ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠰᠤᠷᠠᠭ ᠵᠠᠩᠬᠢ
ᠬᠡᠷᠡᠭᠯᠡᠭᠡ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠠᠶ᠋ᠢᠮᠠᠭ ᠬᠤᠲᠠ᠎ᠶᠢᠨ ᠰᠣᠨᠣᠰᠬᠠᠯ
ᠬᠢᠩᠭ᠋ᠠᠨ ᠠᠢ᠌ᠮᠠᠭ ᠵᠢᠭᠤᠯᠴᠢᠯᠠᠯ᠎ᠤᠨ ᠭᠣᠤᠯᠳᠠᠯᠭ᠎ᠠ᠎ᠲᠠᠢ ᠲᠥᠷᠥᠯ ᠵᠦᠢᠯ᠎ᠤᠨ ᠪᠥᠲᠥᠭᠡᠨ ᠪᠠᠢ᠌ᠭᠤᠯᠤᠯᠲᠠ ᠵᠢ ᠪᠥᠬᠥ ᠬᠦᠴᠦᠨ ᠵᠶ᠋ᠡᠷ ᠵᠶ᠋ᠡᠨ ᠠᠬᠢᠭᠤᠯᠵᠤ ᠪᠣᠶ
ᠨᠡᠶᠢᠲᠡᠯᠡᠭᠰᠡᠨ ᠴᠠᠭ᠄ 2022-07-14

      ᠪᠦᠬᠦ ᠠᠢ᠌ᠮᠠᠭ᠎ᠤᠨ ᠵᠢᠭᠤᠯᠴᠢᠯᠠᠯ᠎ᠤᠨ ᠭᠣᠣᠯᠳᠠᠯᠭ᠎ᠠ᠎ᠲᠠᠢ ᠲᠥᠷᠥᠯ ᠵᠦᠢ᠍ᠯ᠎ᠤᠨ ᠪᠦᠲᠦᠭᠡᠨ ᠪᠠᠢ᠌ᠭᠤᠯᠤᠯᠲᠠ ᠵᠢ ᠲᠦᠷᠭᠡᠳᠬᠡᠨ ᠠᠬᠢᠭᠤᠯᠬᠤ ᠵᠢᠨ ᠲᠤᠰᠠᠳᠠ᠂ 6 ᠳ᠋ᠤᠭ᠋ᠠᠷ ᠰᠠᠷ᠎ᠠ ᠵᠢᠨ 30᠎ᠤ ᠡᠳᠦᠷ᠎ᠠᠴᠠ 7 ᠳ᠋ᠤᠭ᠋ᠠᠷ ᠰᠠᠷ᠎ᠠ ᠵᠢᠨ 2᠎ᠤᠨ ᠡᠳᠦᠷ ᠪᠣᠯᠲᠠᠯ᠎ᠠ᠂ ᠬᠢᠩᠭ᠋ᠠᠨ ᠠᠢ᠌ᠮᠠᠭ᠎ᠤᠨ ᠰᠣᠶᠣᠯ ᠵᠢᠭᠤᠯᠴᠢᠯᠠᠯ ᠪᠡᠶ᠎ᠡ ᠵᠢᠨ ᠲᠠᠮᠢᠷ᠎ᠤᠨ ᠲᠣᠪᠴᠢᠶᠠᠨ᠎ᠤ ᠵᠢᠭᠤᠯᠴᠢᠯᠠᠯ᠎ᠤᠨ ᠭᠣᠣᠯᠳᠠᠯᠭ᠎ᠠ᠎ᠲᠠᠢ ᠲᠥᠷᠥᠯ ᠵᠦᠢ᠍ᠯ᠎ᠤᠨ ᠲᠤᠰᠬᠠᠶ ᠰᠢᠮᠳᠠᠭᠤᠯᠤᠨ ᠵᠢᠯᠣᠭᠣᠳᠬᠤ ᠳᠤᠭᠤᠢ᠌ᠯᠠᠩ ᠭᠣᠣᠯᠳᠠᠯᠭ᠎ᠠ᠎ᠲᠠᠢ ᠲᠥᠷᠥᠯ ᠵᠦᠢ᠍ᠯ᠎ᠢ ᠲᠤᠬᠠᠶ ᠵᠢᠨ ᠭᠠᠵᠠᠷ᠎ᠲᠤ᠎ᠨᠢ ᠰᠢᠮᠳᠠᠭᠤᠯᠤᠨ ᠵᠢᠯᠣᠭᠣᠳᠬᠤ ᠠᠵᠢᠯ   ᠦᠷᠨᠢᠭᠦᠯᠪᠡ᠃ ᠣᠳᠣᠬᠠᠨ᠎ᠳᠤ᠂ ᠬᠢᠩᠭ᠋ᠠᠨ ᠠᠢ᠌ᠮᠠᠭ᠎ᠤᠨ ᠵᠢᠭᠤᠯᠴᠢᠯᠠᠯ᠎ᠤᠨ ᠭᠣᠤᠯᠳᠠᠯᠭ᠎ᠠ᠎ᠲᠠᠢ ᠲᠥᠷᠥᠯ ᠵᠦᠢᠯ᠎ᠤᠨ ᠠᠬᠢᠴᠠ᠎ᠨᠢ ᠰᠠᠢ᠌ᠨ ᠪᠠᠢ᠌ᠨ᠎ᠠ᠃ ᠡᠨᠡ ᠵᠢᠯ ᠬᠡᠷᠡᠭᠵᠢᠭᠦᠯᠬᠦ 40 ᠲᠥᠷᠥᠯ ᠵᠦᠢᠯ᠎ᠤᠨ ᠳᠣᠲᠤᠷ᠎ᠠ ᠨᠢᠭᠡᠨᠲᠡ ᠠᠵᠢᠯ ᠵᠶ᠋ᠡᠨ ᠡᠬᠢᠯᠡᠭᠦᠯᠦᠭᠰᠡᠨ ᠲᠥᠷᠥᠯ ᠵᠦᠢᠯ 33 ᠪᠤᠢ᠂ ᠠᠵᠢᠯ ᠡᠬᠢᠯᠡᠭᠦᠯᠦᠭᠰᠡᠨ ᠨᠣᠷᠮ᠎ᠠ᠎ᠨᠢ 82.5%᠂ ᠨᠢᠭᠡᠨᠲᠡ 7 ᠳ᠋ᠦᠩᠰᠢᠭᠤᠷ ᠭᠠᠷᠤᠶ ᠲᠥᠭᠥᠷᠢᠭ᠎ᠤᠨ ᠪᠠᠯᠠ ᠣᠷᠣᠭᠤᠯᠤᠯᠲᠠ ᠵᠢ ᠪᠡᠶᠡᠯᠡᠭᠦᠯᠵᠡᠶ᠃
      ᠰᠢᠮᠳᠠᠭᠤᠯᠤᠨ ᠵᠢᠯᠣᠭᠣᠳᠬᠤ ᠳᠤᠭᠤᠢ᠌ᠯᠠᠩ᠎ᠤᠨ᠎ᠬᠢᠨ ᠵᠢᠷᠭᠤᠭ᠋ᠠᠨ ᠬᠣᠰᠢᠭᠤ ᠰᠢᠶᠠᠨ ᠬᠣᠲᠠ ᠵᠢᠨ ᠭᠣᠤᠯᠳᠠᠯᠭ᠎ᠠ᠎ᠲᠠᠢ ᠲᠥᠷᠥᠯ ᠵᠦᠢᠯ᠎ᠤᠨ ᠪᠠᠷᠢᠯᠭ᠎ᠠ ᠵᠢᠨ ᠲᠤᠬᠠᠶ ᠵᠢᠨ ᠭᠠᠵᠠᠷ᠎ᠲᠤ᠎ᠨᠢ ᠭᠦᠨᠵᠡᠭᠡᠢ᠌ᠷᠡᠵᠦ᠂ ᠲᠥᠷᠥᠯ ᠵᠦᠢᠯ᠎ᠤᠨ ᠢᠨᠵᠧᠨᠧᠷᠢᠩ᠎ᠤᠨ ᠠᠬᠢᠴᠠ ᠵᠢ ᠲᠤᠬᠠᠶ ᠵᠢᠨ ᠭᠠᠵᠠᠷ᠎ᠲᠤ᠎ᠨᠢ   ᠪᠠᠢ᠌ᠴᠠᠭ᠋ᠠᠵᠤ ᠦᠵᠡᠨ᠂ ᠲᠥᠷᠥᠯ ᠵᠦᠢᠯ᠎ᠤᠨ ᠭᠠᠷᠳᠠᠮ᠎ᠢ ᠭᠦᠢᠴᠡᠳᠬᠡᠭᠰᠡᠨ ᠪᠠᠢ᠌ᠳᠠᠯ᠂ ᠪᠠᠯᠠ ᠣᠷᠣᠭᠤᠯᠤᠯᠲᠠ ᠵᠢ ᠪᠡᠶᠡᠯᠡᠭᠦᠯᠦᠭᠰᠡᠨ ᠪᠠᠢ᠌ᠳᠠᠯ ᠵᠢᠴᠢ ᠲᠠᠷᠠᠭ᠋ᠠᠴᠢ ᠵᠢᠨ ᠠᠯᠬᠤᠮ᠎ᠤᠨ ᠠᠵᠢᠯ᠎ᠤᠨ ᠪᠠᠢ᠌ᠷᠢᠯᠠᠭᠤᠯᠤᠯᠲᠠ ᠵᠢ ᠣᠢ᠌ᠯᠠᠭ᠋ᠠᠬᠤ ᠵᠢᠨ ᠬᠠᠮᠲᠤ ᠬᠣᠯᠪᠤᠭᠳᠠᠬᠤ ᠠᠵᠢᠯ᠎ᠳᠤ ᠵᠢᠯᠣᠭᠣᠳᠬᠤ ᠰᠠᠨᠠᠯ ᠳᠤᠷᠠᠳᠪᠠ᠃
      ᠰᠢᠮᠳᠠᠭᠤᠯᠤᠨ ᠵᠢᠯᠣᠭᠣᠳᠬᠤ ᠳᠤᠭᠤᠢ᠌ᠯᠠᠩ ᠵᠢᠭ᠋ᠠᠵᠤ ᠭᠠᠷᠭ᠋ᠠᠭᠰᠠᠨ᠎ᠨᠢ᠂ ᠡᠯ᠎ᠡ ᠲᠦᠷᠦᠯ ᠵᠦᠢ᠍ᠯ᠎ᠢ ᠬᠠᠷᠢᠭᠤᠴᠠᠵᠤ ᠪᠠᠢ᠌ᠭ᠎ᠠ ᠨᠢᠭᠡᠴᠢ ᠵᠢᠨ᠎ᠬᠢᠨ ᠪᠡᠯᠡ ᠬᠤᠷᠠᠮᠳᠤᠭᠤᠯᠬᠤ ᠠᠷᠭ᠎ᠠ ᠵᠠᠮ ᠵᠶ᠋ᠠᠨ ᠥᠷᠭᠡᠳᠬᠡᠵᠦ᠂ ᠲᠦᠷᠦᠯ ᠵᠦᠢ᠍ᠯ᠎ᠤᠨ ᠪᠡᠯᠡ ᠮᠥᠩᠭᠥᠨ᠎ᠤ ᠬᠦᠴᠢᠷ ᠠᠰᠠᠭᠤᠳᠠᠯ᠎ᠢ ᠰᠢᠢ᠍ᠳᠪᠦᠷᠢᠯᠡᠬᠦ ᠬᠡᠷᠡᠭᠲᠡᠢ᠃ ᠡᠨᠡ ᠵᠢᠯ᠎ᠤᠨ ᠦᠯᠡᠳᠡᠭᠰᠡᠨ 12 ᠭᠠᠷᠠᠭ᠎ᠤᠨ ᠠᠵᠢᠯ᠎ᠤᠨ ᠪᠦᠲᠦᠮᠵᠢᠲᠡᠶ ᠬᠤᠭᠤᠴᠠᠭ᠎ᠠ ᠵᠢ ᠭᠦᠢᠴᠡᠳ ᠠᠰᠢᠭᠯᠠᠨ᠂ ᠠᠵᠢᠯ᠎ᠤᠨ ᠬᠤᠭᠤᠴᠠᠭ᠎ᠠ ᠵᠢ ᠰᠡᠭᠦᠯ᠎ᠠᠴᠠ᠎ᠨᠢ ᠤᠷᠤᠭᠰᠢ᠎ᠪᠠᠨ ᠬᠢᠬᠦ᠎ᠪᠠᠷ ᠲᠣᠬᠢᠷᠠᠭᠤᠯᠵᠤ᠂ ᠯᠠᠪᠳᠠᠭᠤᠨ ᠪᠠᠲᠤᠲᠠᠢ ᠵᠣᠭᠰᠤᠯ ᠦᠭᠡᠢ ᠠᠯᠬᠤᠮ ᠠᠯᠬᠤᠮ ᠵᠶ᠋ᠠᠷ ᠠᠬᠢᠭᠤᠯᠵᠤ᠂ ᠲᠥᠷᠥᠯ ᠵᠦᠢᠯ᠎ᠤᠨ ᠤᠷᠤᠭᠰᠢᠲᠠᠶ᠎ᠪᠠᠷ ᠠᠰᠢᠭᠯᠠᠯᠲᠠ᠎ᠳᠤ ᠣᠷᠤᠨ᠂ ᠡᠮᠬᠢ ᠵᠢᠷᠤᠮ᠎ᠲᠠᠢ ᠡᠵᠡᠩᠨᠡᠬᠦ ᠵᠢ ᠪᠠᠲᠤᠯᠠᠬᠤ ᠬᠡᠷᠡᠭᠲᠡᠶ᠃
      ᠳᠠᠷᠠᠭ᠋ᠠᠴᠢ ᠵᠢᠨ ᠠᠯᠬᠤᠮ᠎ᠳᠤ᠂ ᠰᠢᠮᠳᠠᠭᠤᠯᠤᠨ ᠵᠢᠯᠣᠭᠣᠳᠬᠤ ᠳᠤᠭᠤᠢ᠌ᠯᠠᠩ ᠦᠷᠭᠦᠯᠵᠢᠯᠡᠨ ᠪᠦᠬᠦ ᠠᠢ᠌ᠮᠠᠭ᠎ᠤᠨ ᠵᠢᠭᠤᠯᠴᠢᠯᠠᠯ᠎ᠤᠨ ᠭᠣᠣᠯᠳᠠᠯᠭ᠎ᠠ᠎ᠲᠠᠢ ᠲᠦᠷᠦᠯ ᠵᠦᠢ᠍ᠯ᠎ᠤᠨ ᠪᠦᠳᠦᠭᠡᠨ ᠪᠠᠢ᠌ᠭᠤᠯᠤᠯᠲᠠ ᠵᠢ ᠴᠢᠩᠭ᠎ᠠ ᠠᠩᠬᠠᠷᠤᠨ᠂ ᠲᠦᠷᠦᠯ ᠵᠦᠢ᠍ᠯ᠎ᠢ ᠲᠦᠷᠭᠡᠨ ᠨᠠᠢ᠌ᠳᠠᠪᠤᠷᠢᠵᠢᠭᠤᠯᠵᠤ᠂ ᠡᠷᠲᠡᠬᠡᠨ ᠦᠷ᠎ᠡ ᠪᠦᠲᠦᠮᠵᠢ ᠤᠯᠬᠤ ᠵᠢ ᠠᠬᠢᠭᠤᠯᠤᠨ᠂ ᠪᠦᠬᠦ ᠠᠢ᠌ᠮᠠᠭ᠎ᠤᠨ ᠵᠢᠭᠤᠯᠴᠢᠯᠠᠯ᠎ᠤᠨ ᠲᠤᠬᠠᠢ ᠵᠢᠨ ᠲᠠᠯᠠᠪᠠᠢ ᠵᠢᠨ ᠬᠤᠷᠠᠯ᠎ᠤᠨ ᠬᠤᠷᠠᠯᠳᠤᠬᠤ᠎ᠳᠤ ᠬᠦᠴᠦᠲᠡᠢ ᠪᠠᠲᠤᠯᠠᠭ᠎ᠠ ᠬᠠᠩᠭ᠋ᠠᠨ᠎ᠠ᠃

ᠢᠷᠡᠯᠲᠡ᠄ ᠬᠢᠩᠭ᠋ᠠᠨ ᠠᠢ᠌ᠮᠠᠭ᠎ᠤᠨ ᠰᠣᠶᠣᠯ ᠵᠢᠭᠤᠯᠴᠢᠯᠠᠯ ᠪᠡᠶ᠎ᠡ ᠵᠢᠨ ᠲᠠᠮᠢᠷ᠎ᠤᠨ ᠲᠣᠪᠴᠢᠶ᠎ᠠ
          
ᠬᠠᠮᠢᠶ᠎ᠡ ᠪᠦᠬᠦᠢ ᠰᠣᠨᠢᠨ
ᠲᠦᠩᠯᠢᠶᠣᠤ ᠬᠣᠲᠠ ᠵᠢᠨ ᠤᠯᠠᠭ᠋ᠠᠨᠮᠥ᠋ᠴᠢᠷ᠄ ᠤᠳᠬ᠎ᠠ ᠤᠷᠠᠯᠢᠭ᠎ᠤᠨ ᠬᠠᠪᠰᠤᠷᠤᠨ ᠵᠢᠯᠣᠭᠣᠳᠣᠯᠭ᠎ᠠ ᠴᠡᠷᠢᠭ᠎ᠤᠨ ᠬᠤᠸᠠᠷᠠᠨ᠎ᠳᠤ ᠣᠷᠣᠵᠤ ᠴᠡᠷᠢᠭ ᠠᠷᠠᠳ ᠬᠠᠮᠲᠤ ᠵᠢᠨ ᠭᠡᠷ ᠪᠦᠯᠢ᠎ᠪᠠᠨ ᠪᠦᠲᠦᠭᠡᠨ ᠪᠠᠢ᠌ᠭᠤᠯᠤᠨ᠎ᠠ
ᠣᠷᠳᠣᠰ᠎ᠤᠨ ᠰᠦᠯᠵᠢᠶᠡᠨ ᠳᠡᠭᠡᠷᠡᠬᠢ ᠨᠡᠭᠦᠳᠡᠯ ᠮᠦᠽᠧᠶ ᠦᠵᠡᠰᠭᠦᠯᠡᠩ ᠎ᠢ ᠬᠢᠴᠢᠶᠡᠯ᠎ᠤᠨ ᠲᠠᠩᠬᠢᠮ᠎ᠳᠤ ᠬᠦᠷᠭᠡᠪᠡ
ᠰᠢᠯᠢ ᠵᠢᠨ ᠭᠣᠤᠯ ᠠᠢ᠌ᠮᠠᠭ ᠳᠤᠮᠳᠠᠳᠤ ᠵᠢᠨ ᠰᠣᠶᠣᠯ᠎ᠤᠨ ᠲᠡᠮᠳᠡᠭ ᠪᠠ ᠳᠤᠮᠳᠠᠳᠤ ᠵᠢᠨ ᠦᠨᠳᠦᠰᠦᠲᠡᠨ᠎ᠤ ᠳᠦᠷᠢ ᠲᠥᠷᠬᠦ ᠵᠢ ᠴᠣᠭᠴᠠᠯᠠᠬᠤ ᠠᠵᠢᠯ᠎ᠢ ᠠᠬᠢᠭᠤᠯᠬᠤ ᠬᠤᠷᠠᠯ ᠬᠤᠷᠠᠯᠳᠤᠭᠤᠯᠪᠠ
ᠤᠯᠠᠭ᠋ᠠᠨᠬᠠᠳᠠ ᠬᠣᠲᠠ ᠵᠢᠨ ᠰᠣᠶᠣᠯ ᠵᠢᠭᠤᠯᠴᠢᠯᠠᠯ᠎ᠤᠨ ᠲᠣᠪᠴᠢᠶ᠎ᠠ ᠭᠤᠤᠯᠳᠠᠯᠭ᠎ᠠ᠎ᠲᠠᠢ ᠠᠵᠢᠯ᠎ᠢ ᠠᠬᠢᠭᠤᠯᠬᠤ ᠬᠤᠷᠠᠯ ᠬᠤᠷᠠᠯᠳᠤᠭᠤᠯᠪᠠ
ᠣᠷᠳᠣᠰ ᠬᠣᠲᠠ ᠵᠢᠨ 6 ᠦᠵᠡᠮᠵᠢ ᠵᠢᠨ ᠣᠷᠣᠨ 《ᠥᠪᠥᠷ ᠮᠣᠩᠭᠣᠯ᠎ᠤᠨ ᠰᠦᠯᠵᠢᠶᠡᠨ ᠳᠡᠭᠡᠷ᠎ᠡ ᠨᠡᠷ᠎ᠡ ᠭᠠᠷᠤᠭᠰᠠᠨ ᠺᠠᠷᠲ ᠪᠦᠷᠢᠳᠭᠡᠭᠦᠯᠬᠦ ᠭᠠᠵᠠᠷ᠎ᠤᠨ ᠬᠣᠯᠪᠣᠭ᠎ᠠ》᠎ᠳᠤ ᠰᠤᠩᠭᠤᠭᠳᠠᠪᠠ
 
            