ᠣᠢ᠌ᠷ᠎ᠠ᠎ᠳᠤ᠂ ᠰᠢᠯᠢ ᠵᠢᠨ ᠭᠣᠤᠯ ᠠᠢ᠌ᠮᠠᠭ ᠳᠤᠮᠳᠠᠳᠤ ᠵᠢᠨ ᠰᠣᠶᠣᠯ᠎ᠤᠨ ᠲᠡᠮᠳᠡᠭ ᠪᠠ ᠳᠤᠮᠳᠠᠳᠤ ᠵᠢᠨ ᠦᠨᠳᠦᠰᠦᠲᠡᠨ᠎ᠤ ᠳᠦᠷᠢ ᠲᠥᠷᠬᠦ ᠵᠢ ᠴᠣᠭᠴᠠᠯᠠᠬᠤ ᠠᠵᠢᠯ᠎ᠢ ᠠᠬᠢᠭᠤᠯᠬᠤ ᠬᠤᠷᠠᠯ ᠬᠤᠷᠠᠯᠳᠤᠭᠤᠯᠵᠤ᠂ ᠠᠢ᠌ᠮᠠᠭ᠎ᠤᠨ ᠨᠠᠮ᠎ᠤᠨ ᠬᠣᠷᠢᠶᠠᠨ᠎ᠤ ᠭᠡᠰᠢᠭᠦᠨ᠂ ᠤᠬᠠᠭᠤᠯᠬᠤ ᠬᠡᠯᠲᠡᠰ᠎ᠤᠨ ᠳᠠᠷᠤᠭ᠎ᠠ ᠪᠤᠤ ᠯᠢ ᠬᠤᠸᠠ ᠬᠤᠷᠠᠯ᠎ᠳᠤ ᠣᠷᠣᠯᠴᠠᠵᠤ ᠶᠠᠷᠢᠶ᠎ᠠ ᠲᠠᠯᠪᠢᠪᠠ ᠃
ᠪᠤᠤ ᠯᠢ ᠬᠤᠸᠠ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ᠎ᠤᠨ᠎ᠬᠢᠨ ᠤᠯᠤᠰ ᠲᠥᠷᠥ ᠵᠢᠨ ᠵᠣᠭᠰᠣᠴᠠ᠎ᠪᠠᠨ ᠦᠨᠡᠨ ᠬᠦ᠌ ᠳᠡᠭᠡᠭᠰᠢᠯᠡᠭᠦᠯᠵᠦ᠂ 《ᠤᠯᠤᠰ᠎ᠤᠨ ᠶᠡᠬᠡ ᠲᠠᠯ᠎ᠠ》 ᠵᠢᠨ ᠦᠨᠳᠦᠷᠴᠡ᠎ᠠᠴᠠ ᠳᠤᠮᠳᠠᠳᠤ ᠵᠢᠨ ᠰᠣᠶᠣᠯ᠎ᠤᠨ ᠲᠡᠮᠳᠡᠭ ᠪᠠ ᠳᠤᠮᠳᠠᠳᠤ ᠵᠢᠨ ᠦᠨᠳᠦᠰᠦᠲᠡᠨ᠎ᠤ ᠳᠦᠷᠢ ᠲᠥᠷᠬᠦ ᠵᠢ ᠴᠣᠭᠴᠠᠯᠠᠬᠤ ᠠᠵᠢᠯ᠎ᠢ ᠰᠠᠢ᠌ᠲᠤᠷ ᠬᠢᠬᠦ ᠬᠠᠷᠢᠭᠤᠴᠠᠯᠭ᠋ᠠᠲᠤ ᠰᠡᠳᠬᠢᠯᠭᠡ ᠪᠠ ᠡᠭᠦᠷᠭᠡᠲᠦ ᠪᠣᠳᠣᠯ ᠵᠶ᠋ᠠᠨ ᠴᠢᠩᠭ᠋ᠠᠳᠬᠠᠬᠤ ᠬᠡᠷᠡᠭᠲᠡᠶ᠃ ᠠᠵᠢᠯ᠎ᠤᠨ ᠱᠠᠭ᠋ᠠᠷᠳᠠᠯᠭ᠎ᠠ ᠵᠢ ᠣᠨᠣᠪᠴᠢᠲᠠᠢ ᠡᠵᠡᠮᠳᠡᠵᠦ᠂ 《ᠬᠣᠶᠠᠷ᠎ᠢ ᠴᠣᠭᠴᠠᠯᠠᠬᠤ》 ᠵᠢᠨ ᠪᠠᠶᠠᠯᠢᠭ ᠠᠭᠤᠯᠤᠭᠳᠠᠬᠤᠨ᠎ᠢ ᠭᠦᠨᠵᠡᠭᠡᠢ ᠣᠢ᠌ᠯᠠᠭ᠋ᠠᠵᠤ᠂ ᠤᠶᠤᠨ ᠰᠠᠨᠠᠭ᠋ᠠᠨ᠎ᠤ ᠲᠤᠭ᠎ᠢ ᠮᠠᠨᠳᠤᠭᠤᠯᠬᠤ᠂ ᠤᠶᠤᠨ ᠰᠠᠨᠠᠭ᠋ᠠᠨ᠎ᠤ ᠭᠡᠷ ᠣᠷᠣᠨ᠎ᠢ ᠪᠠᠢ᠌ᠭᠤᠯᠬᠤ ᠦᠢ᠍ᠯᠡᠳᠦᠯ᠎ᠢ ᠪᠠᠳᠠᠷᠠᠭᠤᠯᠬᠤ ᠬᠡᠷᠡᠭᠲᠡᠢ ᠃ ᠲᠥᠷᠥᠯ ᠵᠦᠢᠯ᠎ᠤᠨ ᠨᠠᠷᠢᠨ ᠲᠠᠩᠰᠠ ᠵᠢ ᠵᠢᠭᠰᠠᠭ᠋ᠠᠵᠤ᠂ 《ᠨᠢᠭᠡᠳᠦᠭᠡᠷ ᠭᠠᠷᠤᠨ ᠢᠨᠵᠧᠨᠧᠷᠢᠩ》᠎ᠤᠨ ᠪᠠᠢ᠌ᠷᠢ ᠲᠣᠭᠲᠠᠭ᠋ᠠᠯᠲᠠ ᠵᠢ ᠴᠢᠩᠭ᠋ᠠᠳᠬᠠᠨ᠂ ᠠᠯᠤᠰ ᠬᠡᠲᠦ ᠵᠢᠨ ᠲᠥᠯᠥᠪᠵᠢᠭᠦᠯᠭᠡ ᠬᠢᠵᠦ᠂ ᠦᠷᠭᠦᠯᠵᠢᠯᠡᠨ ᠬᠦᠴᠦᠯᠡᠵᠦ᠂ 《ᠬᠣᠶᠠᠷ᠎ᠢ ᠴᠣᠭᠴᠠᠯᠠᠬᠤ》 ᠠᠵᠢᠯ᠎ᠤᠨ ᠡᠭᠦᠷᠭᠡ ᠵᠢ ᠨᠠᠢ᠌ᠳᠠᠪᠤᠷᠢᠵᠢᠭᠤᠯᠬᠤ ᠵᠢ ᠰᠠᠢ᠌ᠲᠤᠷ ᠠᠳᠬᠤᠵᠤ᠂ ᠨᠢᠭᠡ ᠪᠦᠯᠦᠭ ᠢᠯᠡ ᠲᠤᠲᠤ᠂ ᠲᠥᠷᠥᠭᠳᠡᠯ᠎ᠲᠠᠢ᠂ ᠪᠦᠲᠦᠮᠵᠢᠲᠡᠶ ᠲᠥᠷᠥᠯ ᠵᠦᠢᠯ ᠪᠠ ᠪᠦᠲᠦᠭᠡᠯ᠎ᠢ ᠭᠠᠷᠭ᠋ᠠᠬᠤ ᠬᠡᠷᠡᠭᠲᠡᠶ ᠭᠡᠵᠦ ᠴᠢᠬᠤᠯᠠᠴᠢᠯᠠᠪᠠ᠃
ᠬᠤᠷᠠᠯ᠎ᠨᠢ ᠸᠢᠳᠢᠣ᠋ ᠬᠡᠯᠪᠡᠷᠢ᠎ᠪᠠᠷ ᠡᠯ᠎ᠡ ᠬᠣᠰᠢᠭᠤ ᠰᠢᠶᠠᠨ ᠬᠤᠲᠠ (ᠲᠣᠭᠣᠷᠢᠭ) ᠬᠦᠷᠲᠡᠯ᠎ᠡ ᠬᠤᠷᠠᠯᠳᠤᠪᠠ ᠃ ᠬᠤᠷᠠᠯ ᠳᠤ᠂ 4 ᠠᠢ᠌ᠮᠠᠭ᠎ᠤᠨ ᠰᠢᠭᠤᠳ ᠬᠠᠷᠢᠶ᠎ᠠ ᠨᠢᠭᠡᠴᠢ ᠪᠣᠯᠤᠨ 4 ᠬᠣᠰᠢᠭᠤ ᠰᠢᠶᠠᠨ ᠬᠤᠲᠠ ᠰᠠᠨᠠᠯ ᠵᠶ᠋ᠠᠨ ᠰᠤᠯᠢᠯᠴᠠᠵᠤ ᠶᠠᠷᠢᠶ᠎ᠠ ᠲᠠᠯᠪᠢᠪᠠ᠃