7 ᠳ᠋ᠤᠭ᠋ᠠᠷ ᠰᠠᠷ᠎ᠠ ᠵᠢᠨ 8 ᠤ ᠡᠳᠦᠷ᠂ ᠵᠦᠵᠢᠶᠠᠩ ᠮᠥᠷᠡᠨ᠎ᠤ ᠭᠤᠷᠪᠠᠯᠵᠢᠨ ᠬᠣᠶ᠋ᠢᠭ᠎ᠤᠨ ᠭᠠᠵᠠᠷ ᠣᠷᠣᠨ᠎ᠤ ᠨᠢᠭᠡᠳᠦᠭᠡᠷ ᠪᠦᠯᠦᠭ᠎ᠤᠨ 10 ᠵᠢᠭᠤᠯᠴᠢᠯᠠᠯ᠎ᠤᠨ ᠬᠤᠷᠢᠶ᠎ᠠ ᠬᠢᠩᠭ᠋ᠠᠨ ᠠᠶ᠋ᠢᠮᠠᠭ᠎ᠲᠤ ᠢᠷᠡᠵᠦ ᠰᠢᠨᠵᠢᠯᠡᠨ ᠪᠠᠢ᠌ᠴᠠᠭ᠋ᠠᠵᠤ ᠱᠤᠭᠤᠮ ᠲᠦᠯᠦᠪᠯᠡᠬᠦ ᠵᠢᠨ ᠳᠠᠭ᠋ᠠᠤ ᠵᠢᠭᠤᠯᠴᠢᠯᠠᠯ᠎ᠤᠨ ᠲᠠᠨᠢᠯᠴᠠᠭᠤᠯᠭ᠎ᠠ ᠵᠢᠨ ᠰᠣᠯᠢᠯᠴᠠᠭ᠋ᠠᠨ᠎ᠤ ᠬᠤᠷᠠᠯ᠎ᠳᠤ ᠣᠷᠣᠯᠴᠠᠪᠠ᠃ ᠲᠤᠬᠠᠶ ᠵᠢᠨ ᠭᠠᠵᠠᠷ᠎ᠲᠤᠨᠢ ᠰᠢᠨᠵᠢᠯᠡᠨ ᠪᠠᠢ᠌ᠴᠠᠭ᠋ᠠᠵᠤ ᠱᠤᠭᠤᠮ ᠲᠦᠯᠦᠪᠯᠡᠬᠦ᠂ ᠵᠢᠭᠤᠯᠴᠢᠯᠠᠯ᠎ᠤᠨ ᠲᠠᠨᠢᠯᠴᠠᠭᠤᠯᠭ᠎ᠠ ᠵᠢ ᠰᠣᠨᠣᠰᠬᠤ᠂ ᠶᠠᠷᠢᠯᠴᠠᠵᠤ ᠰᠣᠯᠢᠯᠴᠠᠬᠤ ᠵᠡᠷᠭᠡ ᠬᠡᠯᠪᠡᠷᠢ᠎ᠪᠠᠷ ᠳᠠᠮᠵᠢᠭᠤᠯᠤᠨ ᠬᠢᠩᠭ᠋ᠠᠨ ᠠᠶ᠋ᠢᠮᠠᠭ᠎ᠤᠨ ᠳᠥᠷᠪᠡᠨ ᠤᠯᠠᠷᠢᠯ᠎ᠤᠨ ᠵᠢᠭᠤᠯᠴᠢᠯᠠᠯ᠎ᠤᠨ ᠡᠬᠢ ᠪᠠᠶᠠᠯᠢᠭ᠂ ᠵᠢᠭᠤᠯᠴᠢᠯᠠᠯ᠎ᠤᠨ ᠵᠠᠮ ᠱᠤᠭᠤᠮ᠎ᠤᠨ ᠦᠢ᠍ᠯᠡᠳᠬᠦᠨ᠂ ᠵᠢᠭᠤᠯᠴᠢᠯᠠᠯ᠎ᠢ ᠲᠡᠳᠬᠦᠨ ᠱᠠᠩᠨᠠᠬᠤ ᠲᠥᠷᠥ ᠵᠢᠨ ᠪᠣᠳᠣᠯᠭ᠎ᠠ ᠵᠡᠷᠭᠡ ᠪᠠᠶ᠋ᠢᠳᠠᠯ᠎ᠢ ᠨᠠᠷᠢᠨ ᠣᠶ᠋ᠢᠯᠠᠭ᠋ᠠᠪᠠ᠃ ᠰᠣᠷᠪᠤᠯᠵᠢᠯᠠᠬᠤ᠎ᠪᠠᠷ ᠢᠷᠡᠭᠰᠡᠨ ᠵᠢᠭᠤᠯᠴᠢᠯᠠᠯ᠎ᠤᠨ ᠬᠣᠷᠢᠶ᠎ᠠ ᠲᠥᠷᠥᠭᠳᠡᠯ ᠵᠶ᠋ᠡᠨ ᠬᠡᠯᠡᠵᠦ᠂ ᠵᠢᠭᠤᠯᠴᠢᠯᠠᠯ᠎ᠤᠨ ᠲᠤᠬᠠᠶ ᠶᠠᠷᠢᠵᠤ᠂ ᠪᠣᠳᠣᠯ ᠰᠠᠨᠠᠯ ᠵᠶ᠋ᠠᠨ ᠢᠯᠡᠳᠭᠡᠵᠦ᠂ ᠰᠠᠨᠠᠭᠤᠯᠭ᠎ᠠ ᠳᠤᠷᠠᠳᠴᠤ᠂ ᠬᠢᠩᠭ᠋ᠠᠨ ᠠᠶ᠋ᠢᠮᠠᠭ᠎ᠤᠨ ᠵᠢᠭᠤᠯᠴᠢᠯᠠᠯ᠎ᠤᠨ ᠰᠠᠯᠠᠭ᠎ᠠ ᠮᠥᠴᠢᠷ᠂ ᠨᠡᠶ᠋ᠢᠭᠡᠮᠯᠢᠭ᠂ ᠠᠵᠤ ᠠᠬᠤᠶ᠋ᠢᠯᠠᠯ᠎ᠲᠠᠢ 《ᠢᠳᠡᠵᠦ ᠤᠤᠭᠤᠬᠤ᠂ ᠬᠤᠨᠤᠵᠤ ᠬᠡᠪᠲᠡᠬᠦ᠂ ᠶᠠᠪᠤᠵᠤ ᠰᠠᠭᠤᠬᠤ᠂ ᠵᠤᠭ᠋ᠠᠴᠠᠨ ᠰᠡᠯᠡᠭᠦᠴᠡᠬᠦ ᠬᠤᠳᠠᠯᠳᠤᠨ ᠠᠪᠬᠤ᠂ ᠵᠤᠭ᠎ᠠ ᠴᠡᠩᠭᠡᠯ》 ᠵᠡᠷᠭᠡ ᠵᠢᠭᠤᠯᠴᠢᠯᠠᠯ᠎ᠤᠨ ᠴᠢᠬᠤᠯᠠ ᠡᠯᠧᠮᠧᠨ᠋ᠲ᠎ᠢ ᠵᠦᠵᠢᠶᠠᠩ ᠮᠥᠷᠡᠨ᠎ᠤ ᠭᠤᠷᠪᠠᠯᠵᠢᠨ ᠬᠣᠶ᠋ᠢᠭ᠎ᠤᠨ ᠭᠠᠵᠠᠷ ᠣᠷᠣᠨ᠎ᠤ ᠵᠢᠭᠤᠯᠴᠢᠯᠠᠭᠴᠢᠳ᠎ᠤᠨ ᠬᠡᠷᠡᠭᠴᠡᠭᠡ ᠱᠠᠭ᠋ᠠᠷᠳᠠᠯᠭ᠎ᠠ᠎ᠲᠠᠢ ᠤᠶᠠᠯᠳᠤᠭᠤᠯᠤᠨ ᠲᠠᠷᠠᠭ᠋ᠠᠴᠢ ᠵᠢᠨ ᠠᠯᠬᠤᠮ᠎ᠤᠨ ᠠᠶᠠᠨᠴᠢᠳ᠎ᠤᠨ ᠢᠷᠡᠯᠲᠡ ᠵᠢᠨ ᠭᠠᠵᠠᠷ᠎ᠤᠨ ᠵᠢᠭᠤᠯᠴᠢᠯᠠᠭᠴᠢᠳ᠎ᠢ ᠲᠠᠲᠠᠬᠤ᠂ ᠵᠠᠮ ᠬᠠᠷᠢᠯᠴᠠᠭ᠋ᠠᠨ᠎ᠤ ᠱᠤᠭᠤᠮ᠂ ᠵᠢᠭᠤᠯᠴᠢᠯᠠᠯ᠎ᠤᠨ ᠵᠠᠮ ᠱᠤᠭᠤᠮ᠎ᠤᠨ ᠦᠢ᠍ᠯᠡᠳᠬᠦᠨ ᠵᠡᠷᠭᠡ ᠤᠴᠢᠷ ᠶᠠᠪᠤᠳᠠᠯ᠎ᠢ ᠪᠣᠳᠠᠲᠠᠶ ᠵᠣᠯᠭ᠋ᠠᠭᠤᠯᠵᠤ᠂ ᠬᠣᠶᠠᠷ ᠲᠠᠯ᠎ᠠ᠎ᠪᠠᠷ ᠵᠶ᠋ᠠᠨ 《ᠵᠢᠭᠤᠯᠴᠢᠯᠠᠯ᠎ᠤᠨ ᠬᠠᠮᠲᠤᠷᠠᠯᠴᠠᠭ᠋ᠠᠨ᠎ᠤ ᠰᠠᠨᠠᠭᠤᠯᠤᠮᠵᠢ》᠎ᠳᠤ ᠭᠠᠷᠤᠨ ᠥᠰᠥᠭ ᠵᠢᠷᠤᠪᠠ᠃
ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠵᠢ ᠪᠠᠶ᠋ᠢᠩᠭᠤᠵᠢᠭᠤᠯᠤᠭᠰᠠᠨ ᠪᠠᠶ᠋ᠢᠳᠠᠯ ᠳᠣᠣᠷ᠎ᠠ᠂ ᠬᠢᠩᠭ᠋ᠠᠨ ᠠᠶ᠋ᠢᠮᠠᠭ ᠣᠯᠠᠨ ᠵᠦᠢ᠍ᠯ᠎ᠤᠨ ᠠᠷᠭ᠎ᠠ ᠬᠡᠮᠵᠢᠶ᠎ᠡ ᠵᠢ ᠵᠡᠷᠭᠡ᠎ᠪᠠᠷ ᠬᠡᠷᠡᠭᠯᠡᠨ ᠵᠢᠭᠤᠯᠴᠢᠯᠠᠯ᠎ᠤᠨ ᠦᠢ᠍ᠯᠡᠰ᠎ᠤᠨ ᠰᠡᠷᠭᠦᠯᠲᠡ ᠵᠢ ᠠᠬᠢᠭᠤᠯᠵᠤ᠂ 《ᠭᠠᠷᠴᠤ ᠶᠠᠪᠤᠬᠤ᠂ ᠤᠷᠢᠵᠤ ᠠᠪᠴᠢᠷᠠᠬᠤ》 ᠠᠵᠢᠯ᠎ᠤᠨ ᠠᠷᠭ᠎ᠠ ᠬᠡᠮᠵᠢᠶ᠎ᠡ ᠵᠢ ᠶᠡᠬᠡ᠎ᠪᠠᠷ ᠬᠡᠷᠡᠭᠵᠢᠭᠦᠯᠦᠨ᠂ ᠵᠢᠭᠤᠯᠴᠢᠯᠠᠯ᠎ᠤᠨ ᠡᠬᠢ ᠪᠠᠶᠠᠯᠢᠭ᠎ᠢ ᠰᠦᠯᠵᠢᠶᠡᠨ ᠳᠡᠭᠡᠷ᠎ᠡ ᠪᠠ ᠰᠦᠯᠵᠢᠶᠡᠨ᠎ᠤ ᠭᠠᠳᠠᠨ᠎ᠠ ᠵᠡᠷᠭᠡ᠎ᠪᠠᠷ ᠲᠠᠨᠢᠯᠴᠠᠭᠤᠯᠤᠨ ᠡᠵᠡᠩᠨᠡᠵᠦ ᠪᠣᠷᠣᠯᠠᠭᠤᠯᠬᠤ ᠠᠷᠭ᠎ᠠ ᠬᠡᠮᠵᠢᠶ᠎ᠡ ᠠᠪᠴᠤ᠂ ᠬᠢᠩᠭ᠋ᠠᠨ ᠠᠶ᠋ᠢᠮᠠᠭ᠎ᠤᠨ ᠵᠢᠭᠤᠯᠴᠢᠯᠠᠯ᠎ᠤᠨ ᠠᠯᠳᠠᠷᠰᠢᠯ ᠪᠠ ᠨᠥᠯᠥᠭᠡᠯᠡᠬᠦ ᠬᠦᠴᠦᠨ᠎ᠢ ᠦᠷᠭᠦᠯᠵᠢᠯᠡᠨ ᠥᠷᠭᠡᠳᠬᠡᠪᠡ᠃ 《ᠪᠦᠬᠦ ᠤᠯᠤᠰ᠎ᠤᠨ ᠵᠠᠭᠤᠨ ᠬᠦᠴᠦᠷᠬᠡᠭ᠎ᠤᠨ ᠵᠢᠭᠤᠯᠴᠢᠯᠠᠯ᠎ᠤᠨ ᠬᠤᠳᠠᠯᠳᠤᠭ᠋ᠠᠴᠢᠨ》᠎ᠢ ᠬᠢᠩᠭ᠋ᠠᠨ ᠠᠶ᠋ᠢᠮᠠᠭ᠎ᠲᠤ ᠤᠷᠤᠭᠤᠯᠬᠤ ᠰᠢᠷᠢᠰ ᠠᠵᠢᠯᠯᠠᠭ᠎ᠠ ᠵᠢ ᠥᠷᠨᠢᠭᠦᠯᠵᠦ᠂ ᠬᠣᠶᠠᠷ ᠪᠦᠯᠦᠭ ᠤᠳᠠᠭ᠎ᠠ ᠬᠤᠪᠢᠶᠠᠨ ᠵᠦᠵᠢᠶᠠᠩ ᠮᠥᠷᠡᠨ᠎ᠤ ᠭᠤᠷᠪᠠᠯᠵᠢᠨ ᠬᠣᠶ᠋ᠢᠭ᠎ᠤᠨ ᠭᠠᠵᠠᠷ ᠣᠷᠣᠨ᠎ᠤ 30 ᠵᠠᠭᠤᠨ ᠬᠦᠴᠦᠷᠬᠡᠭ᠎ᠤᠨ ᠵᠢᠭᠤᠯᠴᠢᠯᠠᠯ᠎ᠤᠨ ᠬᠤᠳᠠᠯᠳᠤᠭ᠋ᠠᠴᠢᠨ᠎ᠢ ᠬᠢᠩᠭ᠋ᠠᠨ ᠠᠶ᠋ᠢᠮᠠᠭ᠎ᠲᠤ ᠤᠷᠢᠵᠤ ᠲᠤᠬᠠᠢ ᠵᠢᠨ ᠭᠠᠵᠠᠷ᠎ᠲᠤᠨᠢ ᠰᠢᠨᠵᠢᠯᠡᠨ ᠪᠠᠶ᠋ᠢᠴᠠᠭ᠋ᠠᠯᠲᠠ ᠬᠢᠯᠭᠡᠵᠦ᠂ ᠵᠢᠭᠤᠯᠴᠢᠯᠠᠯ᠎ᠤᠨ ᠡᠬᠢ ᠪᠠᠶᠠᠯᠢᠭ᠎ᠤᠨ ᠪᠦᠲᠦᠭᠡᠭᠳᠡᠬᠦᠨ᠎ᠢ ᠲᠠᠨᠢᠯᠴᠠᠭᠤᠯᠤᠨ᠂ ᠬᠠᠮᠲᠤᠷᠠᠯᠴᠠᠭ᠎ᠠ ᠰᠣᠯᠢᠯᠴᠠᠭ᠎ᠠ᠎ᠪᠠᠨ ᠴᠢᠩᠭ᠋ᠠᠳᠬᠠᠵᠤ᠂ ᠬᠠᠷᠢᠯᠴᠠᠨ ᠠᠰᠢᠭᠲᠠᠢ ᠬᠠᠮᠲᠤ᠎ᠪᠠᠷ ᠠᠰᠢᠭ ᠬᠦᠷᠳᠡᠬᠦ ᠵᠢ ᠪᠡᠶᠡᠯᠡᠭᠦᠯᠪᠡ᠃
ᠵᠠᠯᠭ᠋ᠠᠭ᠋ᠠᠳ᠂ ᠬᠢᠩᠭ᠋ᠠᠨ ᠠᠶ᠋ᠢᠮᠠᠭ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠪᠠ ᠵᠢᠭᠤᠯᠴᠢᠯᠠᠯ᠎ᠤᠨ ᠦᠢ᠍ᠯᠡᠰ᠎ᠤᠨ ᠬᠥᠭᠵᠢᠯᠲᠡ ᠵᠢ ᠨᠢᠭᠡᠳᠦᠯᠲᠡᠶ ᠲᠥᠯᠥᠪᠵᠢᠭᠦᠯᠦᠨ ᠠᠬᠢᠭᠤᠯᠵᠤ᠂ ᠵᠢᠭᠤᠯᠴᠢᠯᠠᠯ᠎ᠤᠨ ᠬᠥᠭᠵᠢᠶᠡᠨᠲᠦ ᠤᠯᠠᠷᠢᠯ᠎ᠢ ᠭᠦᠢ᠍ᠴᠡᠳ ᠠᠰᠢᠭᠯᠠᠨ ᠬᠢᠩᠭ᠋ᠠᠨ ᠠᠶ᠋ᠢᠮᠠᠭ᠎ᠤᠨ ᠪᠣᠳᠠᠲᠤ ᠪᠠᠶ᠋ᠢᠳᠠᠯ᠎ᠲᠠᠢ ᠤᠶᠠᠯᠳᠤᠭᠤᠯᠤᠨ 《ᠪᠠᠭ᠎ᠠ ᠬᠡᠪᠴᠢᠶᠡᠨ᠎ᠤ ᠤᠷ᠎ᠠ ᠴᠢᠳᠠᠪᠤᠷᠢ ᠵᠢᠨ ᠬᠡᠯᠪᠡᠷᠢ ᠵᠢᠨ ᠵᠢᠭᠤᠯᠴᠢᠯᠠᠯ》᠎ᠤᠨ ᠵᠣᠷᠢᠭᠰᠠᠨ ᠭᠠᠵᠠᠷ᠎ᠢ ᠴᠣᠭᠴᠠᠯᠠᠵᠤ᠂ ᠰᠤᠳᠤᠯᠤᠨ ᠰᠤᠷᠤᠯᠴᠠᠬᠤ ᠵᠢᠭᠤᠯᠴᠢᠯᠠᠯ᠂ ᠥᠪᠡᠷ ᠵᠶ᠋ᠡᠨ ᠲᠡᠷᠭᠡ ᠵᠢᠯᠣᠭᠣᠳᠤᠨ ᠵᠢᠭᠤᠯᠴᠢᠯᠠᠬᠤ ᠦᠢ᠍ᠯᠡᠳᠬᠦᠨ᠎ᠢ ᠲᠥᠪᠯᠡᠷᠡᠭᠦᠯᠦᠨ ᠳᠣᠪᠣᠶ᠋ᠢᠯᠭ᠋ᠠᠵᠤ᠂ ᠵᠢᠭᠤᠯᠴᠢᠯᠠᠯ᠎ᠤᠨ ᠦᠢ᠍ᠯᠡᠳᠬᠦᠨ᠎ᠤ ᠬᠡᠯᠪᠡᠷᠢ᠎ᠪᠠᠨ ᠬᠤᠪᠢᠷᠠᠭᠤᠯᠤᠨ ᠲᠠᠰ ᠳᠡᠪᠰᠢᠬᠦ ᠵᠢ ᠠᠬᠢᠭᠤᠯᠵᠤ᠂ ᠬᠣᠶᠠᠳᠠᠬᠢ ᠤᠳᠠᠭ᠎ᠠ ᠵᠢᠨ ᠬᠡᠷᠡᠭᠯᠡᠭᠡ ᠪᠠ ᠪᠡᠶᠡᠴᠢᠯᠡᠨ ᠣᠶ᠋ᠢᠯᠠᠭ᠋ᠠᠬᠤ ᠲᠥᠷᠥᠯ᠎ᠤᠨ ᠵᠢᠭᠤᠯᠴᠢᠯᠠᠯ᠎ᠤᠨ ᠲᠥᠷᠥᠯ ᠵᠦᠢ᠍ᠯ᠎ᠤᠨ ᠪᠥᠲᠥᠭᠡᠨ ᠪᠠᠶ᠋ᠢᠭᠤᠯᠤᠯᠲᠠ ᠵᠢ ᠴᠢᠩᠭ᠋ᠠᠳᠬᠠᠵᠤ᠂ ᠤᠯᠠᠭ᠋ᠠᠨᠬᠤᠲᠠ ᠷᠠᠰᠢᠶᠠᠨ ᠬᠠᠢ᠌ᠯᠠᠷ ᠮᠠᠨᠵᠤᠤᠷ᠂ ᠬᠥᠬᠡᠬᠣᠲᠠ ᠪᠤᠭᠤᠲᠤ ᠣᠷᠳᠣᠰ᠂ ᠵᠦᠵᠢᠶᠠᠩ ᠮᠥᠷᠡᠨ᠎ᠤ ᠭᠤᠷᠪᠠᠯᠵᠢᠨ ᠬᠣᠶ᠋ᠢᠭ᠂ ᠬᠥᠬᠡᠮᠥ᠋ᠷᠡᠨ᠎ᠤ ᠭᠤᠷᠪᠠᠯᠵᠢᠨ ᠬᠣᠶ᠋ᠢᠭ ᠵᠡᠷᠭᠡ ᠣᠷᠣᠨ᠎ᠤ ᠳᠣᠲᠣᠨ᠎ᠠ ᠭᠠᠳᠠᠨᠠᠬᠢ ᠭᠠᠵᠠᠷ ᠣᠷᠣᠨ ᠲᠡᠢ᠌ᠰᠢ ᠲᠠᠰᠤᠷᠠᠯᠲᠠ ᠥᠬᠡᠶ ᠥᠷᠭᠡᠳᠬᠡᠵᠦ᠂ ᠨᠠᠩ ᠣᠯᠠᠨ ᠵᠢᠭᠤᠯᠴᠢᠯᠠᠭᠴᠢᠳ᠎ᠢ ᠬᠢᠩᠭ᠋ᠠᠨ ᠠᠶ᠋ᠢᠮᠠᠭ᠎ᠲᠤ ᠢᠷᠡᠵᠦ ᠵᠢᠭᠤᠯᠴᠢᠯᠠᠭᠤᠯᠤᠨ᠂ ᠨᠠᠩ ᠶᠡᠬᠡ ᠵᠢᠭᠤᠯᠴᠢᠯᠠᠯ᠎ᠤᠨ ᠠᠵᠤ ᠠᠬᠤᠶ᠋ᠢᠯᠠᠯ᠎ᠢ ᠬᠢᠩᠭ᠋ᠠᠨ ᠠᠶ᠋ᠢᠮᠠᠭ᠎ᠲᠤ ᠪᠡᠯᠡ ᠤᠷᠤᠭᠤᠯᠤᠨ ᠦᠢ᠍ᠯᠡᠰ ᠪᠠᠢ᠌ᠭᠤᠯᠵᠤ ᠬᠠᠮᠲᠤ᠎ᠪᠠᠷ ᠬᠦᠭᠵᠢᠬᠦ ᠵᠢ ᠳᠠᠳᠠᠬᠤ᠎ᠪᠠᠷ ᠪᠠᠢ᠌ᠨ᠎ᠠ᠃