ᠎ᠤᠨ ᠵᠢᠨ ᠬᠤᠤ ᠵᠢᠶᠠᠨ ᠭᠦᠸᠧ ᠪᠠᠭᠤᠳᠠᠯ᠎ᠳᠤ ᠬᠢᠴᠢᠶᠡᠯ ᠡᠬᠢᠯᠡᠪᠡ᠃ ᠪᠥᠬᠥ ᠬᠣᠲᠠ ᠵᠢᠨ A ᠲᠠᠰ᠎ᠤᠨ ᠵᠢᠭᠤᠯᠴᠢᠯᠠᠯ᠎ᠤᠨ ᠦᠵᠡᠮᠵᠢ ᠵᠢᠨ ᠣᠷᠣᠨ᠂ ᠵᠢᠭᠤᠯᠴᠢᠯᠠᠯ᠎ᠤᠨ ᠠᠷᠠᠳ᠎ᠤᠨ ᠪᠠᠭᠤᠳᠠᠯ᠂ ᠣᠳᠣᠨ ᠲᠠᠰ᠎ᠤᠨ ᠵᠢᠭᠤᠯᠴᠢᠯᠠᠯ᠎ᠤᠨ ᠪᠠᠭᠤᠳᠠᠯ᠂ ᠵᠢᠭᠤᠯᠴᠢᠯᠠᠯ᠎ᠤᠨ ᠬᠣᠷᠢᠶ᠎ᠠ ᠵᠡᠷᠭᠡ ᠭᠣᠤᠯᠳᠠᠯᠭ᠎ᠠ᠎ᠲᠠᠢ ᠰᠣᠶᠣᠯ ᠵᠢᠭᠤᠯᠴᠢᠯᠠᠯ᠎ᠤᠨ ᠠᠵᠤ ᠠᠬᠤᠢ᠌ᠯᠠᠯ᠂ ᠬᠣᠲᠠ᠂ ᠬᠣᠰᠢᠭᠤ ᠰᠢᠶᠠᠨ (ᠬᠣᠲᠠ᠂ ᠲᠣᠭᠣᠷᠢᠭ) ᠬᠣᠶᠠᠷ ᠱᠠᠲᠤᠨ᠎ᠤ ᠰᠣᠶᠣᠯ ᠵᠢᠭᠤᠯᠴᠢᠯᠠᠯ᠎ᠤᠨ ᠠᠵᠢᠯ ᠲᠥᠷᠥᠯ᠎ᠤᠨ ᠵᠠᠰᠠᠭ ᠵᠠᠬᠢᠷᠭ᠋ᠠᠨ᠎ᠤ ᠬᠠᠮᠢᠶᠠᠷᠤᠯᠲᠠ ᠵᠢᠨ ᠠᠵᠢᠯᠲᠠᠨ 90 ᠭᠠᠷᠤᠶ ᠬᠥᠮᠦᠨ ᠪᠤᠯᠪᠠᠰᠤᠷᠠᠯ᠎ᠤᠨ ᠠᠵᠢᠯᠯᠠᠭ᠎ᠠ᠎ᠳᠤ ᠣᠷᠣᠯᠴᠠᠵᠤ᠂ ᠤᠯᠠᠭ᠋ᠠᠨᠴᠠᠪ ᠬᠣᠲᠠ ᠵᠢᠨ ᠰᠣᠶᠣᠯ ᠵᠢᠭᠤᠯᠴᠢᠯᠠᠯ ᠪᠡᠶ᠎ᠡ ᠵᠢᠨ ᠲᠠᠮᠢᠷ᠎ᠤᠨ ᠲᠣᠪᠴᠢᠶ᠎ᠠ ᠵᠢᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠱᠦᠵᠢ᠂ ᠲᠣᠪᠴᠢᠶᠠᠨ ᠳᠠᠷᠤᠭ᠎ᠠ ᠸᠸᠨ ᠪᠢᠶᠤᠤ ᠰᠤᠷᠤᠯᠭ᠎ᠠ ᠡᠬᠢᠯᠡᠬᠦ ᠶᠣᠰᠣᠯᠠᠯ᠎ᠳᠤ ᠣᠷᠣᠯᠴᠠᠭᠰᠠᠨ ᠪᠥᠭᠡᠳ ᠳᠠᠢ᠌ᠴᠢᠯᠠᠯᠲᠠ ᠵᠢᠨ ᠶᠠᠷᠢᠶ᠎ᠠ ᠲᠠᠯᠪᠢᠪᠠ᠃
      ᠰᠤᠷᠤᠯᠭ᠎ᠠ ᠡᠬᠢᠯᠡᠬᠦ ᠶᠣᠰᠣᠯᠠᠯ᠎ᠤᠨ ᠳᠠᠷᠠᠭ᠎ᠠ᠂ ᠵᠢᠭᠤᠯᠴᠢᠯᠠᠯ᠎ᠤᠨ ᠠᠷᠠᠳ᠎ᠤᠨ ᠪᠠᠭᠤᠳᠠᠯ᠎ᠤᠨ ᠲᠤᠰᠬᠠᠶ ᠰᠡᠳᠦᠪᠲᠦ ᠪᠣᠯᠪᠠᠰᠤᠷᠠᠯ ᠡᠬᠢᠯᠡᠪᠡ᠃ ᠪᠥᠬᠥ ᠤᠯᠤᠰ᠎ᠤᠨ ᠠᠵᠢᠯ ᠲᠥᠷᠥᠯ᠎ᠤᠨ ᠨᠠᠷᠠᠲᠤ ᠲᠤᠰᠬᠠᠶ ᠮᠡᠷᠭᠡᠵᠢᠯᠲᠡᠨ ᠰᠢᠤᠢ ᠵᠢᠨ ᠶᠢᠨ《ᠵᠢᠭᠤᠯᠴᠢᠯᠠᠯ᠎ᠤᠨ ᠠᠷᠠᠳ᠎ᠤᠨ ᠪᠠᠭᠤᠳᠠᠯ᠎ᠤᠨ ᠦᠨᠳᠦᠰᠦᠨ ᠱᠠᠭ᠋ᠠᠷᠳᠠᠯᠭ᠎ᠠ ᠬᠢᠭᠡᠳ ᠦᠨᠡᠯᠡᠯᠲᠡ》ᠵᠢᠨ ᠲᠠᠢ᠌ᠯᠤᠮᠵᠢ᠎ᠪᠠᠷ ᠭᠣᠤᠯ ᠰᠢᠵᠢᠮ ᠪᠣᠯᠭ᠋ᠠᠵᠤ᠂ ᠨᠡᠢ᠌ᠲᠡᠯᠢᠭ ᠬᠡᠷᠡᠭ᠎ᠤᠨ ᠵᠢᠱ᠌ᠢᠶ᠎ᠡ᠎ᠪᠠᠷ ᠳᠠᠮᠵᠢᠭᠤᠯᠤᠨ᠂ ᠵᠢᠭᠤᠯᠴᠢᠯᠠᠯ᠎ᠤᠨ ᠠᠷᠠᠳ᠎ᠤᠨ ᠪᠠᠭᠤᠳᠠᠯ᠎ᠤᠨ ᠬᠥᠭᠵᠢᠯᠲᠡ ᠵᠢᠨ ᠣᠳᠣᠬᠢ ᠪᠠᠢ᠌ᠳᠠᠯ ᠵᠢᠴᠢ ᠬᠠᠨᠳᠤᠰᠢ᠂ ᠪᠥᠲᠥᠭᠡᠨ ᠪᠠᠢ᠌ᠭᠤᠯᠤᠯᠲᠠ ᠬᠢᠭᠡᠳ ᠡᠵᠡᠩᠨᠡᠯᠲᠡ᠂ ᠰᠣᠶᠣᠯ ᠵᠢᠭᠤᠯᠴᠢᠯᠠᠯ᠎ᠢ ᠠᠭᠤᠰᠤᠯᠴᠠᠭᠤᠯᠤᠨ ᠬᠥᠭᠵᠢᠭᠦᠯᠬᠦ᠂ ᠠᠮᠤᠷ ᠲᠦᠪᠰᠢᠨ ᠬᠢᠭᠡᠳ ᠭᠠᠯ ᠰᠡᠷᠭᠡᠢ᠌ᠯᠡᠵᠦ ᠭᠠᠯ ᠤᠨᠲᠠᠷᠠᠭ᠋ᠠᠬᠤ ᠬᠥᠮᠦᠵᠢᠯ ᠵᠡᠷᠭᠡ ᠲᠤᠰᠬᠠᠶ ᠰᠡᠳᠦᠪᠲᠦ ᠠᠭᠤᠯᠭ᠎ᠠ ᠵᠢᠨ ᠲᠣᠭᠣᠷᠢᠨ᠎ᠳᠤ᠂ ᠣᠯᠠᠨ ᠵᠢᠯ᠎ᠤᠨ ᠠᠵᠢᠯ ᠲᠥᠷᠥᠯ᠎ᠤᠨ ᠣᠯᠤᠯᠲᠠ ᠲᠥᠷᠥᠭᠳᠡᠯ᠎ᠲᠠᠢ ᠤᠶᠠᠯᠳᠤᠭᠤᠯᠤᠨ᠂ ᠠᠷᠠᠳ᠎ᠤᠨ   ᠪᠠᠭᠤᠳᠠᠯ᠎ᠤᠨ ᠥᠮᠴᠢᠲᠡᠨ᠎ᠢ ᠵᠢᠯᠣᠭᠣᠳᠴᠤ ᠪᠠᠢ᠌ᠭ᠋ᠠᠳ ᠰᠡᠳᠬᠢᠮᠵᠢ ᠵᠢ᠎ᠨᠢ ᠥᠷᠭᠡᠳᠬᠡᠵᠦ᠂ ᠬᠠᠷᠠᠭ᠎ᠠ ᠵᠢ᠎ᠨᠢ ᠥᠷᠭᠡᠳᠬᠡᠨ᠂ ᠵᠢᠭᠤᠯᠴᠢᠯᠠᠯ᠎ᠤᠨ ᠠᠷᠠᠳ᠎ᠤᠨ ᠪᠠᠭᠤᠳᠠᠯ᠎ᠤᠨ ᠬᠥᠭᠵᠢᠯᠲᠡ ᠵᠢᠨ ᠴᠢᠭᠯᠡᠯ᠎ᠢ ᠵᠥᠪ ᠡᠵᠡᠮᠳᠡᠵᠦ᠂ ᠬᠤᠷᠠᠯ᠎ᠳᠤ ᠣᠷᠣᠯᠴᠠᠭᠰᠠᠳ᠎ᠲᠤ ᠠᠮᠢᠳᠤᠯᠢᠭ ᠪᠥᠭᠡᠳ ᠭᠣᠢ᠌ᠳᠠ ᠰᠠᠢ᠌ᠬᠠᠨ ᠬᠢᠴᠢᠶᠡᠯ ᠤᠷᠤᠪᠠ᠃
      ᠲᠠᠢ᠌ᠯᠤᠮᠵᠢ ᠳᠠᠭᠤᠰᠤᠭᠰᠠᠨ᠎ᠤ ᠳᠠᠷᠠᠭ᠎ᠠ᠂ ᠪᠤᠯᠪᠠᠰᠤᠷᠠᠯ᠎ᠳᠤ ᠣᠷᠣᠯᠴᠠᠭᠰᠠᠨ ᠠᠷᠠᠳ᠎ᠤᠨ ᠪᠠᠭᠤᠳᠠᠯ᠎ᠤᠨ ᠥᠮᠴᠢᠲᠡᠨ ᠢᠯᠡᠷᠬᠡᠢ᠌ᠯᠡᠬᠦ᠎ᠳᠤ᠎ᠪᠠᠨ᠂ ᠡᠨᠡ ᠤᠳᠠᠭ᠋ᠠᠨ᠎ᠤ ᠪᠤᠯᠪᠠᠰᠤᠷᠠᠯ᠎ᠨᠢ ᠴᠠᠭ ᠲᠤᠬᠠᠶ᠎ᠲᠤ᠎ᠪᠠᠨ ᠲᠤᠬᠢᠷᠠᠵᠤ᠂ ᠬᠢᠴᠢᠶᠡᠯᠯᠡᠬᠦ ᠠᠭᠤᠯᠭ᠎ᠠ᠎ᠨᠢ ᠰᠢᠨ᠎ᠡ ᠰᠡᠪᠡᠭᠦᠨ ᠡᠯᠪᠡᠭ ᠪᠠᠶᠠᠯᠢᠭ ᠪᠠᠢ᠌ᠵᠤ᠂ ᠵᠢᠭᠤᠯᠴᠢᠯᠠᠯ᠎ᠤᠨ ᠠᠷᠠᠳ᠎ᠤᠨ ᠪᠠᠭᠤᠳᠠᠯ᠎ᠤᠨ ᠠᠵᠢᠯ ᠲᠥᠷᠥᠯ᠎ᠤᠨ ᠬᠥᠭᠵᠢᠯᠲᠡ ᠵᠢᠨ ᠬᠤᠰᠢᠭᠤᠷᠠᠯ᠎ᠲᠠᠢ ᠨᠢᠭᠲᠠ ᠤᠶᠠᠯᠳᠤᠭᠤᠯᠤᠨ᠂ ᠣᠯᠠᠨ ᠵᠶ᠋ᠠᠷ ᠵᠶ᠋ᠠᠨ ᠨᠠᠷᠢᠨ ᠬᠢᠨᠠᠮᠠᠭ᠋ᠠᠶ ᠰᠤᠷᠤᠯᠴᠠᠵᠤ᠂ ᠢᠳᠡᠪᠬᠢᠲᠡᠶ ᠰᠣᠯᠢᠯᠴᠠᠨ ᠶᠠᠷᠢᠯᠴᠠᠬᠤ᠎ᠪᠠᠷ ᠳᠠᠮᠵᠢᠭᠤᠯᠤᠨ᠂ ᠵᠢᠭᠤᠯᠴᠢᠯᠠᠯ᠎ᠤᠨ ᠠᠷᠠᠳ᠎ᠤᠨ ᠪᠠᠭᠤᠳᠠᠯ᠎ᠤᠨ ᠬᠥᠭᠵᠢᠯᠲᠡ ᠵᠢᠨ ᠲᠤᠬᠠᠶ ᠰᠢᠨ᠎ᠡ ᠲᠠᠨᠢᠯᠲᠠ᠎ᠲᠠᠢ ᠪᠣᠯᠵᠣ᠂ ᠵᠣᠭᠰᠣᠴᠠ᠎ᠪᠠᠨ ᠳᠡᠭᠡᠭᠰᠢᠯᠡᠭᠦᠯᠦᠨ᠂ ᠢᠷᠡᠭᠡᠳᠦᠶ ᠵᠢᠨ ᠬᠥᠭᠵᠢᠯᠲᠡ ᠵᠢᠨ ᠴᠢᠭᠯᠡᠯ ᠵᠶ᠋ᠡᠨ ᠲᠣᠳᠣᠷᠬᠠᠢ᠌ᠯᠠᠭᠰᠠᠨ ᠵᠶ᠋ᠠᠷ ᠪᠠᠷᠠᠬᠤ ᠥᠬᠡᠶ ᠪᠠᠰᠠ ᠠᠵᠢᠯ᠎ᠤᠨ ᠰᠡᠳᠬᠢᠴᠡ᠎ᠪᠠᠨ ᠲᠣᠳᠣᠷᠬᠠᠢ᠌ᠯᠠᠵᠤ᠂ ᠢᠲᠡᠭᠡᠯ ᠵᠣᠷᠢᠭ ᠵᠶ᠋ᠠᠨ ᠨᠡᠮᠡᠭᠳᠡᠭᠦᠯᠦᠨ᠂ ᠳᠦᠭᠦᠷᠡᠩ ᠣᠯᠤᠯᠲᠠ᠎ᠲᠠᠢ ᠪᠣᠯᠵᠠᠶ ᠭᠡᠪᠡ᠃  

ᠢᠷᠡᠯᠲᠡ᠄ ᠤᠯᠠᠭ᠋ᠠᠨᠴᠠᠪ ᠬᠣᠲᠠ ᠵᠢᠨ ᠰᠣᠶᠣᠯ ᠵᠢᠭᠤᠯᠴᠢᠯᠠᠯ ᠪᠡᠶ᠎ᠡ ᠵᠢᠨ ᠲᠠᠮᠢᠷ᠎ᠤᠨ ᠲᠣᠪᠴᠢᠶ᠎ᠠ
          
ᠬᠠᠮᠢᠶ᠎ᠡ ᠪᠦᠬᠦᠢ ᠰᠣᠨᠢᠨ
ᠣᠷᠳᠣᠰ ᠬᠣᠲᠠ ᠵᠢᠨ ᠰᠣᠶᠣᠯ ᠵᠢᠭᠤᠯᠴᠢᠯᠠᠯ᠎ᠤᠨ ᠠᠵᠤ ᠦᠢᠯᠡᠰ᠎ᠤᠨ ᠵᠠᠰᠠᠭ ᠪᠠᠩᠬᠢ ᠠᠵᠤ ᠠᠬᠤᠢ᠌ᠯᠠᠯ᠎ᠢ ᠵᠣᠯᠭ᠋ᠠᠭᠤᠯᠬᠤ ᠬᠤᠷᠠᠯ ᠬᠤᠷᠠᠯᠳᠤᠪᠠ
ᠤᠯᠤᠰ᠎ᠤᠨ ᠲᠡᠦᠬᠡ ᠵᠢᠨ ᠳᠤᠷᠠᠰᠬᠠᠯᠲᠤ ᠵᠦᠢ᠍ᠯᠡᠰ᠎ᠤᠨ ᠲᠣᠪᠴᠢᠶᠠᠨ᠎ᠤ ᠬᠡᠭᠡᠷ᠎ᠡ ᠵᠢᠨ ᠬᠠᠭᠤᠴᠢ ᠰᠤᠳᠤᠯᠤᠯ᠎ᠤᠨ ᠦᠢ᠍ᠯᠡᠳᠦᠯᠭᠡ ᠵᠢᠨ ᠪᠣᠯᠪᠠᠰᠤᠷᠠᠯ᠎ᠤᠨ ᠠᠩᠭᠢ ᠪᠠᠭ᠋ᠠᠷᠢᠨ ᠵᠡᠭᠦᠨ ᠬᠣᠰᠢᠭᠤᠨ᠎ᠳᠤ ᠡᠬᠢᠯᠡᠪᠡ
ᠭᠡᠭᠡᠨ ᠭᠣᠤᠯ ᠬᠣᠲᠠ ᠰᠣᠶᠣᠯ ᠵᠢᠭᠤᠯᠴᠢᠯᠠᠯ᠎ᠤᠨ ᠪᠦᠲᠦᠭᠡᠭᠳᠡᠬᠦᠨ᠎ᠤ ᠬᠠᠩᠭ᠋ᠠᠯᠭ᠎ᠠ ᠵᠢ ᠪᠠᠶᠠᠯᠢᠭᠵᠢᠭᠤᠯᠵᠤ ᠣᠯᠠᠨ ᠠᠵᠤ ᠦᠢᠯᠡᠰ᠎ᠤᠨ ᠠᠭᠤᠰᠤᠯᠴᠠᠨ ᠬᠥᠭᠵᠢᠬᠦ ᠰᠢᠨ᠎ᠡ ᠪᠠᠢ᠌ᠳᠠᠯ᠎ᠢ ᠪᠣᠶ ᠪᠣᠯᠭ᠋ᠠᠬᠤ ᠵᠢ ᠠᠬᠢᠭᠤᠯᠪᠠ
ᠦᠬᠠᠶ ᠬᠣᠲᠠ ᠵᠢᠨ ᠰᠣᠶᠣᠯ ᠪᠡᠶ᠎ᠡ ᠵᠢᠨ ᠲᠠᠮᠢᠷ ᠵᠢᠭᠤᠯᠴᠢᠯᠠᠯ ᠷᠠᠳᠢᠣ᠋ ᠲᠧᠯᠸᠢᠰ᠎ᠤᠨ ᠲᠣᠪᠴᠢᠶ᠎ᠠ ᠪᠥᠬᠥ ᠬᠣᠲᠠ ᠵᠢᠨ ᠰᠣᠶᠣᠯ ᠵᠢᠭᠤᠯᠴᠢᠯᠠᠯ᠎ᠤᠨ ᠰᠢᠰᠲ᠋ᠧᠮ᠎ᠤᠨ ᠬᠤᠳᠠᠯᠳᠤᠭ᠋ᠠᠴᠢᠨ ᠤᠷᠢᠵᠤ ᠪᠠᠯᠠ ᠣᠷᠣᠭᠤᠯᠬᠤ ᠠᠵᠢᠯ᠎ᠢ ᠠᠬᠢᠭᠤᠯᠬᠤ ᠬᠤᠷᠠᠯ ᠬᠤᠷᠠᠯᠳᠤᠭᠤᠯᠪᠠ
《ᠬᠣᠷᠢᠳᠤᠭ᠋ᠠᠷ ᠶᠡᠬᠡ ᠬᠤᠷᠠᠯ᠎ᠢ ᠪᠠᠶᠠᠷᠯᠠᠨ ᠤᠭᠲᠤᠶ᠎ᠠ》 — — 《ᠮᠠᠨ᠎ᠤ ᠳᠤᠮᠳᠠᠳᠤ ᠵᠢᠨ ᠵᠡᠭᠦᠳᠦ》 ᠰᠣᠶᠣᠯ᠎ᠢ ᠲᠦᠮᠡᠨ ᠡᠷᠦᠬᠡ᠎ᠳᠤ ᠣᠷᠣᠭᠤᠯᠬᠤ ᠠᠩᠬᠠᠳᠤᠭ᠋ᠠᠷ ᠬᠤᠭᠤᠴᠠᠭ᠋ᠠᠨ᠎ᠤ ᠪᠠᠶᠠᠨᠬᠣᠲᠠ ᠣᠷᠣᠨ᠎ᠤ ᠣᠯᠠᠨ ᠲᠦᠮᠡᠨ᠎ᠤ ᠨᠠᠢ᠌ᠷᠠᠯ ᠳᠠᠭᠤᠤ ᠵᠢᠨ ᠦᠵᠡᠭᠦᠯᠭᠡ ᠵᠢᠴᠢ 《ᠤᠮᠠᠷᠠᠲᠤ ᠬᠢᠯᠢ᠎ᠪᠠᠨ ᠴᠤᠤᠷᠢᠶᠠᠳᠤᠭᠤᠯᠤᠨ ᠳᠠᠭᠤᠯᠠᠶ᠎ᠠ》 ᠪᠥᠬᠥ ᠣᠷᠣᠨ᠎ᠤ ᠳᠥᠷᠪᠡᠳᠦᠭᠡᠷ ᠬᠤᠭᠤᠴᠠᠭ᠋ᠠᠨ᠎ᠤ ᠣᠯᠠᠨ ᠲᠦᠮᠡᠨ᠎ᠤ ᠳᠠᠭᠤᠤ ᠵᠢᠨ ᠦᠵᠡᠭᠦᠯᠭᠡ ᠵᠢᠨ ᠠᠵᠢᠯᠯᠠᠭ᠎ᠠ ᠵᠢ ᠬᠥᠭᠵᠢᠶᠡᠨᠲᠡᠶ ᠬᠢᠪᠡ
 
            