ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠰᠤᠷᠠᠭ ᠵᠠᠩᠬᠢ
ᠬᠡᠷᠡᠭᠯᠡᠭᠡ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠠᠶ᠋ᠢᠮᠠᠭ ᠬᠤᠲᠠ᠎ᠶᠢᠨ ᠰᠣᠨᠣᠰᠬᠠᠯ
ᠲᠦᠩᠯᠢᠶᠣᠤ ᠬᠣᠲᠠ ᠵᠢᠨ ᠤᠯᠠᠭ᠋ᠠᠨᠮᠥ᠋ᠴᠢᠷ᠄ ᠤᠳᠬ᠎ᠠ ᠤᠷᠠᠯᠢᠭ᠎ᠤᠨ ᠬᠠᠪᠰᠤᠷᠤᠨ ᠵᠢᠯᠣᠭᠣᠳᠣᠯᠭ᠎ᠠ ᠴᠡᠷᠢᠭ᠎ᠤᠨ ᠬᠤᠸᠠᠷᠠᠨ᠎ᠳᠤ ᠣᠷᠣᠵᠤ ᠴᠡᠷᠢᠭ ᠠᠷᠠᠳ ᠬᠠᠮᠲᠤ ᠵᠢᠨ ᠭᠡᠷ ᠪᠦᠯᠢ᠎ᠪᠠᠨ ᠪᠦᠲᠦᠭᠡᠨ ᠪᠠᠢ᠌ᠭᠤᠯᠤᠨ᠎ᠠ
ᠨᠡᠶᠢᠲᠡᠯᠡᠭᠰᠡᠨ ᠴᠠᠭ᠄ 2022-07-18

      ᠣᠢ᠌ᠷ᠎ᠠ᠎ᠳᠤ᠂ ᠲᠦᠩᠯᠢᠶᠣᠤ ᠬᠣᠲᠠ ᠵᠢᠨ ᠤᠯᠠᠭ᠋ᠠᠨᠮᠥ᠋ᠴᠢᠷ ᠰᠢᠯᠢᠳᠡᠭ ᠳᠠᠭᠤᠯᠠᠬᠤᠶ ᠵᠢᠨ ᠲᠣᠭᠯᠠᠭᠴᠢ ᠪᠠ ᠪᠥᠵᠢᠭᠴᠢᠨ᠎ᠢ ᠵᠣᠬᠢᠶᠠᠨ ᠪᠠᠢ᠌ᠭᠤᠯᠵᠤ ᠵᠡᠪᠰᠡᠭᠲᠦ ᠴᠠᠭᠳᠠᠭ᠎ᠠ ᠵᠢᠨ ᠲᠦᠩᠯᠢᠶᠣᠤ᠎ᠳᠤ᠎ᠬᠢ ᠰᠠᠯᠪᠤᠷᠢ ᠠᠩᠭᠢ᠎ᠳᠤ ᠬᠦᠷᠴᠦ ᠤᠳᠬ᠎ᠠ ᠤᠷᠠᠯᠢᠭ᠎ᠤᠨ ᠬᠠᠪᠰᠤᠷᠤᠨ ᠵᠢᠯᠣᠭᠣᠳᠬᠤ ᠠᠵᠢᠯᠯᠠᠭ᠎ᠠ ᠥᠷᠨᠢᠭᠦᠯᠪᠡ᠂ ᠲᠣᠰ ᠠᠵᠢᠯᠯᠠᠭ᠎ᠠ᠎ᠨᠢ12 ᠡᠳᠦᠷ ᠶᠠᠪᠤᠭᠳᠠᠪᠠ᠃
      ᠲᠣᠰ ᠤᠳᠠᠭ᠋ᠠᠨ᠎ᠤ ᠬᠠᠪᠰᠤᠷᠤᠨ ᠵᠢᠯᠣᠭᠣᠳᠣᠯᠭ᠎ᠠ᠎ᠨᠢ ᠨᠠᠢ᠌ᠷᠠᠯ ᠳᠠᠭᠤᠤ ᠵᠢᠨ ᠲᠣᠭᠯᠠᠯᠲᠠ ᠪᠠ ᠪᠥᠵᠢᠭ᠎ᠤᠨ ᠤᠷ᠎ᠠ ᠮᠡᠷᠭᠡᠵᠢᠯ ᠵᠶ᠋ᠡᠷ ᠭᠣᠤᠯ ᠠᠭᠤᠯᠭ᠎ᠠ ᠪᠣᠯᠭ᠋ᠠᠵᠤ᠂ ᠴᠡᠷᠢᠭ ᠠᠩᠭᠢ ᠵᠢᠨ ᠤᠳᠬ᠎ᠠ ᠤᠷᠠᠯᠢᠭ᠎ᠤᠨ ᠭᠣᠤᠯᠯᠠᠭᠴᠢ ᠬᠦᠴᠦᠨ᠎ᠤ ᠲᠤᠰᠬᠠᠶ ᠮᠡᠷᠭᠡᠵᠢᠯ᠎ᠤᠨ ᠮᠡᠳᠡᠯᠭᠡ ᠪᠠ ᠤᠷ᠎ᠠ ᠴᠢᠳᠠᠪᠤᠷᠢ ᠵᠢᠨ ᠲᠦᠪᠰᠢᠨ᠎ᠢ ᠤᠯᠠᠮ ᠨᠢᠭᠡ ᠠᠯᠬᠤᠮ ᠴᠢᠩᠭ᠋ᠠᠳᠬᠠᠪᠠ᠃ ᠲᠥᠪ ᠴᠢᠩᠭ᠎ᠠ ᠨᠠᠷᠢᠨ ᠬᠢᠨᠠᠮᠠᠭ᠋ᠠᠢ ᠵᠢᠭ᠋ᠠᠨ ᠰᠤᠷᠭ᠋ᠠᠯᠲᠠ ᠪᠠ ᠰᠤᠷᠤᠯᠴᠠᠯᠭ᠎ᠠ᠎ᠪᠠᠷ ᠳᠠᠮᠵᠢᠨ᠂ ᠳᠠᠷᠤᠭ᠎ᠠ ᠪᠠᠢ᠌ᠯᠳᠤᠭᠴᠢᠳ ᠢᠳᠡ ᠬᠦᠴᠦᠲᠡᠢ ᠬᠦᠭ ᠠᠶᠠᠰ ᠵᠶ᠋ᠠᠷ《ᠬᠦᠴᠦᠷᠭᠡᠭ ᠴᠡᠷᠢᠭ᠎ᠤᠨ ᠲᠠᠢ᠍ᠢ᠍ᠴᠢᠨ ᠳᠠᠭᠤᠤ》ᠵᠢ ᠳᠠᠭᠤᠯᠠᠵᠤ᠂ ᠪᠦᠬᠦ ᠴᠡᠷᠢᠭ᠎ᠤᠨ ᠳᠠᠷᠤᠭ᠎ᠠ ᠪᠠᠢ᠌ᠯᠳᠤᠭᠴᠢᠳ᠎ᠤᠨ ᠴᠡᠷᠢᠭ᠎ᠢ ᠬᠦᠴᠦᠷᠬᠡᠭᠵᠢᠭᠦᠯᠬᠦ ᠬᠠᠷᠠᠯᠲᠠ ᠵᠢ ᠦᠢ᠍ᠯᠡᠳᠦᠯᠭᠡᠵᠢᠭᠦᠯᠬᠦ ᠣᠮᠣᠭ ᠵᠣᠷᠢᠭ᠎ᠢ ᠮᠠᠰᠢ ᠰᠠᠢ᠌ᠨ ᠵᠶ᠋ᠠᠷ ᠢᠯᠡᠳᠭᠡᠵᠦ᠂《ᠪᠢ ᠲᠠᠨ᠎ᠤ ᠲᠥᠯᠥᠭᠡ ᠬᠠᠷᠠᠭᠤᠯ ᠵᠣᠭᠰᠣᠨ᠎ᠠ》 ᠭᠡᠬᠦ ᠳᠠᠭᠤᠤ᠎ᠨᠢ ᠵᠡᠪᠰᠡᠭᠲᠦ ᠴᠠᠭᠳᠠᠭ᠎ᠠ ᠵᠢᠨ ᠳᠠᠷᠤᠭ᠎ᠠ ᠪᠠᠢ᠌ᠯᠳᠤᠭᠴᠢᠳ᠎ᠤᠨ ᠭᠡᠷ ᠪᠦᠯᠢ᠎ᠪᠠᠨ ᠤᠭᠤᠷᠴᠤ᠂ ᠤᠯᠠᠨ᠎ᠤ ᠲᠥᠯᠥᠭᠡ ᠵᠢᠳᠬᠦᠬᠦ ᠬᠠᠷᠢᠭᠤᠴᠠᠯᠭ᠎ᠠ ᠪᠠ ᠡᠭᠦᠷᠭᠡᠯᠡᠯ᠎ᠢ ᠨᠡᠩ ᠰᠠᠢ᠌ᠲᠤᠷ ᠢᠯᠡᠷᠡᠭᠦᠯᠪᠡ  ᠃
      ᠲᠣᠰ ᠤᠳᠠᠭ᠋ᠠᠨ᠎ᠤ ᠬᠠᠪᠰᠤᠷᠤᠨ ᠵᠢᠯᠣᠭᠣᠳᠬᠤ ᠠᠵᠢᠯᠯᠠᠭ᠎ᠠ᠎ᠨᠢ ᠴᠡᠷᠢᠭ᠎ᠤᠨ ᠬᠤᠸᠠᠷᠠᠨ᠎ᠤ ᠳᠠᠷᠤᠭ᠎ᠠ ᠪᠠᠢ᠌ᠯᠳᠤᠭᠴᠢᠳ᠎ᠤᠨ ᠠᠵᠢᠯ᠎ᠤᠨ ᠴᠢᠯᠥᠭᠡᠨ᠎ᠤ ᠰᠣᠶᠣᠯ᠎ᠤᠨ ᠠᠮᠢᠳᠤᠷᠠᠯ᠎ᠢ ᠪᠠᠶᠠᠯᠢᠭᠵᠢᠭᠤᠯᠵᠤ᠂ ᠲᠦᠩᠯᠢᠶᠣᠤ ᠬᠣᠲᠠ ᠵᠢᠨ ᠬᠣᠶᠠᠷ᠎ᠢ ᠬᠦᠷᠢᠶᠡᠯᠡᠬᠦ ᠠᠵᠢᠯ᠎ᠤᠨ ᠦᠷ᠎ᠡ ᠪᠦᠲᠦᠭᠡᠯ᠎ᠢ ᠪᠡᠬᠢᠵᠢᠭᠦᠯᠦᠭᠰᠡᠨ ᠵᠶ᠋ᠡᠷ ᠪᠠᠷᠠᠬᠤ ᠥᠬᠡᠶ᠂ ᠲᠦᠩᠯᠢᠶᠣᠤ ᠬᠣᠲᠠ ᠵᠢᠨ ᠤᠯᠠᠭ᠋ᠠᠨᠮᠥ᠋ᠴᠢᠷ᠎ᠤᠨ ᠲᠣᠭᠯᠠᠭᠴᠢᠳ ᠪᠣᠯᠤᠨ ᠪᠠᠢ᠌ᠯᠳᠤᠭᠴᠢᠳ᠎ᠤᠨ ᠬᠠᠪᠰᠤᠷᠤᠨ ᠵᠢᠯᠣᠭᠣᠳᠬᠤ ᠶᠠᠪᠤᠴᠠ᠎ᠳᠤ ᠭᠦᠨ ᠵᠤᠵᠠᠭ᠋ᠠᠨ ᠨᠥᠬᠥᠷᠯᠡᠯ ᠪᠠᠢ᠌ᠭᠤᠯᠵᠤ᠂ ᠴᠡᠷᠢᠭ ᠠᠷᠠᠳ᠎ᠤᠨ ᠠᠭᠤᠰᠤᠯᠴᠠᠨ   ᠬᠦᠭᠵᠢᠬᠦ ᠵᠢ ᠤᠯᠠᠮ ᠨᠢᠭᠡ ᠠᠯᠬᠤᠮ ᠠᠬᠢᠭᠤᠯᠵᠤ᠂ ᠳᠠᠷᠤᠭ᠎ᠠ ᠪᠠᠢ᠌ᠯᠳᠤᠭᠴᠢᠳ᠎ᠤᠨ ᠡᠭᠦᠷᠭᠡ ᠬᠠᠷᠢᠭᠤᠴᠠᠯᠭ᠎ᠠ᠎ᠪᠠᠨ ᠦᠷᠭᠦᠯᠵᠢᠯᠡᠨ ᠰᠠᠢ᠌ᠲᠤᠷ ᠭᠦᠢᠴᠡᠳᠬᠡᠬᠦ᠎ᠳᠤ ᠬᠦᠴᠦᠷᠬᠡᠭ ᠶᠡᠬᠡ ᠣᠶᠤᠨ ᠰᠠᠨᠠᠭ᠋ᠠᠨ᠎ᠤ ᠬᠥᠳᠡᠯᠭᠡᠬᠦ ᠬᠦᠴᠦᠨ ᠬᠠᠩᠭ᠋ᠠᠪᠠ  ᠃  

ᠢᠷᠡᠯᠲᠡ᠄ ᠲᠦᠩᠯᠢᠶᠣᠤ ᠬᠣᠲᠠ ᠵᠢᠨ ᠰᠣᠶᠣᠯ ᠵᠢᠭᠤᠯᠴᠢᠯᠠᠯ ᠷᠠᠳᠢᠣ᠋ ᠲᠧᠯᠸᠢᠰ᠎ᠤᠨ ᠲᠣᠪᠴᠢᠶ᠎ᠠ
          
ᠬᠠᠮᠢᠶ᠎ᠡ ᠪᠦᠬᠦᠢ ᠰᠣᠨᠢᠨ
ᠣᠷᠳᠣᠰ᠎ᠤᠨ ᠰᠦᠯᠵᠢᠶᠡᠨ ᠳᠡᠭᠡᠷᠡᠬᠢ ᠨᠡᠭᠦᠳᠡᠯ ᠮᠦᠽᠧᠶ ᠦᠵᠡᠰᠭᠦᠯᠡᠩ ᠎ᠢ ᠬᠢᠴᠢᠶᠡᠯ᠎ᠤᠨ ᠲᠠᠩᠬᠢᠮ᠎ᠳᠤ ᠬᠦᠷᠭᠡᠪᠡ
ᠰᠢᠯᠢ ᠵᠢᠨ ᠭᠣᠤᠯ ᠠᠢ᠌ᠮᠠᠭ ᠳᠤᠮᠳᠠᠳᠤ ᠵᠢᠨ ᠰᠣᠶᠣᠯ᠎ᠤᠨ ᠲᠡᠮᠳᠡᠭ ᠪᠠ ᠳᠤᠮᠳᠠᠳᠤ ᠵᠢᠨ ᠦᠨᠳᠦᠰᠦᠲᠡᠨ᠎ᠤ ᠳᠦᠷᠢ ᠲᠥᠷᠬᠦ ᠵᠢ ᠴᠣᠭᠴᠠᠯᠠᠬᠤ ᠠᠵᠢᠯ᠎ᠢ ᠠᠬᠢᠭᠤᠯᠬᠤ ᠬᠤᠷᠠᠯ ᠬᠤᠷᠠᠯᠳᠤᠭᠤᠯᠪᠠ
ᠤᠯᠠᠭ᠋ᠠᠨᠬᠠᠳᠠ ᠬᠣᠲᠠ ᠵᠢᠨ ᠰᠣᠶᠣᠯ ᠵᠢᠭᠤᠯᠴᠢᠯᠠᠯ᠎ᠤᠨ ᠲᠣᠪᠴᠢᠶ᠎ᠠ ᠭᠤᠤᠯᠳᠠᠯᠭ᠎ᠠ᠎ᠲᠠᠢ ᠠᠵᠢᠯ᠎ᠢ ᠠᠬᠢᠭᠤᠯᠬᠤ ᠬᠤᠷᠠᠯ ᠬᠤᠷᠠᠯᠳᠤᠭᠤᠯᠪᠠ
ᠣᠷᠳᠣᠰ ᠬᠣᠲᠠ ᠵᠢᠨ 6 ᠦᠵᠡᠮᠵᠢ ᠵᠢᠨ ᠣᠷᠣᠨ 《ᠥᠪᠥᠷ ᠮᠣᠩᠭᠣᠯ᠎ᠤᠨ ᠰᠦᠯᠵᠢᠶᠡᠨ ᠳᠡᠭᠡᠷ᠎ᠡ ᠨᠡᠷ᠎ᠡ ᠭᠠᠷᠤᠭᠰᠠᠨ ᠺᠠᠷᠲ ᠪᠦᠷᠢᠳᠭᠡᠭᠦᠯᠬᠦ ᠭᠠᠵᠠᠷ᠎ᠤᠨ ᠬᠣᠯᠪᠣᠭ᠎ᠠ》᠎ᠳᠤ ᠰᠤᠩᠭᠤᠭᠳᠠᠪᠠ
ᠲᠦᠩᠯᠢᠶᠣᠤ ᠬᠣᠲᠠ ᠵᠢᠨ ᠤᠯᠠᠭ᠋ᠠᠨᠮᠥ᠋ᠴᠢᠷ᠄ ᠰᠣᠳᠣᠨ ᠲᠣᠭᠯᠠᠯᠲᠠ ᠦᠵᠡᠮᠵᠢ ᠵᠢᠨ ᠣᠷᠣᠨ᠎ᠳᠤ ᠣᠷᠣᠵᠤ᠂ ᠵᠢᠭᠤᠯᠴᠢᠯᠠᠭᠴᠢᠳ ᠰᠣᠶᠣᠯ ᠵᠢᠭᠤᠯᠴᠢᠯᠠᠯ ᠠᠭᠤᠰᠤᠯᠴᠠᠭᠰᠠᠨ 《ᠦᠪᠡᠳᠡᠭᠰᠢ ᠳᠠᠶ᠋ᠢᠯᠠᠯᠭ᠎ᠠ》 ᠵᠢ ᠰᠣᠨᠢᠷᠬᠠᠪᠠ
 
            