ᠣᠶ᠋ᠢᠷ᠎ᠠ᠎ᠳᠤ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ᠎ᠠᠴᠠ ᠭᠤᠤᠯᠯᠠᠨ ᠡᠷᠭᠢᠯᠡᠵᠦ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠢᠭᠤᠯᠴᠢᠯᠠᠯ᠎ᠤᠨ ᠨᠡᠶ᠋ᠢᠭᠡᠮᠯᠢᠭ᠎ᠠᠴᠠ ᠳᠠᠭ᠋ᠠᠭ᠋ᠠᠴᠢᠯᠠᠨ ᠡᠷᠭᠢᠯᠡᠭᠰᠡᠨ ᠥᠪᠥᠷ ᠮᠣᠩᠭᠣᠯ᠎ᠤᠨ ᠰᠦᠯᠵᠢᠶᠡᠨ ᠳᠡᠭᠡᠷ᠎ᠡ ᠨᠡᠷ᠎ᠡ ᠭᠠᠷᠤᠭᠰᠠᠨ ᠺᠠᠷᠲ ᠪᠦᠷᠢᠳᠭᠡᠬᠦᠯᠬᠦ ᠭᠠᠵᠠᠷ᠎ᠤᠨ ᠬᠣᠯᠪᠣᠭ᠎ᠠ ᠪᠠᠶ᠋ᠢᠭᠤᠯᠤᠭᠳᠠᠬᠤ ᠵᠢᠴᠢ ᠥᠪᠥᠷ ᠮᠣᠩᠭᠣᠯ᠎ᠤᠨ ᠰᠦᠯᠵᠢᠶᠡᠨ ᠳᠡᠭᠡᠷ᠎ᠡ ᠨᠡᠷ᠎ᠡ ᠭᠠᠷᠤᠭᠰᠠᠨ ᠺᠠᠷᠲ ᠪᠦᠷᠢᠳᠭᠡᠬᠦᠯᠬᠦ ᠭᠠᠵᠠᠷ᠎ᠤᠨ Vlog᠎ᠤᠨ ᠤᠷᠤᠯᠳᠤᠭ᠋ᠠᠨ᠎ᠤ ᠱᠠᠩᠨᠠᠯ ᠣᠯᠭᠣᠬᠤ ᠶᠣᠰᠣᠯᠠᠯ ᠬᠥᠬᠡᠬᠣᠲᠠ᠎ᠳᠤ ᠶᠠᠪᠤᠭᠳᠠᠪᠠ᠃ ᠣᠷᠳᠣᠰ᠎ᠤᠨ 6 ᠦᠵᠡᠮᠵᠢ ᠵᠢᠨ ᠣᠷᠣᠨ ᠥᠪᠡᠷᠲᠡᠭᠡᠨ ᠵᠠᠰᠠᠬᠤ ᠣᠷᠣᠨ᠎ᠤ ᠰᠦᠯᠵᠢᠶᠡᠨ ᠳᠡᠭᠡᠷ᠎ᠡ ᠨᠡᠷ᠎ᠡ ᠭᠠᠷᠤᠭᠰᠠᠨ ᠺᠠᠷᠲ ᠪᠦᠷᠢᠳᠭᠡᠬᠦᠯᠬᠦ ᠭᠠᠵᠠᠷ᠎ᠤᠨ ᠬᠣᠯᠪᠣᠭ᠎ᠠ᠎ᠳᠤ ᠰᠣᠩᠭᠣᠭᠳᠠᠵᠤ᠂ ᠲᠣᠭ᠎ᠠ ᠬᠡᠮᠵᠢᠶ᠎ᠡ᠎ᠨᠢ ᠪᠥᠬᠥ ᠣᠷᠣᠨ᠎ᠳᠤ ᠲᠡᠷᠢᠭᠦᠯᠡᠵᠦ᠂ ᠲᠣᠰ ᠲᠣᠰ ᠥᠪᠥᠷ ᠮᠣᠩᠭᠣᠯ᠎ᠤᠨ ᠪᠦᠷᠢᠶ᠎ᠡ ᠮᠠᠩᠬ᠎ᠠ ᠵᠢᠨ ᠵᠢᠭᠤᠯᠴᠢᠯᠠᠯ᠎ᠤᠨ ᠦᠵᠡᠮᠵᠢ ᠵᠢᠨ ᠣᠷᠣᠨ᠂ ᠴᠢ ᠰᠢᠩ ᠬᠤ᠌ ᠨᠠᠭᠤᠷ᠎ᠤᠨ ᠡᠯᠡᠰᠦᠨ ᠴᠥᠯ᠎ᠤᠨ ᠠᠮᠢ ᠠᠬᠤᠶ ᠵᠢᠨ ᠵᠢᠭᠤᠯᠴᠢᠯᠠᠯ᠎ᠤᠨ ᠣᠷᠣᠨ᠂ ᠣᠷᠳᠣᠰ᠎ᠤᠨ ᠬᠡᠭᠡᠷ᠎ᠡ ᠵᠢᠨ ᠠᠮᠢᠲᠠᠨ᠎ᠤ ᠬᠦᠷᠢᠶᠡᠯᠡᠩ᠂ ᠵᠡᠭᠦᠨᠭ᠋ᠠᠷ᠎ᠤᠨ ᠬᠠᠲᠤᠨ ᠭᠤᠤᠯ᠎ᠤᠨ ᠶᠡᠬᠡ ᠬᠠᠪᠴᠢᠯ᠂ ᠣᠷᠳᠣᠰ᠎ᠤᠨ ᠲᠠᠯ᠎ᠠ ᠨᠤᠲᠤᠭ᠎ᠤᠨ ᠵᠢᠭᠤᠯᠴᠢᠯᠠᠯ᠎ᠤᠨ ᠣᠷᠣᠨ ᠪᠠ ᠬᠢᠶ᠎ᠠ ᠪᠠᠭᠰᠢ ᠵᠢᠭᠤᠯᠴᠢᠯᠠᠯ᠎ᠤᠨ ᠣᠷᠣᠨ ᠪᠣᠯᠤᠨ᠎ᠠ᠃
ᠠᠵᠢᠯᠯᠠᠭ᠎ᠠ ᠵᠢᠨ ᠲᠤᠬᠠᠶ ᠵᠢᠨ ᠲᠠᠯᠠᠪᠠᠶ᠎ᠳᠤ᠂ ᠥᠪᠥᠷ ᠮᠣᠩᠭᠣᠯ᠎ᠤᠨ ᠰᠦᠯᠵᠢᠶᠡᠨ ᠳᠡᠭᠡᠷ᠎ᠡ ᠨᠡᠷ᠎ᠡ ᠭᠠᠷᠤᠭᠰᠠᠨ ᠺᠠᠷᠲ ᠪᠦᠷᠢᠳᠭᠡᠬᠦᠯᠬᠦ ᠭᠠᠵᠠᠷ᠎ᠤᠨ ᠬᠣᠯᠪᠣᠭ᠋ᠠᠨ᠎ᠤ ᠪᠦᠷᠢᠯᠳᠦᠬᠦᠨ ᠨᠢᠭᠡᠴᠢ ᠪᠦᠬᠦ ᠤᠯᠤᠰ᠎ᠤᠨ ᠵᠢᠭᠤᠯᠴᠢᠯᠠᠭᠴᠢᠳ᠎ᠲᠤ ᠠᠯᠢ ᠣᠯᠠᠨ ᠬᠠᠷᠠᠭ᠋ᠠᠯᠵᠠᠯᠲᠤ ᠲᠥᠷᠥ ᠵᠢᠨ ᠪᠣᠳᠣᠯᠭ᠎ᠠ ᠨᠡᠶ᠋ᠢᠲᠡᠯᠡᠵᠦ᠂ ᠣᠷᠳᠣᠰ᠎ᠤᠨ ᠦᠵᠡᠮᠵᠢ ᠵᠢᠨ ᠣᠷᠣᠨ ᠬᠠᠮᠲᠤᠷᠠᠭᠰᠠᠨ ᠪᠢᠯᠧᠲ᠂ ᠢᠵᠢ ᠪᠢᠯᠧᠲ ᠵᠡᠷᠭᠡ ᠠᠵᠢᠯᠯᠠᠭ᠎ᠠ ᠥᠷᠨᠢᠭᠦᠯᠦᠭᠰᠡᠨ ᠪᠥᠭᠡᠳ ᠡᠮᠴᠢ ᠰᠤᠪᠢᠯᠠᠭᠴᠢ᠂ ᠳᠡᠭᠡᠳᠦ ᠰᠤᠷᠭ᠋ᠠᠭᠤᠯᠢ᠎ᠳᠤ ᠰᠤᠷᠤᠭᠴᠢ ᠡᠯᠰᠡᠬᠦ ᠨᠢᠭᠡᠳᠦᠯᠲᠡᠶ ᠰᠢᠯᠭ᠋ᠠᠯᠲᠠ᠎ᠳᠤ ᠣᠷᠤᠯᠴᠠᠭᠰᠠᠨ ᠰᠤᠷᠤᠭᠴᠢᠳ᠎ᠲᠤ ᠰᠦᠢ᠍ᠳᠬᠡᠯ ᠬᠤᠷᠢᠶᠠᠬᠤ ᠦᠭᠡᠶ᠎ᠪᠠᠷ ᠵᠢᠭᠤᠯᠴᠢᠯᠠᠬᠤ᠂ ᠬᠠᠭ᠋ᠠᠰ ᠦᠨ᠎ᠡ᠎ᠪᠠᠷ ᠵᠢᠭᠤᠯᠴᠢᠯᠠᠬᠤ ᠵᠡᠷᠭᠡ ᠬᠠᠷᠠᠭ᠋ᠠᠯᠵᠠᠯ ᠦᠵᠡᠭᠦᠯᠵᠦ᠂ ᠪᠦᠬᠦ ᠤᠯᠤᠰ᠎ᠤᠨ ᠵᠢᠭᠤᠯᠴᠢᠯᠠᠭᠴᠢᠳ᠎ᠲᠤ ᠺᠠᠷᠲ ᠪᠦᠷᠢᠳᠭᠡᠬᠦᠯᠬᠦ᠎ᠪᠠᠷ ᠤᠷᠢᠯᠭ᠎ᠠ ᠲᠠᠯᠪᠢᠵᠠᠢ᠃
ᠰᠦᠯᠵᠢᠶᠡᠨ ᠳᠡᠭᠡᠷ᠎ᠡ ᠨᠡᠷ᠎ᠡ ᠭᠠᠷᠤᠭᠰᠠᠨ ᠭᠠᠵᠠᠷ᠎ᠨᠢ ᠤᠷᠤᠰᠬᠠᠯ᠎ᠢ ᠬᠥᠲᠥᠯᠥᠨ ᠳᠠᠭ᠋ᠠᠭᠤᠯᠵᠤ᠂ ᠺᠠᠷᠲ ᠪᠦᠷᠢᠳᠭᠡᠭᠦᠯᠦᠭᠴᠢᠳ ᠴᠤ᠌ ᠬᠣᠲᠠ ᠵᠢ ᠴᠣᠭᠴᠠᠯᠠᠨ ᠪᠠᠶ᠋ᠢᠭᠤᠯᠵᠤ ᠪᠠᠶ᠋ᠢᠨ᠎ᠠ᠃ ᠣᠷᠳᠣᠰ᠎ᠤᠨ ᠡᠳᠡᠭᠡᠷ ᠰᠦᠯᠵᠢᠶᠡᠨ ᠳᠡᠭᠡᠷ᠎ᠡ ᠨᠡᠷ᠎ᠡ ᠭᠠᠷᠤᠭᠰᠠᠨ ᠺᠠᠷᠲ ᠪᠦᠷᠢᠳᠭᠡᠬᠦᠯᠬᠦ ᠴᠡᠭ᠎ᠨᠢ ᠴᠣ᠋ ᠰᠢᠨ᠎ᠡ ᠳᠦᠷᠰᠦ ᠪᠠᠶ᠋ᠢᠳᠠᠯ ᠪᠣᠯᠤᠨ ᠴᠠᠭ᠎ᠤᠨ ᠥᠩᠭᠡ ᠵᠢ ᠳᠠᠭ᠋ᠠᠭᠰᠠᠨ ᠡᠵᠡᠩᠨᠡᠯᠲᠡ ᠵᠢᠨ ᠬᠡᠯᠪᠡᠷᠢ᠎ᠪᠠᠷ 《ᠺᠠᠷᠲ ᠪᠦᠷᠢᠳᠭᠡᠬᠦᠯᠬᠦ》 ᠳᠤᠷᠠᠲᠠᠶ ᠬᠡᠷᠡᠭᠯᠡᠭᠴᠢᠳ᠎ᠢ ᠲᠠᠲᠠᠵᠤ᠂ ᠨᠡᠩ ᠣᠯᠠᠨ ᠵᠢᠭᠤᠯᠴᠢᠯᠠᠭᠴᠢᠳ᠎ᠢ ᠡᠨᠡ ᠬᠦ᠌ ᠬᠠᠯᠠᠭᠤᠨ ᠳᠤᠯᠠᠭ᠋ᠠᠨ ᠬᠣᠲᠠ᠎ᠳᠤ ᠬᠠᠶ᠋ᠢᠷ᠎ᠠ ᠰᠡᠳᠬᠢᠯᠭᠡ᠎ᠲᠠᠢ ᠪᠣᠯᠭ᠋ᠠᠵᠤ ᠪᠠᠶ᠋ᠢᠨ᠎ᠠ᠃