ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠰᠤᠷᠠᠭ ᠵᠠᠩᠬᠢ
ᠬᠡᠷᠡᠭᠯᠡᠭᠡ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠠᠶ᠋ᠢᠮᠠᠭ ᠬᠤᠲᠠ᠎ᠶᠢᠨ ᠰᠣᠨᠣᠰᠬᠠᠯ
《ᠬᠣᠷᠢᠳᠤᠭ᠋ᠠᠷ ᠶᠡᠬᠡ ᠬᠤᠷᠠᠯ᠎ᠢ ᠪᠠᠶᠠᠷᠯᠠᠨ ᠤᠭᠲᠤᠵᠤ ᠰᠢᠨ᠎ᠡ ᠠᠶᠠᠨ᠎ᠳᠤ᠎ᠪᠠᠨ ᠡᠷᠡᠯᠭᠡᠭᠯᠡᠨ ᠤᠷᠤᠭᠰᠢᠯᠠᠶ᠎ᠠ》 ᠬᠢᠩᠭ᠋ᠠᠨ ᠠᠢ᠌ᠮᠠᠭ᠎ᠤᠨ ᠤᠯᠠᠭ᠋ᠠᠨᠮᠥ᠋ᠴᠢᠷ ᠦᠨᠳᠦᠰᠦᠨ ᠱᠠᠲᠤᠨ᠎ᠳᠤ ᠦᠢ᠍ᠯᠡᠴᠢᠯᠡᠵᠦ ᠰᠢ ᠺᠸᠦ ᠲᠣᠰᠬᠣᠨ᠎ᠳᠤ ᠬᠦᠷᠪᠡ
ᠨᠡᠶᠢᠲᠡᠯᠡᠭᠰᠡᠨ ᠴᠠᠭ᠄ 2022-07-11

      ᠶᠡᠷᠦᠩᠬᠡᠶ ᠱᠦᠵᠢ ᠰᠢ ᠵᠢᠨ ᠫᠢᠩ᠎ᠤᠨ ᠤᠯᠠᠭ᠋ᠠᠨᠮᠥ᠋ᠴᠢᠷ᠎ᠤᠨ ᠦᠢᠯᠡᠰ᠎ᠤᠨ ᠬᠥᠭᠵᠢᠯᠲᠡ ᠵᠢᠨ ᠲᠤᠬᠠᠶ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠵᠢ ᠭᠦᠨᠵᠡᠭᠡᠶ ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ᠂ ᠠᠭᠤᠤ ᠶᠡᠬᠡ ᠨᠠᠮ ᠪᠠᠢ᠌ᠭᠤᠯᠤᠭᠰᠠᠨ ᠵᠣᠷᠢᠭ ᠰᠠᠨᠠᠭ᠎ᠠ ᠵᠢ ᠪᠠᠳᠠᠷᠠᠭᠤᠯᠤᠨ᠂ ᠦᠨᠳᠦᠰᠦᠨ ᠱᠠᠲᠤᠨ᠎ᠤ ᠣᠯᠠᠨ ᠲᠦᠮᠡᠨ᠎ᠤ ᠣᠶᠤᠨ᠎ᠤ ᠰᠣᠶᠣᠯ᠎ᠤᠨ ᠠᠮᠢᠳᠤᠷᠠᠯ᠎ᠢ ᠪᠠᠶᠠᠯᠢᠭᠵᠢᠭᠤᠯᠵᠤ᠂ ᠪᠣᠯᠪᠠᠰᠤᠨ ᠡᠶ᠎ᠡ ᠵᠣᠬᠢᠴᠠᠩᠭᠤᠶ ᠨᠡᠢ᠌ᠭᠡᠮ᠎ᠤᠨ ᠠᠭᠤᠷ ᠠᠮᠢᠰᠬᠤᠯ᠎ᠢ ᠪᠣᠶ ᠪᠣᠯᠭ᠋ᠠᠬᠤ ᠵᠢᠨ ᠲᠥᠯᠥᠭᠡ᠂ 7 ᠳ᠋ᠤᠭ᠋ᠠᠷ ᠰᠠᠷ᠎ᠠ ᠵᠢᠨ 3᠎ᠤ ᠡᠳᠦᠷ᠂ ᠬᠢᠩᠭ᠋ᠠᠨ ᠠᠢ᠌ᠮᠠᠭ᠎ᠤᠨ ᠤᠯᠠᠭ᠋ᠠᠨᠮᠥ᠋ᠴᠢᠷ᠂ ᠷᠠᠰᠢᠶᠠᠨ ᠬᠣᠲᠠ ᠵᠢᠨ ᠤᠯᠠᠭ᠋ᠠᠨᠮᠥ᠋ᠴᠢᠷ ᠬᠠᠮᠲᠤ᠎ᠪᠠᠷ ᠰᠣᠶᠣᠯ ᠪᠠ ᠵᠢᠭᠤᠯᠴᠢᠯᠠᠯ᠎ᠤᠨ ᠶᠠᠮᠤᠨ᠎ᠤ ᠴᠡᠭ ᠲᠣᠭᠲᠠᠭ᠋ᠠᠨ ᠬᠠᠪᠰᠤᠷᠤᠨ ᠲᠡᠳᠬᠦᠬᠦ ᠴᠡᠭ — ᠷᠠᠰᠢᠶᠠᠨ ᠬᠣᠲᠠ ᠵᠢᠨ ᠮᠢᠩ ᠱᠦᠶ ᠾᠧ ᠪᠠᠯᠭ᠋ᠠᠰᠤ ᠵᠢᠨ ᠰᠢ ᠺᠧᠤ ᠲᠣᠰᠬᠣᠨ᠎ᠳᠤ ᠬᠦᠷᠴᠦ᠂ 《ᠬᠣᠷᠢᠳᠤᠭ᠋ᠠᠷ ᠶᠡᠬᠡ ᠬᠤᠷᠠᠯ᠎ᠢ ᠪᠠᠶᠠᠷᠯᠠᠨ ᠤᠭᠲᠤᠵᠤ   ᠰᠢᠨ᠎ᠡ ᠠᠶᠠᠨ᠎ᠳᠤ᠎ᠪᠠᠨ ᠡᠷᠡᠯᠭᠡᠭᠯᠡᠨ ᠤᠷᠤᠭᠰᠢᠯᠠᠶ᠎ᠠ》 ᠦᠨᠳᠦᠰᠦᠨ ᠱᠠᠲᠤᠨ᠎ᠳᠤ ᠦᠢᠯᠡᠴᠢᠯᠡᠬᠦ ᠠᠵᠢᠯᠯᠠᠭ᠎ᠠ ᠥᠷᠨᠢᠭᠦᠯᠪᠡ᠃


      ᠬᠢᠩᠭ᠋ᠠᠨ ᠠᠢ᠌ᠮᠠᠭ᠎ᠤᠨ ᠤᠯᠠᠭ᠋ᠠᠨᠮᠥ᠋ᠴᠢᠷ᠎ᠤᠨ ᠭᠣᠢ᠌ᠳᠠ ᠰᠠᠢ᠌ᠬᠠᠨ ᠲᠣᠭᠯᠠᠯᠲᠠ ᠵᠢ ᠰᠣᠨᠢᠷᠬᠠᠭᠰᠠᠨ᠎ᠤ ᠳᠠᠷᠠᠭ᠎ᠠ᠂ ᠲᠤᠬᠠᠶ ᠵᠢᠨ ᠭᠠᠵᠠᠷ᠎ᠤᠨ ᠲᠣᠰᠬᠣᠨ᠎ᠤ ᠠᠷᠠᠳ ᠤᠯᠠᠭ᠋ᠠᠨᠮᠥ᠋ᠴᠢᠷ᠎ᠤᠨ ᠭᠡᠰᠢᠭᠦᠳ᠎ᠲᠤ᠄ 《ᠡᠨᠡ ᠬᠡᠳᠦᠨ ᠵᠢᠯ᠎ᠤᠨ ᠲᠤᠷᠰᠢ᠂ ᠰᠣᠶᠣᠯ ᠪᠠ ᠵᠢᠭᠤᠯᠴᠢᠯᠠᠯ᠎ᠤᠨ ᠶᠠᠮᠤᠨ᠎ᠤ ᠬᠠᠪᠰᠤᠷᠤᠯᠭ᠎ᠠ ᠳᠣᠤᠷ᠎ᠠ᠂ ᠮᠠᠨ᠎ᠤ ᠲᠣᠰᠬᠣᠨ᠎ᠤ ᠵᠢᠭᠤᠯᠴᠢᠯᠠᠯ᠎ᠤᠨ ᠠᠵᠤ ᠦᠢᠯᠡᠰ ᠤᠯᠠᠮ᠎ᠠᠴᠠ ᠤᠯᠠᠮ ᠬᠥᠭᠵᠢᠶᠡᠨ᠎ᠲᠠᠢ ᠪᠣᠯᠪᠠ᠃ ᠮᠠᠰᠢ ᠣᠯᠠᠨ ᠵᠢᠭᠤᠯᠴᠢᠯᠠᠭᠴᠢᠳ ᠡᠨᠳᠡ ᠢᠷᠡᠵᠦ ᠵᠤᠭ᠋ᠠᠴᠠᠨ 〈ᠺᠠᠷᠲ ᠪᠦᠷᠢᠳᠭᠡᠭᠦᠯᠦᠭᠰᠡᠨ〉 ᠪᠦᠭᠡᠳ ᠪᠠᠰᠠ ᠨᠤᠲᠤᠭ᠎ᠤᠨ ᠠᠬ᠎ᠠ ᠳᠡᠭᠦᠦ ᠨᠡᠷ᠎ᠤᠨ ᠦᠢ᠍ᠯᠡᠳᠪᠦᠷᠢᠯᠡᠭᠰᠡᠨ ᠳᠡᠯᠳᠡᠦ ᠪᠣᠯᠤᠨ ᠰᠢᠳ᠎ᠤᠨ ᠮᠥᠭᠥ ᠵᠡᠷᠭᠡ ᠠᠭᠤᠯᠠᠨ ᠭᠠᠷᠤᠯᠲᠠ ᠵᠢ ᠪᠦᠬᠦ ᠤᠯᠤᠰ᠎ᠤᠨ ᠡᠯ᠎ᠡ ᠭᠠᠵᠠᠷ᠎ᠲᠤ ᠬᠤᠳᠠᠯᠳᠤᠵᠤ᠂ ᠣᠷᠣᠯᠭ᠎ᠠ᠎ᠪᠠᠨ ᠨᠡᠮᠡᠭᠳᠡᠭᠦᠯᠵᠦ ᠶᠠᠳᠠᠭᠤ᠎ᠠᠴᠠ ᠠᠩᠭᠢᠵᠢᠷᠠᠭᠤᠯᠤᠭᠰᠠᠨ ᠦᠷ᠎ᠡ ᠪᠦᠲᠦᠭᠡᠯ ᠵᠶ᠋ᠡᠨ ᠪᠡᠬᠢᠵᠢᠭᠦᠯᠪᠡ》 ᠭᠡᠪᠡ᠃ ᠲᠣᠰᠬᠣᠨ᠎ᠤ ᠠᠷᠠᠳ ᠪᠠᠰᠠ ᠬᠠᠯᠠᠭᠤᠮᠰᠤᠭ ᠵᠶ᠋ᠠᠷ ᠤᠯᠠᠭ᠋ᠠᠨᠮᠥ᠋ᠴᠢᠷ᠎ᠤᠨ ᠭᠡᠰᠢᠭᠦᠳ᠎ᠤᠨ ᠭᠠᠷ᠎ᠢ ᠠᠳᠬᠤᠨ᠄ 《ᠲᠠ ᠨᠠᠷ᠎ᠤᠨ ᠮᠠᠨ᠎ᠤ ᠲᠣᠰᠬᠣᠨ᠎ᠳᠤ ᠢᠷᠡᠵᠦ ᠲᠣᠭᠯᠠᠯᠲᠠ ᠭᠠᠷᠭ᠋ᠠᠭᠰᠠᠨ᠎ᠳᠤ ᠲᠠᠯᠠᠷᠬᠠᠵᠤ ᠪᠠᠢ᠌ᠨ᠎ᠠ᠂ ᠡᠢ᠌ᠮᠦ ᠭᠣᠢ᠌ᠳᠠ ᠰᠠᠢ᠌ᠬᠠᠨ ᠲᠣᠭᠯᠠᠯᠲᠠ ᠵᠢ ᠣᠢ᠌ᠷ᠎ᠠ ᠵᠠᠢ᠎ᠠᠴᠠ ᠣᠯᠵᠤ ᠦᠵᠡᠬᠦ ᠵᠠᠪᠰᠢᠶᠠᠨ ᠮᠠᠰᠢ ᠴᠥᠭᠡᠨ ᠪᠠᠢ᠌ᠭᠰᠠᠨ᠃ ᠡᠳᠡᠭᠡᠷ ᠳᠠᠭᠤᠤ ᠪᠥᠵᠢᠭ ᠦᠨᠡᠬᠡᠷ ᠰᠠᠢ᠌ᠬᠠᠨ᠂ ᠪᠢᠳᠡᠨ᠎ᠤ ᠰᠡᠳᠬᠢᠯ᠎ᠳᠤ ᠬᠦᠷᠪᠡ》 ᠭᠡᠪᠡ᠃





      ᠬᠢᠩᠭ᠋ᠠᠨ ᠠᠢ᠌ᠮᠠᠭ᠎ᠤᠨ ᠤᠯᠠᠭ᠋ᠠᠨᠮᠥ᠋ᠴᠢᠷ᠎ᠤᠨ ᠭᠡᠰᠢᠭᠦᠳ᠂ ᠲᠤᠰ ᠤᠳᠠᠭ᠎ᠠ ᠵᠢᠨ ᠠᠢ᠌ᠯᠴᠢᠯᠠᠯᠲᠠ ᠥᠷᠭᠡᠨ ᠤᠯᠠᠨ ᠲᠦᠮᠡᠨ᠎ᠳᠤ ᠨᠠᠮ᠎ᠤᠨ ᠲᠠᠭᠤᠨ ᠪᠠ ᠬᠠᠢ᠌ᠷ᠎ᠠ ᠬᠠᠯᠠᠮᠵᠢ ᠵᠢ ᠳᠠᠮᠵᠢᠭᠤᠯᠵᠤ᠂ ᠦᠨᠳᠦᠰᠦᠨ ᠱᠠᠲᠤᠨ᠎ᠤ ᠤᠯᠠᠨ ᠲᠦᠮᠡᠨ᠎ᠤ ᠬᠦᠷᠲᠡᠮᠵᠢ ᠵᠢᠨ ᠲᠦᠷᠦᠭᠳᠡᠯ᠂ ᠵᠢᠷᠭ᠋ᠠᠯᠲᠤ ᠲᠦᠷᠦᠭᠳᠡᠯ᠎ᠢ   ᠨᠡᠮᠡᠭᠳᠡᠭᠦᠯᠪᠡ᠃ ᠡᠭᠦᠨ᠎ᠤ ᠬᠠᠮᠲᠤ ᠪᠠᠰᠠ ᠰᠣᠶᠣᠯ ᠪᠠ ᠵᠢᠭᠤᠯᠴᠢᠯᠠᠯ᠎ᠤᠨ ᠶᠠᠮᠤᠨ᠎ᠤ ᠬᠠᠪᠰᠤᠷᠤᠯᠭ᠎ᠠ ᠳᠣᠣᠷ᠎ᠠ᠂ ᠰᠢ ᠺᠸᠦ ᠲᠣᠰᠬᠣᠨ᠎ᠤ ᠦᠵᠡᠰᠬᠦᠯᠡᠩᠲᠦ ᠰᠠᠢ᠌ᠬᠠᠨ ᠪᠠᠢ᠌ᠭ᠋ᠠᠯᠢ ᠵᠢᠨ ᠡᠬᠢ ᠪᠠᠶᠠᠯᠢᠭ᠎ᠢ ᠨᠡᠭᠡᠭᠡᠨ ᠠᠰᠢᠭᠯᠠᠵᠤ᠂ ᠲᠤᠬᠠᠢ ᠵᠢᠨ ᠭᠠᠵᠠᠷ᠎ᠤᠨ ᠲᠣᠰᠬᠣᠨ᠎ᠤ ᠠᠷᠠᠳ᠎ᠢ ᠬᠠᠪᠰᠤᠷᠤᠨ ᠡᠳ᠋ ᠪᠣᠳᠠᠰ᠂ ᠤᠶᠤᠨ ᠰᠠᠨᠠᠭ᠋ᠠᠨ᠎ᠤ ᠲᠠᠯ᠎ᠠ᠎ᠪᠠᠷ ᠬᠣᠶᠠᠷ᠎ᠢ ᠶᠠᠳᠠᠭᠤ᠎ᠠᠴᠠ ᠠᠩᠭᠢᠵᠢᠷᠠᠭᠤᠯᠬᠤ ᠵᠢ ᠠᠮᠵᠢᠯᠲᠠ᠎ᠲᠠᠢ ᠪᠡᠶᠡᠯᠡᠭᠦᠯᠵᠦ᠂ ᠲᠣᠰᠬᠣᠨ᠎ᠤ ᠠᠷᠠᠳ ᠢᠳᠡᠪᠬᠢᠲᠡᠢ ᠥᠭᠡᠳᠡᠯᠡᠨ ᠳᠠᠪᠰᠢᠬᠤ ᠤᠶᠤᠨ ᠰᠠᠨᠠᠭ᠋ᠠᠨ᠎ᠤ ᠳᠦᠷᠰᠦ ᠪᠠᠢ᠌ᠳᠠᠯ ᠵᠶ᠋ᠠᠷ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠰᠠᠷᠠᠭᠤᠯ ᠳᠠᠷᠳᠠᠩ ᠵᠠᠮ ᠵᠶ᠋ᠠᠷ ᠡᠷᠡᠯᠬᠡᠭᠯᠡᠨ ᠤᠷᠤᠭᠰᠢᠯᠠᠵᠤ ᠪᠠᠢ᠌ᠬᠤ ᠵᠢ ᠦᠨᠡᠨ ᠬᠦ᠌ ᠮᠡᠳᠡᠷᠡᠪᠡ ᠭᠡᠵᠡᠭᠡᠨ᠎ᠡ᠃

ᠢᠷᠡᠯᠲᠡ᠄ ᠬᠢᠩᠭ᠋ᠠᠨ ᠠᠢ᠌ᠮᠠᠭ᠎ᠤᠨ ᠤᠯᠠᠭ᠋ᠠᠨᠮᠥ᠋ᠴᠢᠷ
          
ᠬᠠᠮᠢᠶ᠎ᠡ ᠪᠦᠬᠦᠢ ᠰᠣᠨᠢᠨ
ᠤᠯᠠᠭ᠋ᠠᠨᠴᠠᠪ ᠬᠣᠲᠠ ᠵᠢᠨ ᠰᠣᠶᠣᠯ ᠵᠢᠭᠤᠯᠴᠢᠯᠠᠯ᠎ᠤᠨ ᠠᠵᠢᠯ ᠲᠥᠷᠥᠯ᠎ᠤᠨ᠎ᠬᠢᠨ ᠠᠶᠤᠯ ᠥᠬᠡᠶ ᠦᠢᠯᠡᠳᠪᠦᠷᠢᠯᠡᠯ ᠵᠢᠴᠢ ᠵᠢᠭᠤᠯᠴᠢᠯᠠᠯ᠎ᠤᠨ ᠦᠢᠯᠡᠴᠢᠯᠡᠭᠡᠨ᠎ᠤ ᠶᠠᠰᠤ ᠴᠢᠨᠠᠷ᠎ᠢ ᠳᠡᠭᠡᠭᠰᠢᠯᠡᠭᠦᠯᠬᠦ ᠪᠣᠯᠪᠠᠰᠤᠷᠠᠯ᠎ᠤᠨ ᠠᠩᠭᠢ ᠡᠬᠢᠯᠡᠪᠡ
ᠣᠷᠳᠣᠰ ᠬᠣᠲᠠ ᠵᠢᠨ ᠰᠣᠶᠣᠯ ᠵᠢᠭᠤᠯᠴᠢᠯᠠᠯ᠎ᠤᠨ ᠠᠵᠤ ᠦᠢᠯᠡᠰ᠎ᠤᠨ ᠵᠠᠰᠠᠭ ᠪᠠᠩᠬᠢ ᠠᠵᠤ ᠠᠬᠤᠢ᠌ᠯᠠᠯ᠎ᠢ ᠵᠣᠯᠭ᠋ᠠᠭᠤᠯᠬᠤ ᠬᠤᠷᠠᠯ ᠬᠤᠷᠠᠯᠳᠤᠪᠠ
ᠤᠯᠤᠰ᠎ᠤᠨ ᠲᠡᠦᠬᠡ ᠵᠢᠨ ᠳᠤᠷᠠᠰᠬᠠᠯᠲᠤ ᠵᠦᠢ᠍ᠯᠡᠰ᠎ᠤᠨ ᠲᠣᠪᠴᠢᠶᠠᠨ᠎ᠤ ᠬᠡᠭᠡᠷ᠎ᠡ ᠵᠢᠨ ᠬᠠᠭᠤᠴᠢ ᠰᠤᠳᠤᠯᠤᠯ᠎ᠤᠨ ᠦᠢ᠍ᠯᠡᠳᠦᠯᠭᠡ ᠵᠢᠨ ᠪᠣᠯᠪᠠᠰᠤᠷᠠᠯ᠎ᠤᠨ ᠠᠩᠭᠢ ᠪᠠᠭ᠋ᠠᠷᠢᠨ ᠵᠡᠭᠦᠨ ᠬᠣᠰᠢᠭᠤᠨ᠎ᠳᠤ ᠡᠬᠢᠯᠡᠪᠡ
ᠭᠡᠭᠡᠨ ᠭᠣᠤᠯ ᠬᠣᠲᠠ ᠰᠣᠶᠣᠯ ᠵᠢᠭᠤᠯᠴᠢᠯᠠᠯ᠎ᠤᠨ ᠪᠦᠲᠦᠭᠡᠭᠳᠡᠬᠦᠨ᠎ᠤ ᠬᠠᠩᠭ᠋ᠠᠯᠭ᠎ᠠ ᠵᠢ ᠪᠠᠶᠠᠯᠢᠭᠵᠢᠭᠤᠯᠵᠤ ᠣᠯᠠᠨ ᠠᠵᠤ ᠦᠢᠯᠡᠰ᠎ᠤᠨ ᠠᠭᠤᠰᠤᠯᠴᠠᠨ ᠬᠥᠭᠵᠢᠬᠦ ᠰᠢᠨ᠎ᠡ ᠪᠠᠢ᠌ᠳᠠᠯ᠎ᠢ ᠪᠣᠶ ᠪᠣᠯᠭ᠋ᠠᠬᠤ ᠵᠢ ᠠᠬᠢᠭᠤᠯᠪᠠ
ᠦᠬᠠᠶ ᠬᠣᠲᠠ ᠵᠢᠨ ᠰᠣᠶᠣᠯ ᠪᠡᠶ᠎ᠡ ᠵᠢᠨ ᠲᠠᠮᠢᠷ ᠵᠢᠭᠤᠯᠴᠢᠯᠠᠯ ᠷᠠᠳᠢᠣ᠋ ᠲᠧᠯᠸᠢᠰ᠎ᠤᠨ ᠲᠣᠪᠴᠢᠶ᠎ᠠ ᠪᠥᠬᠥ ᠬᠣᠲᠠ ᠵᠢᠨ ᠰᠣᠶᠣᠯ ᠵᠢᠭᠤᠯᠴᠢᠯᠠᠯ᠎ᠤᠨ ᠰᠢᠰᠲ᠋ᠧᠮ᠎ᠤᠨ ᠬᠤᠳᠠᠯᠳᠤᠭ᠋ᠠᠴᠢᠨ ᠤᠷᠢᠵᠤ ᠪᠠᠯᠠ ᠣᠷᠣᠭᠤᠯᠬᠤ ᠠᠵᠢᠯ᠎ᠢ ᠠᠬᠢᠭᠤᠯᠬᠤ ᠬᠤᠷᠠᠯ ᠬᠤᠷᠠᠯᠳᠤᠭᠤᠯᠪᠠ
 
            