ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠰᠤᠷᠠᠭ ᠵᠠᠩᠬᠢ
ᠬᠡᠷᠡᠭᠯᠡᠭᠡ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠠᠶ᠋ᠢᠮᠠᠭ ᠬᠤᠲᠠ᠎ᠶᠢᠨ ᠰᠣᠨᠣᠰᠬᠠᠯ
ᠤᠯᠤᠰ᠎ᠤᠨ ᠲᠡᠦᠬᠡ ᠵᠢᠨ ᠳᠤᠷᠠᠰᠬᠠᠯᠲᠤ ᠵᠦᠢ᠍ᠯᠡᠰ᠎ᠤᠨ ᠲᠣᠪᠴᠢᠶᠠᠨ᠎ᠤ ᠬᠡᠭᠡᠷ᠎ᠡ ᠵᠢᠨ ᠬᠠᠭᠤᠴᠢ ᠰᠤᠳᠤᠯᠤᠯ᠎ᠤᠨ ᠦᠢ᠍ᠯᠡᠳᠦᠯᠭᠡ ᠵᠢᠨ ᠪᠣᠯᠪᠠᠰᠤᠷᠠᠯ᠎ᠤᠨ ᠠᠩᠭᠢ ᠪᠠᠭ᠋ᠠᠷᠢᠨ ᠵᠡᠭᠦᠨ ᠬᠣᠰᠢᠭᠤᠨ᠎ᠳᠤ ᠡᠬᠢᠯᠡᠪᠡ
ᠨᠡᠶᠢᠲᠡᠯᠡᠭᠰᠡᠨ ᠴᠠᠭ᠄ 2022-07-11

      ᠣᠢ᠌ᠷ᠎ᠠ᠎ᠳᠤ᠂ ᠤᠯᠤᠰ᠎ᠤᠨ ᠲᠡᠦᠬᠡ ᠵᠢᠨ ᠳᠤᠷᠠᠰᠬᠠᠯᠲᠤ ᠵᠦᠢᠯᠡᠰ᠎ᠤᠨ ᠲᠤᠪᠴᠢᠶᠠᠨ ᠎ᠤ ᠬᠡᠭᠡᠷ᠎ᠡ ᠵᠢᠨ ᠬᠠᠭᠤᠴᠢ ᠰᠤᠳᠤᠯᠤᠯ᠎ᠤᠨ ᠦᠢᠯᠡᠳᠦᠯᠭᠡ ᠵᠢᠨ ᠪᠣᠯᠪᠠᠰᠤᠷᠠᠯ᠎ᠤᠨ ᠠᠩᠭᠢ ᠪᠠᠭ᠋ᠠᠷᠢᠨ ᠵᠡᠭᠦᠨ ᠬᠣᠰᠢᠭᠤᠨ᠎ᠳᠤ ᠬᠢᠴᠢᠶᠡᠯ ᠡᠬᠢᠯᠡᠪᠡ᠃ ᠳᠤᠮᠳᠠᠳᠤ ᠤᠯᠤᠰ᠎ᠤᠨ ᠨᠡᠢ᠌ᠭᠡᠮ᠎ᠤᠨ ᠰᠢᠨᠵᠢᠯᠡᠬᠦ ᠤᠬᠠᠭ᠋ᠠᠨ᠎ᠤ ᠬᠦᠷᠢᠶᠡᠯᠡᠩ᠎ᠤᠨ ᠬᠠᠭᠤᠴᠢ ᠰᠤᠳᠤᠯᠤᠯ᠎ᠤᠨ ᠰᠤᠳᠤᠯᠭ᠋ᠠᠨ᠎ᠤ ᠭᠠᠵᠠᠷ᠎ᠤᠨ ᠥᠪᠥᠷ ᠮᠣᠩᠭᠣᠯ᠎ᠤᠨ ᠬᠣᠶᠠᠳᠤᠭ᠋ᠠᠷ ᠠᠵᠢᠯᠯᠠᠬᠤ ᠠᠩᠭᠢ᠂ ᠪᠡᠭᠡᠵᠢᠩ ᠬᠣᠲᠠ ᠵᠢᠨ ᠬᠠᠭᠤᠴᠢ ᠰᠤᠳᠤᠯᠤᠯ᠎ᠤᠨ ᠰᠤᠳᠤᠯᠭ᠋ᠠᠨ᠎ᠤ ᠬᠦᠷᠢᠶᠡᠯᠡᠩ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠡᠦᠬᠡ ᠵᠢᠨ ᠳᠤᠷᠠᠰᠬᠠᠯᠲᠤ ᠵᠦᠢᠯᠡᠰ ᠬᠠᠭᠤᠴᠢ ᠰᠤᠳᠤᠯᠤᠯ᠎ᠤᠨ ᠬᠦᠷᠢᠶᠡᠯᠡᠩ ᠵᠡᠷᠭᠡ ᠣᠯᠠᠨ ᠨᠢᠭᠡᠴᠢ ᠵᠢᠨ ᠰᠤᠷᠤᠯᠭ᠋ᠠᠲᠠᠳ ᠪᠣᠯᠤᠨ ᠤᠯᠠᠭ᠋ᠠᠨᠬᠠᠳᠠ ᠬᠣᠲᠠ ᠵᠢᠨ ᠰᠣᠶᠣᠯ ᠦᠵᠡᠰᠬᠦᠯᠡᠩ᠎ᠤᠨ ᠬᠦᠷᠢᠶᠡᠯᠡᠩ᠂ ᠪᠠᠭ᠋ᠠᠷᠢᠨ ᠵᠡᠭᠦᠨ ᠬᠣᠰᠢᠭᠤᠨ᠎ᠤ ᠰᠣᠶᠣᠯ ᠵᠢᠭᠤᠯᠴᠢᠯᠠᠯ ᠪᠡᠶ᠎ᠡ ᠵᠢᠨ ᠲᠠᠮᠢᠷ᠎ᠤᠨ ᠲᠣᠪᠴᠢᠶ᠎ᠠ ᠵᠡᠷᠭᠡ ᠨᠢᠭᠡᠴᠢ ᠵᠢᠨ ᠬᠠᠮᠢᠶ᠎ᠠ ᠪᠥᠬᠥᠶ ᠠᠵᠢᠯᠲᠠᠨ ᠵᠡᠷᠭᠡ 50 ᠭᠠᠷᠤᠶ ᠬᠥᠮᠦᠨ ᠰᠤᠷᠤᠯᠭ᠎ᠠ ᠡᠬᠢᠯᠡᠬᠦ ᠶᠣᠰᠣᠯᠠᠯ᠎ᠳᠤ ᠣᠷᠣᠯᠴᠠᠪᠠ  ᠃
      ᠲᠣᠰ ᠤᠳᠠᠭ᠋ᠠᠨ᠎ᠤ ᠦᠢᠯᠡᠳᠦᠯᠭᠡ ᠵᠢᠨ ᠪᠣᠯᠪᠠᠰᠤᠷᠠᠯ᠎ᠤᠨ ᠠᠩᠭᠢ᠎ᠨᠢ ᠪᠠᠭ᠋ᠠᠷᠢᠨ ᠵᠡᠭᠦᠨ ᠬᠣᠰᠢᠭᠤᠨ᠎ᠤ ᠯᠢᠶᠣᠤ ᠵᠢᠨ ᠳᠡᠭᠡᠳᠦ ᠨᠡᠢ᠌ᠰᠯᠡᠯ᠎ᠤᠨ ᠪᠠᠭᠤᠷᠢ ᠵᠢᠨ ᠬᠡᠭᠡᠷ᠎ᠡ ᠵᠢᠨ ᠬᠠᠭᠤᠴᠢ ᠰᠤᠳᠤᠯᠤᠯ᠎ᠤᠨ ᠰᠢᠰᠲ᠋ᠧᠮᠲᠦ ᠠᠵᠢᠯ᠎ᠳᠤ ᠲᠦᠰᠢᠭᠯᠡᠨ᠂ ᠥᠩᠭᠡᠷᠡᠭᠰᠡᠨ ᠵᠢᠯ᠎ᠤᠳ᠎ᠤᠨ 《ᠬᠡᠭᠡᠷ᠎ᠡ ᠵᠢᠨ ᠬᠠᠭᠤᠴᠢ ᠰᠤᠳᠤᠯᠤᠯ᠎ᠤᠨ ᠳᠠᠭ᠋ᠠᠭᠤᠯᠤᠭᠴᠢ ᠵᠢᠨ ᠪᠣᠯᠪᠠᠰᠤᠷᠠᠯ᠎ᠤᠨ ᠠᠩᠭᠢ》 ᠪᠠ 《ᠯᠢᠶᠣᠤ ᠵᠢᠨ ᠳᠡᠭᠡᠳᠦ ᠨᠡᠢ᠌ᠰᠯᠡᠯ᠎ᠤᠨ ᠬᠣᠲᠠ ᠵᠢᠨ ᠬᠠᠭᠤᠴᠢ ᠰᠤᠳᠤᠯᠤᠯ (ᠨᠡᠭᠡᠭᠡᠯᠲᠡᠲᠦ ᠪᠠᠷᠢᠯᠭ᠎ᠠ ᠵᠢᠨ ᠭᠠᠵᠠᠷ)᠎ᠤᠨ ᠳᠡᠭᠡᠳᠦ ᠵᠡᠷᠭᠡ ᠵᠢᠨ ᠰᠤᠳᠤᠯᠤᠨ ᠰᠤᠷᠤᠯᠴᠠᠬᠤ ᠠᠩᠭᠢ》 ᠵᠢᠨ ᠲᠤᠷᠰᠢᠯᠭ᠎ᠠ ᠵᠢ ᠭᠦᠢᠴᠡᠳ ᠳ᠋ᠦᠩᠨᠡᠭᠰᠡᠨ ᠰᠠᠭᠤᠷᠢᠨ ᠳᠡᠭᠡᠷ᠎ᠡ᠂ ᠬᠡᠭᠡᠷ᠎ᠡ ᠲᠠᠯ᠎ᠠ ᠵᠢ   ᠨᠡᠭᠡᠭᠡᠨ ᠠᠭᠤᠳᠠᠯᠬᠤ᠂ ᠬᠢᠴᠢᠶᠡᠯ ᠵᠢᠭ᠋ᠠᠵᠤ ᠰᠤᠳᠤᠯᠤᠨ ᠶᠠᠷᠢᠯᠴᠠᠬᠤ ᠪᠠ ᠬᠡᠷ᠎ᠲᠤ   ᠡᠮᠬᠢᠯᠡᠬᠦ ᠭᠤᠷᠪᠠᠨ ᠵᠦᠢᠯ᠎ᠤᠨ ᠬᠡᠯᠪᠡᠷᠢ᠎ᠪᠠᠷ ᠰᠢᠰᠲ᠋ᠧᠮ᠎ᠲᠠᠢ ᠵᠢᠭ᠋ᠠᠨ ᠰᠤᠷᠭ᠋ᠠᠯᠲᠠ ᠪᠠ ᠦᠢᠯᠡᠳᠦᠯᠭᠡ ᠬᠢᠵᠦ᠂ ᠬᠡᠭᠡᠷ᠎ᠡ ᠲᠠᠯ᠎ᠠ ᠵᠢ ᠨᠡᠭᠡᠭᠡᠨ ᠠᠭᠤᠳᠠᠯᠬᠤ ᠬᠢᠷᠢ ᠲᠦᠪᠰᠢᠨ᠎ᠢ ᠳᠡᠭᠡᠭᠰᠢᠯᠡᠭᠦᠯᠦᠨ᠂ ᠰᠣᠶᠣᠯ᠎ᠤᠨ ᠥᠪ᠎ᠢ ᠬᠠᠮᠠᠭ᠋ᠠᠯᠠᠬᠤ ᠦᠢᠯᠡᠰ᠎ᠤᠨ ᠬᠥᠭᠵᠢᠯᠲᠡ ᠵᠢ ᠪᠠᠲᠤᠯᠠᠵᠤ᠂ ᠬᠠᠭᠤᠴᠢ ᠰᠤᠳᠤᠯᠤᠯ᠎ᠤᠨ ᠤᠬᠠᠭ᠋ᠠᠨ ᠬᠢᠭᠡᠳ ᠣᠯᠠᠨ ᠰᠢᠨᠵᠢᠯᠡᠭᠡᠨ᠎ᠤ ᠰᠠᠯᠠᠭ᠎ᠠ ᠵᠢᠨ ᠬᠠᠮᠲᠤᠷᠠᠨ ᠰᠤᠳᠤᠯᠬᠤ ᠵᠢ ᠠᠬᠢᠭᠤᠯᠵᠤ᠂ ᠬᠠᠭᠤᠴᠢ ᠰᠤᠳᠤᠯᠤᠯ᠎ᠤᠨ ᠴᠢᠳᠠᠪᠤᠷᠢᠲᠠᠨ᠎ᠤ ᠡᠩᠨᠡᠭᠡ ᠵᠢ ᠲᠦᠷᠭᠡᠨ ᠬᠥᠮᠦᠵᠢᠭᠦᠯᠦᠨ᠎ᠡ᠃ ᠪᠣᠯᠪᠠᠰᠤᠷᠠᠯ᠎ᠤᠨ ᠠᠩᠭᠢ᠎ᠨᠢ 10 ᠳ᠋ᠤᠭ᠋ᠠᠷ ᠰᠠᠷ᠎ᠠ ᠵᠢᠨ ᠰᠡᠭᠦᠯᠴᠢ ᠪᠣᠯᠲᠠᠯ᠎ᠠ ᠦᠷᠭᠦᠯᠵᠢᠯᠡᠵᠦ᠂ ᠯᠢᠶᠣᠤ ᠵᠢᠨ ᠳᠡᠭᠡᠳᠦ ᠨᠡᠢ᠌ᠰᠯᠡᠯ᠎ᠤᠨ ᠬᠠᠭᠤᠴᠢ ᠰᠤᠳᠤᠯᠤᠯ᠎ᠤᠨ ᠠᠩᠭᠢ ᠵᠢᠨ ᠪᠥᠬᠥ ᠪᠠᠭᠰᠢ ᠰᠤᠷᠤᠭᠴᠢᠳ 4 ᠰᠠᠷ᠎ᠠ ᠵᠢᠨ ᠬᠤᠭᠤᠴᠠᠭ᠎ᠠ᠎ᠲᠠᠢ ᠬᠡᠭᠡᠷ᠎ᠡ ᠵᠢᠨ ᠬᠠᠭᠤᠴᠢ ᠰᠤᠳᠤᠯᠤᠯ᠎ᠤᠨ ᠨᠡᠭᠡᠭᠡᠨ   ᠠᠭᠤᠳᠠᠯᠬᠤ ᠪᠠ ᠡᠮᠬᠢᠯᠡᠬᠦ ᠠᠵᠢᠯ᠎ᠢ ᠬᠠᠮᠲᠤ᠎ᠪᠠᠷ ᠪᠡᠶᠡᠯᠡᠭᠦᠯᠬᠦ ᠪᠣᠯᠤᠨ᠎ᠠ  ᠃  

ᠢᠷᠡᠯᠲᠡ᠄ ᠤᠯᠠᠭ᠋ᠠᠨᠬᠠᠳᠠ ᠵᠢᠨ ᠡᠳᠦᠷ᠎ᠤᠨ ᠰᠣᠨᠢᠨ᠎ᠤ ᠬᠣᠷᠢᠶ᠎ᠠ
          
ᠬᠠᠮᠢᠶ᠎ᠡ ᠪᠦᠬᠦᠢ ᠰᠣᠨᠢᠨ
ᠭᠡᠭᠡᠨ ᠭᠣᠤᠯ ᠬᠣᠲᠠ ᠰᠣᠶᠣᠯ ᠵᠢᠭᠤᠯᠴᠢᠯᠠᠯ᠎ᠤᠨ ᠪᠦᠲᠦᠭᠡᠭᠳᠡᠬᠦᠨ᠎ᠤ ᠬᠠᠩᠭ᠋ᠠᠯᠭ᠎ᠠ ᠵᠢ ᠪᠠᠶᠠᠯᠢᠭᠵᠢᠭᠤᠯᠵᠤ ᠣᠯᠠᠨ ᠠᠵᠤ ᠦᠢᠯᠡᠰ᠎ᠤᠨ ᠠᠭᠤᠰᠤᠯᠴᠠᠨ ᠬᠥᠭᠵᠢᠬᠦ ᠰᠢᠨ᠎ᠡ ᠪᠠᠢ᠌ᠳᠠᠯ᠎ᠢ ᠪᠣᠶ ᠪᠣᠯᠭ᠋ᠠᠬᠤ ᠵᠢ ᠠᠬᠢᠭᠤᠯᠪᠠ
ᠦᠬᠠᠶ ᠬᠣᠲᠠ ᠵᠢᠨ ᠰᠣᠶᠣᠯ ᠪᠡᠶ᠎ᠡ ᠵᠢᠨ ᠲᠠᠮᠢᠷ ᠵᠢᠭᠤᠯᠴᠢᠯᠠᠯ ᠷᠠᠳᠢᠣ᠋ ᠲᠧᠯᠸᠢᠰ᠎ᠤᠨ ᠲᠣᠪᠴᠢᠶ᠎ᠠ ᠪᠥᠬᠥ ᠬᠣᠲᠠ ᠵᠢᠨ ᠰᠣᠶᠣᠯ ᠵᠢᠭᠤᠯᠴᠢᠯᠠᠯ᠎ᠤᠨ ᠰᠢᠰᠲ᠋ᠧᠮ᠎ᠤᠨ ᠬᠤᠳᠠᠯᠳᠤᠭ᠋ᠠᠴᠢᠨ ᠤᠷᠢᠵᠤ ᠪᠠᠯᠠ ᠣᠷᠣᠭᠤᠯᠬᠤ ᠠᠵᠢᠯ᠎ᠢ ᠠᠬᠢᠭᠤᠯᠬᠤ ᠬᠤᠷᠠᠯ ᠬᠤᠷᠠᠯᠳᠤᠭᠤᠯᠪᠠ
《ᠬᠣᠷᠢᠳᠤᠭ᠋ᠠᠷ ᠶᠡᠬᠡ ᠬᠤᠷᠠᠯ᠎ᠢ ᠪᠠᠶᠠᠷᠯᠠᠨ ᠤᠭᠲᠤᠶ᠎ᠠ》 — — 《ᠮᠠᠨ᠎ᠤ ᠳᠤᠮᠳᠠᠳᠤ ᠵᠢᠨ ᠵᠡᠭᠦᠳᠦ》 ᠰᠣᠶᠣᠯ᠎ᠢ ᠲᠦᠮᠡᠨ ᠡᠷᠦᠬᠡ᠎ᠳᠤ ᠣᠷᠣᠭᠤᠯᠬᠤ ᠠᠩᠬᠠᠳᠤᠭ᠋ᠠᠷ ᠬᠤᠭᠤᠴᠠᠭ᠋ᠠᠨ᠎ᠤ ᠪᠠᠶᠠᠨᠬᠣᠲᠠ ᠣᠷᠣᠨ᠎ᠤ ᠣᠯᠠᠨ ᠲᠦᠮᠡᠨ᠎ᠤ ᠨᠠᠢ᠌ᠷᠠᠯ ᠳᠠᠭᠤᠤ ᠵᠢᠨ ᠦᠵᠡᠭᠦᠯᠭᠡ ᠵᠢᠴᠢ 《ᠤᠮᠠᠷᠠᠲᠤ ᠬᠢᠯᠢ᠎ᠪᠠᠨ ᠴᠤᠤᠷᠢᠶᠠᠳᠤᠭᠤᠯᠤᠨ ᠳᠠᠭᠤᠯᠠᠶ᠎ᠠ》 ᠪᠥᠬᠥ ᠣᠷᠣᠨ᠎ᠤ ᠳᠥᠷᠪᠡᠳᠦᠭᠡᠷ ᠬᠤᠭᠤᠴᠠᠭ᠋ᠠᠨ᠎ᠤ ᠣᠯᠠᠨ ᠲᠦᠮᠡᠨ᠎ᠤ ᠳᠠᠭᠤᠤ ᠵᠢᠨ ᠦᠵᠡᠭᠦᠯᠭᠡ ᠵᠢᠨ ᠠᠵᠢᠯᠯᠠᠭ᠎ᠠ ᠵᠢ ᠬᠥᠭᠵᠢᠶᠡᠨᠲᠡᠶ ᠬᠢᠪᠡ
ᠬᠢᠩᠭ᠋ᠠᠨ ᠠᠢ᠌ᠮᠠᠭ ᠵᠢᠭᠤᠯᠴᠢᠯᠠᠯ᠎ᠤᠨ ᠭᠣᠤᠯᠳᠠᠯᠭ᠎ᠠ᠎ᠲᠠᠢ ᠲᠥᠷᠥᠯ ᠵᠦᠢᠯ᠎ᠤᠨ ᠪᠥᠲᠥᠭᠡᠨ ᠪᠠᠢ᠌ᠭᠤᠯᠤᠯᠲᠠ ᠵᠢ ᠪᠥᠬᠥ ᠬᠦᠴᠦᠨ ᠵᠶ᠋ᠡᠷ ᠵᠶ᠋ᠡᠨ ᠠᠬᠢᠭᠤᠯᠵᠤ ᠪᠣᠶ
ᠲᠦᠩᠯᠢᠶᠣᠤ ᠬᠣᠲᠠ ᠵᠢᠨ ᠤᠯᠠᠭ᠋ᠠᠨᠮᠥ᠋ᠴᠢᠷ᠄ ᠤᠳᠬ᠎ᠠ ᠤᠷᠠᠯᠢᠭ᠎ᠤᠨ ᠬᠠᠪᠰᠤᠷᠤᠨ ᠵᠢᠯᠣᠭᠣᠳᠣᠯᠭ᠎ᠠ ᠴᠡᠷᠢᠭ᠎ᠤᠨ ᠬᠤᠸᠠᠷᠠᠨ᠎ᠳᠤ ᠣᠷᠣᠵᠤ ᠴᠡᠷᠢᠭ ᠠᠷᠠᠳ ᠬᠠᠮᠲᠤ ᠵᠢᠨ ᠭᠡᠷ ᠪᠦᠯᠢ᠎ᠪᠠᠨ ᠪᠦᠲᠦᠭᠡᠨ ᠪᠠᠢ᠌ᠭᠤᠯᠤᠨ᠎ᠠ
 
            