ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠰᠤᠷᠠᠭ ᠵᠠᠩᠬᠢ
ᠬᠡᠷᠡᠭᠯᠡᠭᠡ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠠᠶ᠋ᠢᠮᠠᠭ ᠬᠤᠲᠠ᠎ᠶᠢᠨ ᠰᠣᠨᠣᠰᠬᠠᠯ
ᠣᠷᠳᠣᠰ᠎ᠤᠨ ᠰᠦᠯᠵᠢᠶᠡᠨ ᠳᠡᠭᠡᠷᠡᠬᠢ ᠨᠡᠭᠦᠳᠡᠯ ᠮᠦᠽᠧᠶ ᠦᠵᠡᠰᠭᠦᠯᠡᠩ ᠎ᠢ ᠬᠢᠴᠢᠶᠡᠯ᠎ᠤᠨ ᠲᠠᠩᠬᠢᠮ᠎ᠳᠤ ᠬᠦᠷᠭᠡᠪᠡ
ᠨᠡᠶᠢᠲᠡᠯᠡᠭᠰᠡᠨ ᠴᠠᠭ᠄ 2022-07-18

      ᠮᠦᠽᠧᠶ ᠵᠢᠨ ᠨᠡᠢ᠌ᠭᠡᠮ᠎ᠤᠨ ᠰᠤᠷᠭ᠋ᠠᠨ ᠬᠥᠮᠦᠵᠢᠯ᠎ᠤᠨ ᠡᠭᠦᠷᠭᠡ ᠴᠢᠳᠠᠪᠤᠷᠢ ᠵᠢ ᠭᠦᠢᠴᠡᠳ ᠪᠠᠳᠠᠷᠠᠭᠤᠯᠵᠤ᠂ ᠮᠦᠽᠧᠶ ᠵᠢ ᠨᠠᠩ ᠰᠠᠢ᠌ᠨ ᠵᠶ᠋ᠠᠷ ᠵᠠᠯᠠᠭᠤᠴᠤᠳ ᠪᠠᠭ᠋ᠠᠴᠤᠳ᠎ᠤᠨ ᠰᠤᠷᠤᠯᠴᠠᠵᠤ ᠦᠰᠦᠨ ᠪᠣᠢ᠌ᠵᠢᠬᠤ ᠵᠢᠨ 《ᠬᠣᠶᠠᠳᠤᠭ᠋ᠠᠷ ᠬᠢᠴᠢᠶᠡᠯ᠎ᠤᠨ ᠲᠠᠩᠬᠢᠮ》 ᠪᠣᠯᠭ᠋ᠠᠬᠤ ᠵᠢᠨ ᠲᠥᠯᠥᠭᠡ᠂ 6 ᠳ᠋ᠤᠭ᠋ᠠᠷ ᠰᠠᠷ᠎ᠠ ᠵᠢᠨ 23᠎ᠤ ᠡᠳᠦᠷ᠂ ᠣᠷᠳᠣᠰ᠎ᠤᠨ ᠮᠦᠽᠧᠶ 《ᠰᠦᠯᠵᠢᠶᠡᠨ ᠳᠡᠭᠡᠷᠡᠬᠢ ᠨᠡᠭᠦᠳᠡᠯ ᠮᠦᠽᠧᠶ ᠦᠵᠡᠰᠬᠦᠯᠡᠩ᠎ᠢ ᠬᠢᠴᠢᠶᠡᠯ᠎ᠤᠨ ᠲᠠᠩᠬᠢᠮ᠎ᠳᠤ ᠣᠷᠣᠭᠤᠯᠬᠤ》ᠠᠵᠢᠯᠯᠠᠭ᠎ᠠ ᠥᠷᠨᠢᠭᠦᠯᠪᠡ  ᠃
      ᠠᠵᠢᠯᠯᠠᠭ᠎ᠠ ᠳᠤᠮᠳᠠ᠂ ᠳᠠᠯᠠᠳ ᠬᠣᠰᠢᠭᠤᠨ᠎ᠤ ᠶᠢᠰᠦᠳᠦᠭᠡᠷ ᠪᠠᠭ᠎ᠠ ᠰᠤᠷᠭ᠋ᠠᠭᠤᠯᠢ ᠵᠢᠨ 41 ᠪᠠᠭᠰᠢ ᠰᠤᠷᠤᠭᠴᠢᠳ ᠠᠩᠬᠠᠨ᠎ᠤ ᠪᠦᠯᠦᠭ᠎ᠤᠨ ᠤᠷᠳᠤᠰ ᠮᠦᠽᠧᠢ ᠵᠢᠨ 《  ᠨᠡᠭᠦᠳᠡᠯ ᠮᠦᠽᠧᠶ ᠦᠵᠡᠰᠭᠦᠯᠡᠩ ᠎ᠢ ᠬᠢᠴᠢᠶᠡᠯ᠎ᠤᠨ ᠲᠠᠩᠬᠢᠮ᠎ᠳᠤ ᠬᠦᠷᠭᠡᠬᠦ》 ᠠᠵᠢᠯᠯᠠᠭ᠎ᠠ ᠵᠢᠨ ᠦᠵᠡᠭᠴᠢᠳ ᠪᠣᠯᠪᠠ  ᠃ ᠣᠷᠳᠣᠰ᠎ᠤᠨ ᠮᠦᠽᠧᠶ ᠵᠢᠨ ᠲᠠᠢ᠌ᠯᠪᠤᠷᠢᠯᠠᠭᠴᠢ 《ᠣᠷᠳᠣᠰ᠎ᠤᠨ ᠡᠷᠲᠡᠨ᠎ᠤ ᠠᠮᠢᠳᠤ ᠪᠣᠳᠠᠰ᠎ᠤᠨ ᠦᠵᠡᠭᠦᠯᠭᠡ》 ᠵᠢᠨ ᠲᠤᠬᠠᠢ《ᠡᠭᠦᠯᠡᠨ ᠲᠠᠢ᠌ᠯᠪᠤᠷᠢᠯᠠᠯᠲᠠ》 ᠬᠢᠵᠦ᠂ ᠠᠮᠢ ᠨᠠᠰᠤᠨ᠎ᠤ ᠡᠭᠦᠰᠦᠯ᠎ᠠᠴᠠ ᠺᠠᠮᠪᠷᠢᠶ᠎ᠠ ᠵᠢᠨ ᠭᠠᠯᠪᠠ ᠵᠢᠨ ᠠᠮᠢ ᠨᠠᠰᠤᠨ᠎ᠤ ᠶᠡᠬᠡ ᠦᠷᠨᠢᠯᠲᠡ ᠬᠦᠷᠲᠡᠯ᠎ᠡ᠂ ᠳᠠᠬᠢᠨ ᠠᠪᠤᠷᠭᠤ ᠭᠦᠷᠪᠡᠯ᠎ᠤᠨ ᠴᠢᠯᠠᠭᠤᠵᠢᠮᠠᠯ ᠎ᠤᠨ ᠲᠤᠬᠠᠢ ᠳᠡᠯᠭᠡᠴᠡ ᠵᠢᠨ ᠡᠮᠦᠨᠡᠬᠢ ᠪᠠᠭᠰᠢ ᠰᠤᠷᠤᠭᠴᠢᠳ᠎ᠲᠤ ᠨᠠᠷᠢᠨ ᠲᠠᠢ᠌ᠯᠤᠮᠵᠢ ᠬᠢᠵᠦ᠂ ᠣᠯᠠᠨ᠎ᠢ ᠳᠠᠭ᠋ᠠᠭᠤᠯᠤᠨ ᠡᠷᠲᠡᠨ᠎ᠤ ᠠᠮᠢᠳᠤ ᠪᠣᠳᠠᠰ᠎ᠤᠨ ᠶᠢᠷᠲᠢᠨᠴᠤ᠎ᠪᠠᠷ ᠠᠶᠠᠯᠠᠵᠤ᠂ ᠠᠪᠤᠷᠭᠤ ᠭᠦᠷᠪᠡᠯ᠎ᠤᠨ ᠶᠢᠷᠲᠢᠨᠴᠦ ᠵᠢ ᠬᠠᠢ᠌ᠨ ᠰᠢᠨᠵᠢᠯᠡᠪᠡ  ᠃ ᠲᠠᠢ᠌ᠯᠤᠮᠵᠢ᠎ᠳᠤ᠂ ᠬᠡᠦᠬᠡᠳ᠎ᠤᠳ᠎ᠤᠨ ᠬᠠᠷᠠᠴᠠ᠎ᠨᠢ ᠲᠠᠲᠠᠭᠳᠠᠨ ᠨᠠᠷᠢᠨ ᠬᠢᠨᠠᠮᠠᠭ᠋ᠠᠢ ᠲᠡᠮᠳᠡᠭᠯᠡᠯ ᠬᠢᠪᠡ᠃ ᠲᠠᠢ᠌ᠯᠤᠮᠵᠢ ᠳᠠᠭᠤᠰᠤᠭᠰᠠᠨ᠎ᠤ ᠳᠠᠷᠠᠭ᠎ᠠ᠂ ᠬᠡᠦᠬᠡᠳ᠎ᠤᠳ ᠮᠥᠨ ᠯᠡ ᠰᠠᠨᠠᠭ᠎ᠠ ᠬᠠᠨᠤᠭ᠎ᠠ ᠥᠬᠡᠶ ᠪᠠᠢ᠌ᠵᠤ᠂ ᠬᠣᠵᠢᠮ ᠵᠠᠪᠰᠢᠶᠠᠨ᠎ᠲᠠᠢ ᠪᠣᠯ ᠣᠷᠳᠣᠰ᠎ᠤᠨ ᠮᠦᠽᠧᠶ᠎ᠪᠠᠷ ᠲᠣᠭᠣᠷᠢᠨ ᠦᠵᠡᠬᠦ ᠵᠢ ᠬᠦᠰᠡᠵᠦ ᠪᠠᠢ᠌ᠨ᠎ᠠ ᠭᠡᠵᠦ   ᠵᠠᠯᠭ᠋ᠠᠭ᠎ᠠ ᠵᠠᠯᠭ᠋ᠠᠭ᠎ᠠ᠎ᠪᠠᠷ ᠢᠯᠡᠷᠬᠡᠢ᠌ᠯᠡᠪᠡ᠃
      ᠲᠣᠰ ᠤᠳᠠᠭ᠋ᠠᠨ᠎ᠤ ᠠᠵᠢᠯᠯᠠᠭ᠎ᠠ᠎ᠨᠢ ᠰᠦᠯᠵᠢᠶᠡᠨ ᠳᠡᠭᠡᠷ᠎ᠡ ᠲᠠᠢ᠌ᠯᠪᠤᠷᠢᠯᠠᠬᠤ ᠬᠡᠯᠪᠡᠷᠢ᠎ᠪᠠᠷ ᠳᠠᠮᠵᠢᠭᠤᠯᠤᠨ ᠬᠡᠦᠬᠡᠳ᠎ᠤᠳ᠎ᠲᠤ ᠠᠮᠢᠳᠤᠯᠢᠭ ᠪᠥᠭᠡᠳ ᠰᠣᠨᠢᠷᠬᠠᠯᠲᠠᠶ ᠡᠷᠲᠡᠨ᠎ᠤ ᠠᠮᠢᠳᠤ ᠪᠣᠳᠠᠰ᠎ᠤᠨ ᠬᠢᠴᠢᠶᠡᠯ᠎ᠤᠨ ᠲᠠᠩᠬᠢᠮ ᠬᠦᠷᠭᠡᠵᠦ᠂ ᠠᠵᠢᠯᠯᠠᠭ᠎ᠠ᠎ᠨᠢ ᠣᠷᠳᠣᠨ᠎ᠤ ᠬᠣᠭᠣᠷᠣᠨᠳᠣᠬᠢ ᠬᠠᠮᠲᠤᠷᠠᠯᠴᠠᠭ᠎ᠠ ᠪᠠ ᠰᠣᠯᠢᠯᠴᠠᠭ᠎ᠠ ᠵᠢ ᠴᠢᠩᠭ᠋ᠠᠳᠬᠠᠭᠰᠠᠨ ᠵᠶ᠋ᠠᠷ ᠪᠠᠷᠠᠬᠤ ᠥᠬᠡᠶ ᠪᠠᠰᠠ ᠪᠠᠭᠰᠢ ᠰᠤᠷᠤᠭᠴᠢᠳ᠎ᠤᠨ ᠰᠣᠶᠣᠯ᠎ᠤᠨ ᠠᠮᠢᠳᠤᠷᠠᠯ᠎ᠢ ᠪᠠᠶᠠᠯᠢᠭᠵᠢᠭᠤᠯᠵᠤ᠂ ᠰᠤᠷᠭ᠋ᠠᠭᠤᠯᠢ ᠵᠢᠨ ᠬᠦᠷᠢᠶᠡᠨ᠎ᠤ ᠰᠣᠶᠣᠯ᠎ᠤᠨ ᠪᠠᠢ᠌ᠭᠤᠯᠤᠯᠲᠠ ᠵᠢ ᠠᠬᠢᠭᠤᠯᠤᠭᠰᠠᠨ ᠪᠠᠢ᠌ᠨ᠎ᠠ  ᠃ ᠵᠠᠯᠭ᠋ᠠᠭ᠋ᠠᠳ᠂ ᠣᠷᠳᠣᠰ᠎ᠤᠨ ᠮᠦᠽᠧᠶ᠎ᠨᠢ 《ᠨᠡᠭᠦᠳᠡᠯ ᠮᠦᠽᠧᠶ ᠦᠵᠡᠰᠭᠦᠯᠡᠩ ᠎ᠢ ᠬᠢᠴᠢᠶᠡᠯ᠎ᠤᠨ ᠲᠠᠩᠬᠢᠮ᠎ᠳᠤ ᠬᠦᠷᠭᠡᠬᠦ》ᠠᠵᠢᠯᠯᠠᠭ᠎ᠠ ᠵᠢ ᠦᠷᠭᠦᠯᠵᠢᠯᠡᠨ ᠳᠡᠯᠭᠡᠷᠡᠭᠦᠯᠵᠦ᠂ ᠨᠠᠩ ᠣᠯᠠᠨ ᠬᠡᠦᠬᠡᠳ᠎ᠤᠳ ᠰᠤᠷᠭ᠋ᠠᠭᠤᠯᠢ ᠵᠢᠨ ᠬᠦᠷᠢᠶᠡᠨ᠎ᠠᠴᠠ ᠭᠠᠷᠭ᠋ᠠᠬᠤ ᠥᠬᠡᠶ᠎ᠪᠠᠷ ᠵᠦᠢ᠍ᠯ ᠪᠦᠷᠢ ᠵᠢᠨ ᠰᠣᠶᠣᠯ᠎ᠤᠨ ᠦᠵᠡᠰᠭᠦᠯᠡᠩ᠎ᠢ   ᠰᠤᠨᠢᠷᠬᠠᠵᠠᠭ᠋ᠠᠨ᠎ᠠ᠃

ᠢᠷᠡᠯᠲᠡ᠄ ᠣᠷᠳᠣᠰ ᠬᠣᠲᠠ ᠵᠢᠨ ᠰᠣᠶᠣᠯ ᠪᠠ ᠵᠢᠭᠤᠯᠴᠢᠯᠠᠯ᠎ᠤᠨ ᠲᠣᠪᠴᠢᠶ᠎ᠠ
          
ᠬᠠᠮᠢᠶ᠎ᠡ ᠪᠦᠬᠦᠢ ᠰᠣᠨᠢᠨ
ᠰᠢᠯᠢ ᠵᠢᠨ ᠭᠣᠤᠯ ᠠᠢ᠌ᠮᠠᠭ ᠳᠤᠮᠳᠠᠳᠤ ᠵᠢᠨ ᠰᠣᠶᠣᠯ᠎ᠤᠨ ᠲᠡᠮᠳᠡᠭ ᠪᠠ ᠳᠤᠮᠳᠠᠳᠤ ᠵᠢᠨ ᠦᠨᠳᠦᠰᠦᠲᠡᠨ᠎ᠤ ᠳᠦᠷᠢ ᠲᠥᠷᠬᠦ ᠵᠢ ᠴᠣᠭᠴᠠᠯᠠᠬᠤ ᠠᠵᠢᠯ᠎ᠢ ᠠᠬᠢᠭᠤᠯᠬᠤ ᠬᠤᠷᠠᠯ ᠬᠤᠷᠠᠯᠳᠤᠭᠤᠯᠪᠠ
ᠤᠯᠠᠭ᠋ᠠᠨᠬᠠᠳᠠ ᠬᠣᠲᠠ ᠵᠢᠨ ᠰᠣᠶᠣᠯ ᠵᠢᠭᠤᠯᠴᠢᠯᠠᠯ᠎ᠤᠨ ᠲᠣᠪᠴᠢᠶ᠎ᠠ ᠭᠤᠤᠯᠳᠠᠯᠭ᠎ᠠ᠎ᠲᠠᠢ ᠠᠵᠢᠯ᠎ᠢ ᠠᠬᠢᠭᠤᠯᠬᠤ ᠬᠤᠷᠠᠯ ᠬᠤᠷᠠᠯᠳᠤᠭᠤᠯᠪᠠ
ᠣᠷᠳᠣᠰ ᠬᠣᠲᠠ ᠵᠢᠨ 6 ᠦᠵᠡᠮᠵᠢ ᠵᠢᠨ ᠣᠷᠣᠨ 《ᠥᠪᠥᠷ ᠮᠣᠩᠭᠣᠯ᠎ᠤᠨ ᠰᠦᠯᠵᠢᠶᠡᠨ ᠳᠡᠭᠡᠷ᠎ᠡ ᠨᠡᠷ᠎ᠡ ᠭᠠᠷᠤᠭᠰᠠᠨ ᠺᠠᠷᠲ ᠪᠦᠷᠢᠳᠭᠡᠭᠦᠯᠬᠦ ᠭᠠᠵᠠᠷ᠎ᠤᠨ ᠬᠣᠯᠪᠣᠭ᠎ᠠ》᠎ᠳᠤ ᠰᠤᠩᠭᠤᠭᠳᠠᠪᠠ
ᠲᠦᠩᠯᠢᠶᠣᠤ ᠬᠣᠲᠠ ᠵᠢᠨ ᠤᠯᠠᠭ᠋ᠠᠨᠮᠥ᠋ᠴᠢᠷ᠄ ᠰᠣᠳᠣᠨ ᠲᠣᠭᠯᠠᠯᠲᠠ ᠦᠵᠡᠮᠵᠢ ᠵᠢᠨ ᠣᠷᠣᠨ᠎ᠳᠤ ᠣᠷᠣᠵᠤ᠂ ᠵᠢᠭᠤᠯᠴᠢᠯᠠᠭᠴᠢᠳ ᠰᠣᠶᠣᠯ ᠵᠢᠭᠤᠯᠴᠢᠯᠠᠯ ᠠᠭᠤᠰᠤᠯᠴᠠᠭᠰᠠᠨ 《ᠦᠪᠡᠳᠡᠭᠰᠢ ᠳᠠᠶ᠋ᠢᠯᠠᠯᠭ᠎ᠠ》 ᠵᠢ ᠰᠣᠨᠢᠷᠬᠠᠪᠠ
ᠵᠦᠵᠢᠶᠠᠩ ᠮᠥᠷᠡᠨ᠎ᠤ ᠭᠤᠷᠪᠠᠯᠵᠢᠨ ᠬᠣᠶ᠋ᠢᠭ᠎ᠤᠨ ᠭᠠᠵᠠᠷ ᠣᠷᠣᠨ᠎ᠤ ᠵᠢᠭᠤᠯᠴᠢᠯᠠᠯ᠎ᠤᠨ ᠬᠤᠷᠢᠶ᠎ᠠ ᠬᠢᠩᠭ᠋ᠠᠨ ᠠᠶ᠋ᠢᠮᠠᠭ᠎ᠲᠤ ᠢᠷᠡᠵᠦ ᠰᠢᠨᠵᠢᠯᠡᠨ ᠪᠠᠢ᠌ᠴᠠᠭ᠋ᠠᠵᠤ ᠱᠤᠭᠤᠮ ᠲᠦᠯᠦᠪᠯᠡᠪᠡ
 
            