7 ᠳ᠋ᠤᠭ᠋ᠠᠷ ᠰᠠᠷ᠎ᠠ ᠵᠢᠨ 9 ᠤ ᠡᠳᠦᠷ᠂ ᠲᠦᠩᠯᠢᠶᠣᠤ ᠬᠣᠲᠠ ᠵᠢᠨ ᠤᠯᠠᠭ᠋ᠠᠨᠮᠥ᠋ᠴᠢᠷ ᠠᠭᠤᠯᠭ᠎ᠠ ᠪᠠᠶᠠᠯᠢᠭ᠂ ᠬᠡᠯᠪᠡᠷᠢ ᠣᠯᠠᠨ ᠶᠠᠩᠵᠤ ᠵᠢᠨ ᠭᠣᠶ᠋ᠢᠳᠠ ᠰᠠᠶ᠋ᠢᠬᠠᠨ ᠤᠷᠠᠨ ᠰᠠᠶ᠋ᠢᠬᠠᠨ᠎ᠤ ᠲᠣᠭᠯᠠᠯᠲᠠ ᠵᠢ ᠢᠦᠶ ᠵᠸᠦ ᠵᠢᠨ ᠬᠣᠶ᠋ᠢᠲᠤ ᠬᠡᠰᠡᠭ᠎ᠤᠨ ᠬᠤᠪᠢ ᠵᠢᠨ ᠮᠠᠰᠢᠨ ᠲᠡᠷᠭᠡ᠎ᠪᠠᠷ ᠬᠡᠭᠡᠷ᠎ᠡ ᠪᠠᠭᠤᠳᠠᠯᠯᠠᠬᠤ ᠭᠠᠵᠠᠷ᠎ᠲᠤ ᠬᠦᠷᠭᠡᠪᠡ᠃ ᠪᠦᠬᠦ ᠤᠯᠤᠰ᠎ᠤᠨ ᠡᠯ᠎ᠡ ᠭᠠᠵᠠᠷ᠎ᠠᠴᠠ ᠢᠷᠡᠭᠰᠡᠨ ᠵᠢᠭᠤᠯᠴᠢᠯᠠᠭᠴᠢᠳ᠎ᠲᠤ ᠲᠦᠩᠯᠢᠶᠣᠤ ᠵᠢᠨ ᠭᠦᠨ ᠵᠤᠵᠠᠭ᠋ᠠᠨ ᠣᠷᠣᠨ ᠨᠤᠲᠤᠭ᠎ᠤᠨ ᠣᠨᠴᠠᠯᠢᠭ ᠪᠦᠬᠦᠢ ᠰᠣᠶᠣᠯ᠎ᠢ ᠳᠡᠯᠭᠡᠨ ᠦᠵᠡᠭᠦᠯᠵᠦ᠂ ᠵᠢᠭᠤᠯᠴᠢᠯᠠᠭᠴᠢᠳ᠎ᠲᠤ ᠭᠣᠶ᠋ᠢᠳᠠ ᠰᠠᠶ᠋ᠢᠬᠠᠨ ᠲᠠᠯ᠎ᠠ ᠨᠤᠲᠤᠭ᠎ᠤᠨ ᠰᠣᠶᠣᠯ᠎ᠤᠨ ᠦᠪᠡᠳᠡᠭᠰᠢ ᠨᠠᠶ᠋ᠢᠷ᠎ᠢ ᠬᠠᠩᠭ᠋ᠠᠪᠠ᠃
ᠭᠣᠶ᠋ᠢᠳᠠ ᠰᠠᠶ᠋ᠢᠬᠠᠨ ᠤᠷᠠᠨ ᠰᠠᠶ᠋ᠢᠬᠠᠨ᠎ᠤ ᠲᠣᠭᠯᠠᠯᠲᠠ᠎ᠨᠢ ᠦᠶ ᠣᠯᠠᠨ ᠵᠢᠭᠤᠯᠴᠢᠯᠠᠭᠴᠢᠳ᠎ᠤᠨ ᠰᠣᠨᠢᠷᠬᠠᠯ᠎ᠢ ᠲᠠᠲᠠᠵᠤ᠂ ᠲᠤᠬᠠᠶ ᠵᠢᠨ ᠲᠠᠯᠠᠪᠠᠶ ᠵᠢᠨ ᠵᠢᠭᠤᠯᠴᠢᠯᠠᠭᠴᠢᠳ᠎ᠤᠨ ᠬᠠᠯᠠᠭᠤᠨ ᠠᠯᠠᠭ᠎ᠠ ᠲᠡᠰᠢᠯᠲᠡ ᠵᠢ ᠣᠯᠵᠠᠶ᠃ ᠵᠢᠭᠤᠯᠴᠢᠯᠠᠭᠴᠢᠳ 《ᠦᠵᠡᠮᠵᠢ ᠵᠢᠨ ᠣᠷᠣᠨ᠎ᠳᠤ ᠵᠤᠭ᠋ᠠᠴᠠᠨ ᠲᠣᠭᠣᠷᠢᠵᠤ᠂ ᠦᠵᠡᠰᠬᠦᠯᠡᠩᠲᠦ ᠰᠠᠶ᠋ᠢᠬᠠᠨ ᠦᠵᠡᠮᠵᠢ ᠵᠢ ᠰᠣᠨᠢᠷᠬᠠᠬᠤ ᠵᠢᠨ ᠬᠠᠮᠲᠤ ᠤᠯᠠᠭ᠋ᠠᠨᠮᠥ᠋ᠴᠢᠷ᠎ᠤᠨ ᠰᠢᠯᠢᠳᠡᠭ ᠲᠣᠭᠯᠠᠭᠴᠢᠳ᠎ᠤᠨ ᠭᠣᠴᠣ ᠰᠠᠶ᠋ᠢᠬᠠᠨ ᠲᠣᠭᠯᠠᠯᠲᠠ ᠵᠢ ᠰᠣᠨᠢᠷᠬᠠᠵᠤ ᠪᠠᠶ᠋ᠢᠭ᠎ᠠ᠎ᠨᠢ ᠡᠨᠡ ᠤᠳᠠᠭ᠎ᠠ ᠵᠢᠨ ᠠᠶᠠᠯᠠᠯ᠎ᠢ ᠨᠡᠩ ᠤᠳᠬ᠎ᠠ ᠠᠭᠤᠯᠭ᠎ᠠ᠎ᠲᠠᠢ ᠪᠤᠯᠭ᠋ᠠᠪᠠ》᠂ 《ᠥᠪᠥᠷ ᠮᠣᠩᠭᠣᠯ᠎ᠤᠨ ᠬᠥᠮᠦᠰ ᠬᠠᠯᠠᠭᠤᠮᠰᠤᠭ ᠵᠣᠴᠢᠨᠰᠠᠭ ᠪᠠᠶ᠋ᠢᠬᠤ ᠵᠢ ᠠᠯᠢ ᠡᠷᠲᠡ ᠰᠣᠨᠣᠰᠴᠤ ᠥᠩᠭᠡᠷᠡᠭᠰᠡᠨ ᠶᠤᠮ᠂ ᠡᠨᠡ ᠤᠳᠠᠭ᠎ᠠ ᠦᠪᠡᠷ᠎ᠤᠨ ᠪᠡᠶ᠎ᠡ᠎ᠪᠠᠷ ᠵᠶ᠋ᠠᠨ ᠤᠢ᠌ᠯᠠᠭ᠋ᠠᠪᠠ᠂ ᠲᠠᠯ᠎ᠠ ᠨᠤᠲᠤᠭ᠎ᠤᠨ ᠵᠠᠩ ᠦᠢ᠍ᠯᠡ ᠵᠢ ᠣᠶ᠋ᠢᠯᠠᠭ᠋ᠠᠬᠤ ᠵᠢᠨ ᠬᠠᠮᠲᠤ ᠰᠣᠶᠣᠯ᠎ᠤᠨ ᠦᠪᠡᠳᠡᠭᠰᠢ ᠶᠡᠬᠡ ᠬᠠᠷᠠᠭ᠎ᠠ ᠰᠤᠨᠤᠷ᠎ᠤᠨ ᠳᠠᠶ᠋ᠢᠯᠠᠯᠭ᠎ᠠ ᠵᠢ ᠡᠳ᠋ᠯᠡᠭᠰᠡᠨ᠎ᠠᠴᠠ ᠪᠡᠶ᠎ᠡ ᠰᠡᠳᠬᠢᠯ ᠴᠥᠮ ᠲᠤᠶ᠋ᠢᠯ᠎ᠤᠨ ᠶᠡᠬᠡ᠎ᠪᠠᠷ ᠲᠠᠯᠪᠢᠭᠤᠷᠠᠪᠠ》 ᠭᠡᠵᠡᠭᠡᠪᠡ᠃