ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠰᠤᠷᠠᠭ ᠵᠠᠩᠬᠢ
ᠬᠡᠷᠡᠭᠯᠡᠭᠡ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠠᠶ᠋ᠢᠮᠠᠭ ᠬᠤᠲᠠ᠎ᠶᠢᠨ ᠰᠣᠨᠣᠰᠬᠠᠯ
ᠤᠯᠠᠭ᠋ᠠᠨᠬᠠᠳᠠ ᠬᠣᠲᠠ ᠵᠢᠨ ᠰᠣᠶᠣᠯ ᠵᠢᠭᠤᠯᠴᠢᠯᠠᠯ᠎ᠤᠨ ᠲᠣᠪᠴᠢᠶ᠎ᠠ ᠭᠤᠤᠯᠳᠠᠯᠭ᠎ᠠ᠎ᠲᠠᠢ ᠠᠵᠢᠯ᠎ᠢ ᠠᠬᠢᠭᠤᠯᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄ 2022-07-18

      7 ᠳ᠋ᠤᠭ᠋ᠠᠷ ᠰᠠᠷ᠎ᠠ ᠵᠢᠨ 9 ᠎ᠤ ᠡᠳᠦᠷ᠂ ᠤᠯᠠᠭ᠋ᠠᠨᠬᠠᠳᠠ ᠬᠣᠲᠠ ᠵᠢᠨ ᠭᠤᠤᠯᠳᠠᠯᠭ᠎ᠠ᠎ᠲᠠᠢ ᠰᠣᠶᠣᠯ ᠵᠢᠭᠤᠯᠴᠢᠯᠠᠯ᠎ᠤᠨ ᠠᠵᠢᠯ᠎ᠢ ᠠᠬᠢᠭᠤᠯᠬᠤ ᠬᠤᠷᠠᠯ ᠪᠢᠷᠠᠭᠤ ᠪᠠᠯᠭ᠋ᠠᠰᠤᠨ᠎ᠳᠤ ᠬᠤᠷᠠᠯᠳᠤᠪᠠ᠃ ᠬᠣᠲᠠ ᠵᠢᠨ ᠰᠣᠶᠣᠯ ᠵᠢᠭᠤᠯᠴᠢᠯᠠᠯ᠎ᠤᠨ ᠲᠤᠪᠴᠢᠶᠠᠨ ᠎ᠤ   ᠬᠤᠸᠠᠩ ᠾᠸ ᠲᠣᠪᠴᠢᠶᠠᠨ ᠳᠠᠷᠤᠭ᠎ᠠ ᠬᠤᠷᠠᠯ᠎ᠢ ᠡᠷᠬᠢᠯᠡᠵᠦ᠂ ᠬᠣᠲᠠ ᠵᠢᠨ ᠰᠣᠶᠣᠯ ᠵᠢᠭᠤᠯᠴᠢᠯᠠᠯ᠎ᠤᠨ ᠲᠤᠪᠴᠢᠶᠠᠨ ᠎ᠤ ᠳᠡᠳ᠋ ᠳᠠᠷᠤᠭ᠎ᠠ ᠸᠠᠩ ᠸᠸᠨ ᠯᠦᠩ᠂ ᠡᠯ᠎ᠡ ᠬᠣᠰᠢᠭᠤ ᠰᠢᠶᠠᠨ ᠲᠣᠭᠣᠷᠢᠭ᠎ᠤᠨ ᠰᠣᠶᠣᠯ ᠵᠢᠭᠤᠯᠴᠢᠯᠠᠯ᠎ᠤᠨ ᠲᠣᠪᠴᠢᠶ᠎ᠠ ᠵᠢᠨ ᠳᠠᠷᠤᠭ᠎ᠠ ᠬᠤᠷᠠᠯ᠎ᠳᠤ ᠣᠷᠣᠯᠴᠠᠪᠠ᠃
        ᠬᠤᠸᠠᠩ ᠾᠸ ᠲᠣᠪᠴᠢᠶᠠᠨ ᠳᠠᠷᠤᠭ᠎ᠠ᠂ 2022 ᠣᠨ ᠬᠠᠭ᠋ᠠᠰ ᠤᠷᠤᠯ᠎ᠠ᠂ ᠡᠭᠦᠷᠭᠡ ᠬᠠᠭ᠋ᠠᠰ ᠥᠩᠭᠡᠷᠡᠵᠦ᠂ ᠠᠵᠤ ᠠᠬᠤᠶ ᠪᠠᠭᠤᠷᠠᠬᠤ ᠪᠠ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠳᠠᠪᠬᠤᠷ ᠳᠠᠷᠤᠯᠲᠠ ᠰᠣᠶᠣᠯ ᠵᠢᠭᠤᠯᠴᠢᠯᠠᠯ᠎ᠤᠨ ᠠᠵᠢᠯ᠎ᠳᠤ ᠰᠢᠨ᠎ᠡ ᠱᠠᠭ᠋ᠠᠷᠳᠠᠯᠭ᠎ᠠ ᠳᠤᠷᠠᠳᠴᠠᠶ᠂ ᠰᠣᠶᠣᠯ ᠵᠢᠭᠤᠯᠴᠢᠯᠠᠯ᠎ᠤᠨ ᠪᠣᠷᠣᠯᠠᠭᠤᠯᠭ᠎ᠠ ᠵᠢ ᠠᠬᠢᠭᠤᠯᠬᠤ ᠡᠷᠴᠢᠮ᠎ᠢ ᠴᠢᠩᠭ᠋ᠠᠷᠠᠭᠤᠯᠬᠤ᠎ᠪᠠᠷ ᠳᠠᠮᠵᠢᠭᠤᠯᠤᠨ᠂ ᠠᠵᠤ ᠠᠬᠤᠶ ᠨᠡᠶ᠋ᠢᠭᠡᠮ᠎ᠤᠨ ᠡᠮᠬᠢ ᠵᠢᠷᠤᠮ᠎ᠲᠠᠢ ᠬᠥᠭᠵᠢᠯᠲᠡ᠎ᠳᠤ ᠬᠦᠴᠦᠨ ᠨᠡᠮᠡᠷᠢᠯᠡᠬᠦ ᠬᠡᠷᠡᠭᠲᠡᠶ᠃ ᠠᠵᠤ ᠠᠬᠤᠶ ᠵᠢᠨ ᠰᠡᠳᠬᠢᠬᠦᠶ᠎ᠪᠠᠷ ᠰᠣᠶᠣᠯ ᠵᠢᠭᠤᠯᠴᠢᠯᠠᠯ᠎ᠤᠨ ᠠᠵᠤ ᠦᠢ᠍ᠯᠡᠰ᠎ᠤᠨ ᠠᠭᠤᠰᠤᠯᠴᠠᠨ ᠬᠥᠭᠵᠢᠬᠦ ᠵᠢ ᠨᠢᠭᠡᠳᠦᠯᠲᠡᠶ ᠲᠥᠯᠥᠪᠵᠢᠭᠦᠯᠦᠨ ᠠᠬᠢᠭᠤᠯᠵᠤ᠂ ᠠᠵᠠ ᠲᠣᠬᠢᠶᠠᠯ᠎ᠢ ᠡᠵᠡᠮᠳᠡᠨ᠂ ᠲᠥᠷᠥᠯ ᠵᠦᠢ᠍ᠯ᠎ᠤᠨ ᠪᠥᠲᠥᠭᠡᠨ ᠪᠠᠶ᠋ᠢᠭᠤᠯᠤᠯᠲᠠ ᠵᠢ ᠴᠢᠩᠭ᠎ᠠ ᠠᠩᠬᠠᠷᠴᠤ᠂ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠬᠤᠭᠤᠴᠠᠭ᠋ᠠᠨ᠎ᠳᠤ《ᠠᠷᠪᠠᠨ ᠳᠥᠷᠪᠡᠳᠦᠭᠡᠷ ᠲᠠᠪᠤᠨ ᠵᠢᠯ》᠎ᠤᠨ ᠲᠥᠯᠥᠪᠵᠢᠭᠦᠯᠭᠡ ᠵᠢᠨ ᠪᠠᠶ᠋ᠢᠷᠢᠰᠢᠭᠤᠯᠤᠯᠲᠠ ᠶᠣᠰᠣᠭ᠋ᠠᠷ ᠪᠠᠶ᠋ᠢᠳᠠᠯ᠎ᠢ ᠦᠨᠳᠦᠰᠦᠯᠡᠨ ᠰᠦᠪᠡᠭᠴᠢᠯᠡᠵᠦ᠂ ᠪᠠᠶ᠋ᠢᠳᠠᠯ᠎ᠢ ᠦᠨᠳᠦᠰᠦᠯᠡᠨ ᠬᠥᠳᠡᠯᠵᠦ᠂ ᠪᠠᠶ᠋ᠢᠳᠠᠯ᠎ᠢ᠎ᠲᠠᠭᠠᠨ ᠠᠵᠢᠯᠯᠠᠵᠤ᠂ ᠲᠥᠷᠥᠯ ᠵᠦᠢ᠍ᠯ᠎ᠤᠨ ᠪᠥᠲᠥᠭᠡᠨ ᠪᠠᠶ᠋ᠢᠭᠤᠯᠤᠯᠲᠠ ᠵᠢ ᠴᠢᠨᠠᠭᠰᠢᠳᠠ ᠠᠬᠢᠭᠤᠯᠤᠨ᠂ ᠲᠠᠷᠠᠭ᠋ᠠᠴᠢ ᠵᠢᠨ ᠠᠯᠬᠤᠮ᠎ᠤᠨ ᠰᠣᠶᠣᠯ ᠵᠢᠭᠤᠯᠴᠢᠯᠠᠯ᠎ᠤᠨ ᠬᠥᠭᠵᠢᠯᠲᠡ᠎ᠳᠤ ᠰᠠᠶ᠋ᠢᠲᠤᠷ ᠰᠠᠭᠤᠷᠢ ᠲᠠᠯᠪᠢᠬᠤ ᠬᠡᠷᠡᠭᠲᠡᠶ ᠭᠡᠵᠦ ᠵᠢᠭ᠋ᠠᠵᠤ ᠭᠠᠷᠭ᠋ᠠᠪᠠ᠃
      ᠬᠤᠸᠠᠩ ᠾᠸ ᠲᠣᠪᠴᠢᠶᠠᠨ ᠳᠠᠷᠤᠭ᠎ᠠ ᠣᠶ᠋ᠢᠷ᠎ᠠ ᠵᠢᠨ ᠬᠤᠭᠤᠴᠠᠭ᠋ᠠᠨ᠎ᠤ ᠭᠤᠤᠯᠳᠠᠯᠭ᠎ᠠ᠎ᠲᠠᠢ ᠠᠵᠢᠯ᠎ᠤᠨ ᠡᠭᠦᠷᠭᠡ᠎ᠳᠤ ᠪᠠᠶ᠋ᠢᠷᠢᠯᠠᠭᠤᠯᠤᠯᠲᠠ ᠬᠢᠵᠡᠶ᠃ ᠨᠢᠭᠡ᠎ᠳᠤ᠂ ᠰᠣᠶᠣᠯ ᠵᠢᠭᠤᠯᠴᠢᠯᠠᠯ᠎ᠤᠨ ᠪᠦᠯᠦᠭᠯᠡᠯ᠎ᠤᠨ ᠡᠳ᠋ ᠬᠥᠷᠥᠩᠭᠡ ᠵᠢ ᠤᠷᠤᠭᠤᠯᠬᠤ ᠠᠵᠢᠯ᠎ᠢ ᠲᠦᠷᠭᠡᠨ ᠪᠡᠶᠡᠯᠡᠭᠦᠯᠬᠦ ᠬᠡᠷᠡᠭᠲᠡᠶ᠃ ᠬᠣᠶᠠᠷ᠎ᠲᠤ᠂ 2023 ᠣᠨ᠎ᠤ ᠲᠥᠷᠥᠯ ᠵᠦᠢ᠍ᠯ᠎ᠤᠨ ᠬᠥᠮᠥᠷᠭᠡ ᠵᠢᠨ ᠲᠥᠯᠥᠪᠵᠢᠭᠦᠯᠭᠡ ᠵᠢ ᠰᠠᠶ᠋ᠢᠲᠤᠷ ᠬᠢᠵᠦ᠂ ᠤᠯᠤᠰ᠂ ᠥᠪᠡᠷᠲᠡᠭᠡᠨ ᠵᠠᠰᠠᠬᠤ ᠣᠷᠣᠨ᠎ᠤ ᠲᠥᠷᠥᠯ ᠵᠦᠢ᠍ᠯ᠎ᠤᠨ ᠪᠠᠯᠠ ᠮᠥᠩᠭᠥ ᠵᠢᠨ ᠳᠡᠮᠵᠢᠯᠭᠡ ᠵᠢ ᠢᠳᠡᠪᠬᠢᠲᠡᠶ ᠡᠷᠡᠮᠵᠢᠯᠡᠨ᠎ᠡ᠃ ᠭᠤᠷᠪᠠ᠎ᠳᠤ᠂ ᠰᠣᠶᠣᠯ ᠵᠢᠭᠤᠯᠴᠢᠯᠠᠯ᠎ᠤᠨ ᠰᠢᠰᠲ᠋ᠧᠮ᠎ᠢ ᠠᠶ᠋ᠢᠮᠠᠭ ᠎ᠢ ᠬᠤᠲᠠ ᠪᠤᠯᠭ᠋ᠠᠨ ᠬᠤᠪᠢᠷᠠᠭᠤᠯᠬᠤ  40 ᠵᠢᠯ᠎ᠤᠨ ᠠᠵᠢᠯ᠎ᠤᠨ ᠲᠥᠰᠦᠯ᠎ᠢ ᠡᠷᠲᠡᠬᠡᠨ ᠲᠦᠯᠦᠪᠯᠡᠨ᠎ᠡ᠃ ᠳᠥᠷᠪᠡ᠎ᠳᠤ᠂ ᠲᠣᠬᠢᠷᠠᠮᠵᠢᠲᠠᠶ ᠭᠠᠵᠠᠷ ᠰᠣᠩᠭᠣᠨ ᠲᠠᠷᠢᠶᠠᠯᠠᠬᠤ ᠮᠠᠯᠵᠢᠬᠤ ᠣᠷᠣᠨ᠎ᠤ ᠰᠣᠶᠣᠯ᠎ᠤᠨ ᠶᠣᠰᠣᠯᠠᠯ᠎ᠤᠨ ᠲᠠᠩᠬᠢᠮ᠎ᠤᠨ ᠲᠤᠷᠰᠢᠯᠲᠠ ᠵᠢᠨ ᠠᠵᠢᠯ ᠥᠷᠨᠢᠭᠦᠯᠬᠦ ᠵᠢ ᠰᠦᠪᠡᠭᠴᠢᠯᠡᠬᠦ ᠬᠡᠷᠡᠭᠲᠡᠶ᠃ ᠲᠠᠪᠤ᠎ᠳᠤ᠂ ᠰᠣᠶᠣᠯ ᠵᠢᠭᠤᠯᠴᠢᠯᠠᠯ᠎ᠤᠨ ᠰᠢᠰᠲ᠋ᠧᠮ᠎ᠤᠨ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠠᠵᠢᠯ᠎ᠢ ᠪᠠᠶ᠋ᠢᠩᠭᠤᠵᠢᠭᠤᠯᠤᠨ ᠰᠠᠶ᠋ᠢᠲᠤᠷ ᠬᠢᠬᠦ ᠵᠢ ᠪᠠᠷᠢᠮᠲᠠᠯᠠᠨ᠎ᠠ᠃
      ᠬᠤᠷᠠᠯ᠎ᠠᠴᠠ ᠪᠠᠰᠠ ᠲᠠᠷᠠᠭ᠋ᠠᠴᠢ ᠵᠢᠨ ᠠᠯᠬᠤᠮ᠎ᠳᠤ ᠪᠥᠬᠥ ᠣᠷᠣᠨ ᠪᠦᠰᠡ ᠵᠢᠨ ᠵᠢᠭᠤᠯᠴᠢᠯᠠᠯ᠎ᠤᠨ ᠴᠢᠨᠠᠷ ᠰᠠᠶ᠋ᠢᠲᠠᠶ ᠬᠥᠭᠵᠢᠯᠲᠡ ᠵᠢᠨ ᠶᠡᠬᠡ ᠬᠤᠷᠠᠯ ᠬᠤᠷᠠᠯᠳᠤᠭᠤᠯᠬᠤ᠂ ᠥᠪᠥᠷ ᠮᠣᠩᠭᠣᠯ᠂ ᠾᠧᠪᠧᠶ᠂ ᠯᠢᠶᠣᠤᠨᠢᠩ ᠳᠥᠷᠪᠡᠨ ᠬᠣᠲᠠ ᠨᠢᠭᠡ ᠠᠶ᠋ᠢᠮᠠᠭ᠎ᠤᠨ ᠰᠣᠶᠣᠯ ᠵᠢᠭᠤᠯᠴᠢᠯᠠᠯ᠎ᠤᠨ ᠬᠥᠭᠵᠢᠯᠲᠡ ᠵᠢᠨ ᠬᠣᠯᠪᠣᠭ᠎ᠠ ᠪᠠᠶ᠋ᠢᠭᠤᠯᠬᠤ ᠵᠡᠷᠭᠡ ᠠᠵᠢᠯ᠎ᠳᠤ ᠲᠣᠬᠢᠷᠠᠭᠤᠯᠤᠯᠲᠠ ᠪᠠᠶ᠋ᠢᠷᠢᠯᠠᠭᠤᠯᠤᠯᠲᠠ ᠬᠢᠪᠠ᠃
      ᠬᠤᠷᠠᠯ᠎ᠤᠨ ᠳᠠᠷᠠᠭ᠎ᠠ᠂ ᠬᠤᠷᠠᠯ᠎ᠳᠤ ᠤᠷᠤᠯᠴᠠᠭᠴᠢᠳ《ᠮᠥᠷᠡᠨ᠎ᠤ ᠰᠥᠨᠢ ᠵᠢᠨ ᠰᠢᠪᠡᠨᠡᠭᠡ  ᠂ ᠬᠡᠰᠢᠭᠲᠡᠨ ᠨᠤᠲᠤᠭ ᠎ᠤᠨ ᠪᠤᠯᠵᠤᠭ᠎ᠠ》 ᠠᠩᠬᠠᠳᠤᠭ᠋ᠠᠷ ᠬᠤᠭᠤᠴᠠᠭ᠋ᠠᠨ᠎ᠤ ᠬᠡᠰᠢᠭᠲᠡᠨ᠎ᠤ ᠰᠣᠶᠣᠯ ᠵᠢᠭᠤᠯᠴᠢᠯᠠᠯ᠎ᠤᠨ ᠰᠡᠯᠡᠭᠦᠴᠡᠯ᠎ᠤᠨ ᠰᠥᠨᠢ ᠵᠢᠨ ᠠᠵᠤ ᠠᠬᠤᠶ ᠵᠢᠨ ᠠᠵᠢᠯᠯᠠᠭ᠎ᠠ ᠵᠢ ᠪᠡᠶᠡᠴᠢᠯᠡᠨ ᠣᠶ᠋ᠢᠯᠠᠭ᠋ᠠᠵᠠᠶ᠃

ᠢᠷᠡᠯᠲᠡ᠄ ᠤᠯᠠᠭ᠋ᠠᠨᠬᠠᠳᠠ ᠬᠣᠲᠠ ᠵᠢᠨ ᠰᠣᠶᠣᠯ ᠪᠠ ᠵᠢᠭᠤᠯᠴᠢᠯᠠᠯ᠎ᠤᠨ ᠲᠣᠪᠴᠢᠶ᠎ᠠ
          
ᠬᠠᠮᠢᠶ᠎ᠡ ᠪᠦᠬᠦᠢ ᠰᠣᠨᠢᠨ
ᠣᠷᠳᠣᠰ ᠬᠣᠲᠠ ᠵᠢᠨ 6 ᠦᠵᠡᠮᠵᠢ ᠵᠢᠨ ᠣᠷᠣᠨ 《ᠥᠪᠥᠷ ᠮᠣᠩᠭᠣᠯ᠎ᠤᠨ ᠰᠦᠯᠵᠢᠶᠡᠨ ᠳᠡᠭᠡᠷ᠎ᠡ ᠨᠡᠷ᠎ᠡ ᠭᠠᠷᠤᠭᠰᠠᠨ ᠺᠠᠷᠲ ᠪᠦᠷᠢᠳᠭᠡᠭᠦᠯᠬᠦ ᠭᠠᠵᠠᠷ᠎ᠤᠨ ᠬᠣᠯᠪᠣᠭ᠎ᠠ》᠎ᠳᠤ ᠰᠤᠩᠭᠤᠭᠳᠠᠪᠠ
ᠲᠦᠩᠯᠢᠶᠣᠤ ᠬᠣᠲᠠ ᠵᠢᠨ ᠤᠯᠠᠭ᠋ᠠᠨᠮᠥ᠋ᠴᠢᠷ᠄ ᠰᠣᠳᠣᠨ ᠲᠣᠭᠯᠠᠯᠲᠠ ᠦᠵᠡᠮᠵᠢ ᠵᠢᠨ ᠣᠷᠣᠨ᠎ᠳᠤ ᠣᠷᠣᠵᠤ᠂ ᠵᠢᠭᠤᠯᠴᠢᠯᠠᠭᠴᠢᠳ ᠰᠣᠶᠣᠯ ᠵᠢᠭᠤᠯᠴᠢᠯᠠᠯ ᠠᠭᠤᠰᠤᠯᠴᠠᠭᠰᠠᠨ 《ᠦᠪᠡᠳᠡᠭᠰᠢ ᠳᠠᠶ᠋ᠢᠯᠠᠯᠭ᠎ᠠ》 ᠵᠢ ᠰᠣᠨᠢᠷᠬᠠᠪᠠ
ᠵᠦᠵᠢᠶᠠᠩ ᠮᠥᠷᠡᠨ᠎ᠤ ᠭᠤᠷᠪᠠᠯᠵᠢᠨ ᠬᠣᠶ᠋ᠢᠭ᠎ᠤᠨ ᠭᠠᠵᠠᠷ ᠣᠷᠣᠨ᠎ᠤ ᠵᠢᠭᠤᠯᠴᠢᠯᠠᠯ᠎ᠤᠨ ᠬᠤᠷᠢᠶ᠎ᠠ ᠬᠢᠩᠭ᠋ᠠᠨ ᠠᠶ᠋ᠢᠮᠠᠭ᠎ᠲᠤ ᠢᠷᠡᠵᠦ ᠰᠢᠨᠵᠢᠯᠡᠨ ᠪᠠᠢ᠌ᠴᠠᠭ᠋ᠠᠵᠤ ᠱᠤᠭᠤᠮ ᠲᠦᠯᠦᠪᠯᠡᠪᠡ
《ᠬᠥᠬᠡᠬᠣᠲᠠ ᠤᠯᠠᠭ᠋ᠠᠨᠬᠣᠲᠠ ᠭᠠᠷ ᠭᠠᠷ ᠵᠶ᠋ᠠᠨ ᠬᠣᠯᠪᠣᠯᠴᠠᠬᠤ》ᠰᠤᠷᠪᠤᠯᠵᠢ ᠪᠢᠴᠢᠭ᠎ᠤᠨ ᠡᠬᠢ ᠪᠠᠶᠠᠯᠢᠭ᠎ᠢ ᠬᠠᠮᠲᠤ᠎ᠪᠠᠷ ᠡᠳ᠋ᠯᠡᠬᠦ ᠪᠠᠢ᠌ᠯᠳᠤᠬᠤ ᠪᠣᠳᠣᠯᠭ᠎ᠠ ᠵᠢᠨ ᠬᠠᠮᠲᠤᠷᠠᠯᠴᠠᠭ᠋ᠠᠨ᠎ᠤ ᠭᠡᠷ᠎ᠡ ᠲᠣᠭᠲᠠᠬᠤ ᠶᠣᠰᠣᠯᠠᠯ ᠬᠥᠬᠡᠬᠣᠲᠠ ᠵᠢᠨ ᠨᠣᠮ᠎ᠤᠨ ᠰᠠᠩ᠎ᠳᠤ ᠶᠠᠪᠤᠭᠳᠠᠪᠠ
2022 ᠣᠨ᠎ᠤ ᠠᠩᠬᠠᠳᠤᠭ᠋ᠠᠷ ᠬᠤᠭᠤᠴᠠᠭ᠋ᠠᠨ᠎ᠤ ᠳᠤᠮᠳᠠᠳᠤ ᠤᠯᠤᠰ᠎ᠤᠨ ᠬᠢᠩᠭ᠋ᠠᠨ ᠠᠢ᠌ᠮᠠᠭ᠎ᠤᠨ ᠪᠠᠲᠤᠴᠠᠭ᠋ᠠᠨ ᠎ᠤ ᠳᠠᠭᠤᠤ ᠬᠥᠭᠵᠢᠮ᠎ᠤᠨ ᠨᠠᠢ᠌ᠷ ᠡᠬᠢᠯᠡᠪᠡ
 
            