7 ᠳ᠋ᠤᠭ᠋ᠠᠷ ᠰᠠᠷ᠎ᠠ ᠵᠢᠨ 2᠎ᠤᠨ ᠡᠳᠦᠷ᠎ᠤᠨ ᠣᠷᠣᠶ᠂ ᠠᠯᠠᠱ᠌ᠠ ᠠᠢ᠌ᠮᠠᠭ᠎ᠤᠨ ᠨᠠᠮ᠎ᠤᠨ ᠬᠣᠷᠢᠶᠠᠨ᠎ᠤ ᠤᠬᠠᠭᠤᠯᠬᠤ ᠬᠡᠯᠲᠡᠰ᠂ ᠠᠢ᠌ᠮᠠᠭ᠎ᠤᠨ ᠰᠣᠶᠣᠯ ᠵᠢᠭᠤᠯᠴᠢᠯᠠᠯ ᠷᠠᠳᠢᠣ᠋ ᠲᠧᠯᠸᠢᠰ᠎ᠤᠨ ᠲᠣᠪᠴᠢᠶ᠎ᠠ ᠭᠣᠤᠯᠯᠠᠨ ᠡᠷᠭᠢᠯᠡᠵᠦ᠂ ᠠᠯᠠᠱ᠌ᠠ ᠠᠢ᠌ᠮᠠᠭ᠎ᠤᠨ ᠰᠣᠶᠣᠯ᠎ᠤᠨ ᠣᠷᠳᠣᠨ ᠳᠠᠭ᠋ᠠᠭ᠋ᠠᠴᠢᠯᠠᠨ ᠬᠢᠭᠰᠡᠨ 《ᠬᠣᠷᠢᠳᠤᠭ᠋ᠠᠷ ᠶᠡᠬᠡ ᠬᠤᠷᠠᠯ᠎ᠢ ᠪᠠᠶᠠᠷᠯᠠᠨ ᠤᠭᠲᠤᠶ᠎ᠠ》 — — 《ᠮᠠᠨ᠎ᠤ ᠳᠤᠮᠳᠠᠳᠤ ᠵᠢᠨ ᠵᠡᠭᠦᠳᠦ》 ᠰᠣᠶᠣᠯ᠎ᠢ ᠲᠦᠮᠡᠨ ᠡᠷᠦᠬᠡ᠎ᠳᠤ ᠣᠷᠣᠭᠤᠯᠬᠤ ᠠᠩᠬᠠᠳᠤᠭ᠋ᠠᠷ ᠬᠤᠭᠤᠴᠠᠭ᠋ᠠᠨ᠎ᠤ ᠪᠠᠶᠠᠨᠬᠣᠲᠠ ᠣᠷᠣᠨ᠎ᠤ ᠣᠯᠠᠨ ᠲᠦᠮᠡᠨ᠎ᠤ ᠨᠠᠢ᠌ᠷᠠᠯ ᠳᠠᠭᠤᠤ ᠵᠢᠨ ᠦᠵᠡᠭᠦᠯᠭᠡ ᠵᠢᠴᠢ 《ᠤᠮᠠᠷᠠᠲᠤ ᠬᠢᠯᠢ᠎ᠪᠠᠨ ᠴᠤᠤᠷᠢᠶᠠᠳᠤᠭᠤᠯᠤᠨ ᠳᠠᠭᠤᠯᠠᠶ᠎ᠠ》 ᠪᠥᠬᠥ ᠣᠷᠣᠨ᠎ᠤ ᠳᠥᠷᠪᠡᠳᠦᠭᠡᠷ ᠬᠤᠭᠤᠴᠠᠭ᠋ᠠᠨ᠎ᠤ ᠣᠯᠠᠨ ᠲᠦᠮᠡᠨ᠎ᠤ ᠳᠠᠭᠤᠤ ᠵᠢᠨ ᠦᠵᠡᠭᠦᠯᠭᠡ ᠵᠢᠨ ᠠᠵᠢᠯᠯᠠᠭ᠎ᠠ ᠰᠢᠨ᠎ᠡ ᠵᠠᠭᠤᠨ ᠠᠭᠤᠳᠠᠮ ᠲᠠᠯᠠᠪᠠᠶ ᠵᠢᠨ ᠠᠷᠠᠳ᠎ᠤᠨ ᠲᠢᠶᠠᠲᠷ᠎ᠲᠤ ᠦᠪᠡᠳᠡᠭᠰᠢ ᠶᠡᠬᠡ᠎ᠪᠠᠷ ᠶᠠᠪᠤᠭᠳᠠᠪᠠ᠃
ᠲᠣᠰ ᠤᠳᠠᠭ᠋ᠠᠨ᠎ᠤ ᠦᠵᠡᠭᠦᠯᠭᠡ ᠵᠢᠨ ᠲᠣᠭᠯᠠᠯᠲᠠ᠎ᠳᠤ ᠨᠡᠢ᠌ᠲᠡ 4 ᠬᠣᠷᠢᠶᠠᠯᠠᠯ᠎ᠤᠨ 20 ᠳᠤᠭᠤᠢ᠌ᠯᠠᠩ ᠣᠷᠤᠯᠴᠠᠵᠠᠢ᠃ ᠤᠷᠤᠯᠳᠤᠭ᠋ᠠᠨ᠎ᠳᠤ ᠣᠷᠤᠯᠴᠠᠭᠰᠠᠨ ᠬᠥᠮᠦᠰ᠎ᠨᠢ ᠭᠣᠤᠯᠳᠠᠭᠤ ᠪᠠᠶᠠᠨᠬᠣᠲᠠ ᠵᠢᠨ ᠬᠣᠷᠢᠶᠠᠯᠠᠯ᠎ᠤᠨ ᠠᠯᠪᠠᠨ᠎ᠤ ᠺᠠᠳ᠋ᠷ ᠣᠯᠠᠨ ᠲᠦᠮᠡᠨ ᠮᠦᠨ᠃ ᠦᠵᠡᠭᠦᠯᠭᠡ ᠵᠢᠨ ᠲᠣᠭᠯᠠᠯᠲᠠ ᠣᠯᠠᠨ ᠲᠦᠮᠡᠨ᠎ᠤ ᠣᠷᠣᠯᠴᠠᠭᠰᠠᠨ ᠵᠶ᠋ᠡᠷ ᠰᠠᠢ᠌ᠨ᠂ ᠠᠰᠢᠭ ᠬᠦᠷᠲᠡᠭᠰᠡᠨ ᠣᠯᠠᠨ ᠲᠦᠮᠡᠨ ᠥᠷᠭᠡᠨ ᠳᠡᠯᠭᠡᠷ ᠲᠤᠯᠠᠳᠠ 《ᠤᠷᠠᠯᠢᠭ᠎ᠤᠨ ᠦᠪᠡᠳᠡᠭᠰᠢ ᠴᠤᠭᠯᠠᠭ᠋ᠠᠨ᠂ ᠠᠷᠠᠳ ᠲᠦᠮᠡᠨ᠎ᠤ ᠪᠠᠶᠠᠷ᠎ᠤᠨ ᠡᠳᠦᠷ》 ᠭᠡᠬᠦ ᠠᠵᠢᠯᠯᠠᠭ᠋ᠠᠨ᠎ᠤ ᠵᠣᠷᠢᠯᠲᠠ ᠵᠢ ᠭᠦᠢᠴᠡᠳ ᠢᠯᠡᠷᠡᠭᠦᠯᠦᠭᠰᠡᠨ ᠶᠤᠮ᠃ ᠰᠦᠷ ᠵᠢᠪᠬᠤᠭ᠋ᠠᠲᠤ ᠰᠣᠩᠭᠣᠳᠠᠭ ᠳᠠᠭᠤᠤ᠎ᠨᠤᠭᠤᠳ ᠬᠥᠭᠵᠢᠮ᠎ᠤᠨ ᠳᠤᠮᠳᠠ ᠭᠣᠢ᠌ᠳᠠ ᠰᠠᠢ᠌ᠬᠠᠨ ᠳᠠᠭᠤᠯᠠᠭᠳᠠᠨᠠ᠃ ᠤᠷᠤᠯᠳᠤᠭ᠋ᠠᠨ᠎ᠳᠤ ᠣᠷᠤᠯᠴᠠᠭᠰᠠᠳ ᠴᠤᠭ ᠵᠢᠪᠬᠤᠭ᠎ᠠ ᠪᠠᠳᠠᠷᠠᠩᠭᠤᠢ ᠤᠶᠤᠨ᠎ᠤ ᠳᠦᠷᠰᠦ ᠪᠠᠢ᠌ᠳᠠᠯ᠂ ᠣᠷᠭᠢᠯᠤᠮ᠎ᠠ ᠬᠠᠯᠠᠭᠤᠨ ᠤᠷᠮ᠎ᠠ ᠰᠡᠳᠬᠢᠯᠭᠡ᠂ ᠬᠥᠮᠦᠰ᠎ᠢ ᠵᠣᠷᠢᠭᠵᠢᠭᠤᠯᠤᠨ ᠤᠷᠮᠠᠰᠢᠭᠤᠯᠬᠤ ᠲᠤᠬᠠᠢ ᠵᠢᠨ ᠲᠠᠯᠠᠪᠠᠢ ᠵᠢᠨ ᠨᠥᠯᠥᠭᠡᠯᠡᠬᠦ ᠬᠦᠴᠦᠨ᠎ᠨᠢ ᠨᠠᠮ ᠵᠶ᠋ᠡᠨ ᠪᠢᠰᠢᠷᠡᠨ ᠬᠦᠨᠳᠦᠳᠭᠡᠭᠰᠡᠨ ᠰᠡᠳᠬᠢᠯᠭᠡ᠂ ᠡᠬᠡ ᠤᠯᠤᠰ᠂ ᠨᠤᠲᠤᠭ ᠤᠰᠤ᠂ ᠠᠷᠠᠳ ᠲᠦᠮᠡᠨ᠎ᠳᠤ᠎ᠪᠠᠨ ᠠᠭᠤᠯᠤᠭᠰᠠᠨ ᠭᠦᠨ ᠵᠤᠵᠠᠭ᠋ᠠᠨ ᠬᠠᠢ᠌ᠷ᠎ᠠ ᠰᠡᠳᠬᠢᠯᠭᠡ ᠵᠢ ᠢᠯᠡᠳᠭᠡᠵᠦ᠂ ᠬᠠᠩᠭᠢᠨᠠᠮ᠎ᠠ ᠰᠠᠢ᠌ᠬᠠᠨ ᠳᠠᠭᠤᠤ ᠬᠣᠭᠤᠯᠠᠢ᠎ᠨᠢ ᠠᠯᠠᠱ᠌ᠠ ᠠᠢ᠌ᠮᠠᠭ᠎ᠤᠨ ᠥᠷᠭᠡᠨ ᠤᠯᠠᠨ ᠠᠷᠠᠳ ᠲᠦᠮᠡᠨ᠎ᠤ ᠡᠷᠡᠮᠡᠬᠡᠢ᠌ᠯᠡᠨ ᠤᠷᠤᠭᠰᠢᠯᠠᠬᠤ᠂ ᠢᠳᠡᠪᠬᠢᠲᠡᠢ ᠵᠢᠳᠬᠦᠯ ᠴᠢᠷᠮᠠᠢ᠌ᠯᠭ᠎ᠠ ᠭᠠᠷᠭ᠋ᠠᠬᠤ᠂ ᠵᠣᠷᠢᠭᠲᠠᠢ᠎ᠪᠠᠷ ᠬᠠᠷᠢᠭᠤᠴᠠᠯᠭ᠎ᠠ ᠡᠭᠦᠷᠭᠡᠯᠡᠬᠦ ᠰᠢᠨ᠎ᠡ ᠴᠠᠭ ᠦᠶ᠎ᠡ ᠵᠢᠨ ᠤᠶᠤᠨ ᠰᠠᠨᠠᠭ᠋ᠠᠨ᠎ᠤ ᠳᠦᠷᠰᠦ ᠪᠠᠢ᠌ᠳᠠᠯ᠎ᠢ ᠢᠯᠡᠷᠡᠭᠦᠯᠪᠡ᠃
ᠲᠣᠰ ᠤᠳᠠᠭ᠋ᠠᠨ᠎ᠤ ᠨᠠᠢ᠌ᠷᠠᠯ ᠳᠠᠭᠤᠤ ᠵᠢᠨ ᠦᠵᠡᠭᠦᠯᠭᠡ ᠵᠢᠨ ᠠᠵᠢᠯᠯᠠᠭ᠎ᠠ᠎ᠨᠢ ᠥᠪᠡᠷᠲᠡᠭᠡᠨ ᠵᠠᠰᠠᠬᠤ ᠣᠷᠣᠨ᠎ᠤ 《ᠬᠣᠶᠠᠷ᠎ᠢ ᠴᠣᠭᠴᠠᠯᠠᠬᠤ》 ᠠᠵᠢᠯ᠎ᠤᠨ ᠱᠠᠭ᠋ᠠᠷᠳᠠᠯᠭ᠎ᠠ ᠵᠢᠨ ᠲᠣᠭᠣᠷᠢᠨ᠎ᠳᠤ ᠪᠣᠯᠤᠭᠰᠠᠨ ᠠᠯᠠᠱ᠌ᠠ ᠠᠢ᠌ᠮᠠᠭ᠎ᠤᠨ 《ᠬᠣᠷᠢᠳᠤᠭ᠋ᠠᠷ ᠶᠡᠬᠡ ᠬᠤᠷᠠᠯ᠎ᠢ ᠪᠠᠶᠠᠷᠯᠠᠨ ᠤᠭᠲᠤᠵᠤ ᠰᠢᠨ᠎ᠡ ᠠᠶᠠᠨ᠎ᠳᠤ᠎ᠪᠠᠨ ᠡᠷᠡᠮᠡᠬᠡᠢ᠌ᠯᠡᠨ ᠤᠷᠤᠭᠰᠢᠯᠠᠶ᠎ᠠ》 ᠳᠤᠮᠳᠠᠳᠤ ᠤᠯᠤᠰ᠎ᠤᠨ ᠡᠪ ᠬᠠᠮᠲᠤ ᠨᠠᠮ ᠪᠠᠢ᠌ᠭᠤᠯᠤᠭᠳᠠᠭᠰᠠᠨ 101 ᠵᠢᠯ᠎ᠤᠨ ᠣᠶ ᠵᠢ ᠪᠡᠯᠭᠡᠯᠡᠬᠦ ᠣᠯᠠᠨ ᠲᠦᠮᠡᠨ᠎ᠤ ᠰᠢᠷᠢᠰ ᠠᠵᠢᠯᠯᠠᠭ᠎ᠠ ᠵᠢᠨ ᠨᠢᠭᠡ᠎ᠨᠢ ᠶᠤᠮ᠃ ᠣᠯᠠᠨ ᠲᠦᠮᠡᠨ᠎ᠳᠤ ᠨᠠᠩ ᠪᠦᠷᠢᠨ ᠲᠡᠭᠦᠯᠳᠡᠷ᠂ ᠨᠠᠩ ᠡᠯᠪᠡᠭ ᠪᠠᠶᠠᠯᠢᠭ᠂ ᠨᠠᠩ ᠴᠢᠨᠠᠷ ᠰᠠᠢ᠌ᠲᠠᠶ ᠣᠶᠤᠨ᠎ᠤ ᠰᠣᠶᠣᠯ᠎ᠤᠨ ᠠᠮᠢᠳᠤᠷᠠᠯ᠎ᠢ ᠡᠳ᠋ᠯᠡᠭᠦᠯᠬᠦ ᠵᠢᠨ ᠬᠠᠮᠲᠤ᠂ ᠳᠠᠭᠤᠤ ᠬᠦᠭᠵᠢᠮ ᠵᠶ᠋ᠡᠷ ᠵᠶ᠋ᠡᠨ ᠠᠯᠠᠱ᠌ᠠ ᠠᠢ᠌ᠮᠠᠭ᠎ᠤᠨ ᠦᠨᠳᠦᠰᠦᠲᠡᠨ᠎ᠨᠦᠭᠦᠳ᠎ᠤᠨ ᠠᠷᠠᠳ ᠲᠦᠮᠡᠨ᠎ᠤ ᠨᠠᠮ᠎ᠤᠨ ᠬᠣᠷᠢᠳᠤᠭ᠋ᠠᠷ ᠶᠡᠬᠡ ᠬᠤᠷᠠᠯ᠎ᠢ ᠤᠭᠲᠤᠵᠤ ᠤᠬᠠᠭᠤᠯᠬᠤ ᠣᠮᠣᠭ ᠲᠡᠭᠦᠯᠳᠡᠷ ᠰᠡᠳᠬᠢᠯᠭᠡ ᠵᠢ ᠢᠯᠡᠳᠭᠡᠵᠦ᠂ ᠠᠯᠠᠱ᠌ᠠ ᠠᠢ᠌ᠮᠠᠭ᠎ᠤᠨ ᠦᠨᠳᠦᠰᠦᠲᠡᠨ᠎ᠨᠦᠭᠦᠳ᠎ᠤᠨ ᠠᠷᠠᠳ ᠲᠦᠮᠡᠨ᠎ᠤ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠬᠤ ᠵᠢ ᠬᠦᠴᠦᠷᠬᠡᠭ ᠶᠡᠬᠡ ᠤᠶᠤᠨ᠎ᠤ ᠬᠦᠴᠦᠨ᠂ ᠨᠢᠭᠡ ᠰᠡᠳᠬᠢᠯ ᠵᠶ᠋ᠡᠷ ᠨᠠᠮ ᠵᠶ᠋ᠡᠨ ᠳᠠᠭ᠋ᠠᠬᠤ ᠬᠦᠴᠦᠷᠬᠡᠭ ᠶᠡᠬᠡ ᠣᠶᠤᠨ ᠰᠠᠨᠠᠭ᠋ᠠᠨ᠎ᠤ ᠬᠦᠴᠦᠨ᠎ᠢ ᠨᠢᠭᠲᠠᠷᠠᠭᠤᠯᠤᠨ᠂ ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠢᠯᠠᠯᠲᠠ᠎ᠲᠠᠢ ᠬᠤᠷᠠᠯᠳᠤᠬᠤ᠎ᠳᠤ ᠪᠦᠯᠬᠦᠮᠳᠡᠨ ᠲᠡᠮᠡᠴᠡᠭᠰᠡᠨ᠂ ᠴᠤᠭ ᠪᠠᠳᠠᠷᠠᠭᠰᠠᠨ ᠨᠡᠢ᠌ᠭᠡᠮ᠎ᠤᠨ ᠠᠭᠤᠷ ᠠᠮᠢᠰᠬᠤᠯ᠎ᠢ ᠪᠦᠷᠢᠯᠳᠦᠭᠦᠯᠵᠡᠢ᠃