ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠰᠤᠷᠠᠭ ᠵᠠᠩᠬᠢ
ᠬᠡᠷᠡᠭᠯᠡᠭᠡ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠠᠶ᠋ᠢᠮᠠᠭ ᠬᠤᠲᠠ᠎ᠶᠢᠨ ᠰᠣᠨᠣᠰᠬᠠᠯ
ᠠᠯᠠᠱ᠌ᠠ ᠠᠢ᠌ᠮᠠᠭ᠎ᠤᠨ ᠵᠠᠬᠢᠷᠭ᠎ᠠ ᠵᠢᠨ ᠳᠡᠳ᠋ ᠳᠠᠷᠤᠭ᠎ᠠ ᠯᠸᠢ ᠬᠠᠶ ᠰᠣᠶᠣᠯ ᠵᠢᠭᠤᠯᠴᠢᠯᠠᠯ᠎ᠤᠨ ᠭᠣᠤᠯᠳᠠᠯᠭ᠎ᠠ᠎ᠲᠠᠢ ᠠᠵᠢᠯ᠎ᠢ ᠵᠣᠬᠢᠴᠠᠭᠤᠯᠤᠨ ᠠᠬᠢᠭᠤᠯᠬᠤ ᠬᠤᠷᠠᠯ᠎ᠢ ᠡᠷᠭᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄ 2022-07-21

     7 ᠳ᠋ᠤᠭ᠋ᠠᠷ ᠰᠠᠷ᠎ᠠ ᠵᠢᠨ 15᠎ᠤ ᠡᠳᠦᠷ᠎ᠤᠨ ᠦᠳᠡ ᠵᠢᠨ ᠡᠮᠦᠨ᠎ᠡ᠂ ᠠᠯᠠᠱ᠌ᠠ ᠠᠢ᠌ᠮᠠᠭ᠎ᠤᠨ ᠵᠠᠬᠢᠷᠭ᠎ᠠ ᠵᠢᠨ ᠳᠡᠳ᠋ ᠳᠠᠷᠤᠭ᠎ᠠ ᠯᠸᠢ ᠬᠠᠶ ᠰᠣᠶᠣᠯ ᠵᠢᠭᠤᠯᠴᠢᠯᠠᠯ᠎ᠤᠨ ᠭᠣᠤᠯᠳᠠᠯᠭ᠎ᠠ᠎ᠲᠠᠢ ᠠᠵᠢᠯ᠎ᠢ ᠵᠣᠬᠢᠴᠠᠭᠤᠯᠤᠨ ᠠᠬᠢᠭᠤᠯᠬᠤ ᠬᠤᠷᠠᠯ᠎ᠢ ᠡᠷᠭᠢᠯᠡᠨ ᠬᠤᠷᠠᠯᠳᠤᠭᠤᠯᠵᠤ᠂ ᠣᠢ᠌ᠷ᠎ᠠ ᠵᠢᠨ ᠬᠤᠭᠤᠴᠠᠭ᠋ᠠᠨ᠎ᠤ ᠭᠣᠤᠯᠳᠠᠯᠭ᠎ᠠ᠎ᠲᠠᠢ ᠠᠵᠢᠯ᠎ᠢ ᠠᠬᠢᠭᠤᠯᠤᠭᠰᠠᠨ ᠪᠠᠢ᠌ᠳᠠᠯ᠎ᠢ ᠲᠤᠰᠬᠠᠶ ᠰᠡᠳᠦᠪ ᠵᠶ᠋ᠡᠷ ᠰᠤᠳᠤᠯᠵᠤ᠂ ᠵᠠᠬᠢᠷᠭ᠎ᠠ ᠵᠢᠨ ᠳᠡᠳ᠋ ᠨᠠᠷᠢᠨ ᠪᠢᠴᠢᠭ᠎ᠤᠨ ᠳᠠᠷᠤᠭ᠎ᠠ ᠵᠧᠦ ᠵᠢᠶᠦ᠋ᠨ᠂ ᠠᠯᠠᠱ᠌ᠠ ᠵᠡᠭᠦᠨ ᠬᠣᠰᠢᠭᠤᠨ᠎ᠤ ᠨᠠᠮ᠎ᠤᠨ ᠬᠣᠷᠢᠶᠠᠨ᠎ᠤ ᠳᠡᠳ᠋ ᠱᠦᠵᠢ᠂ ᠵᠠᠰᠠᠭ᠎ᠤᠨ ᠣᠷᠳᠣᠨ᠎ᠤ ᠬᠣᠰᠢᠭᠤᠨ ᠳᠠᠷᠤᠭ᠎ᠠ ᠮᠡᠷᠭᠡᠨ᠂ ᠬᠣᠰᠢᠭᠤᠨ᠎ᠤ ᠳᠡᠳ᠋ ᠳᠠᠷᠤᠭ᠎ᠠ ᠭᠣᠤ ᠳ᠋ᠦᠩ᠂ ᠠᠢ᠌ᠮᠠᠭ᠎ᠤᠨ ᠰᠣᠶᠣᠯ ᠵᠢᠭᠤᠯᠴᠢᠯᠠᠯ ᠷᠠᠳᠢᠣ᠋ ᠲᠧᠯᠸᠢᠰ᠎ᠤᠨ ᠲᠣᠪᠴᠢᠶ᠎ᠠ ᠵᠢᠨ ᠤᠳᠤᠷᠢᠳᠬᠤ ᠪᠠᠭ᠎ᠤᠨ ᠪᠦᠷᠢᠯᠳᠦᠬᠦᠨ ᠬᠤᠷᠠᠯ᠎ᠳᠤ ᠣᠷᠣᠯᠴᠠᠪᠠ᠃
      ᠯᠧᠢ ᠬᠠᠶ ᠴᠢᠬᠤᠯᠠᠴᠢᠯᠠᠭᠰᠠᠨ᠎ᠨᠢ᠂ ᠨᠢᠭᠡ᠎ᠳᠤ᠂ ᠠᠢ᠌ᠮᠠᠭ᠎ᠤᠨ ᠨᠠᠮ᠎ᠤᠨ ᠬᠣᠷᠢᠶ᠎ᠠ ᠵᠠᠬᠢᠷᠭ᠎ᠠ ᠪᠥᠬᠥ ᠠᠢ᠌ᠮᠠᠭ᠎ᠤᠨ ᠰᠣᠶᠣᠯ ᠵᠢᠭᠤᠯᠴᠢᠯᠠᠯ᠎ᠤᠨ ᠭᠣᠤᠯᠳᠠᠯᠭ᠎ᠠ᠎ᠲᠠᠢ ᠠᠵᠢᠯ᠎ᠢ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠵᠤ᠂ ᠠᠯᠠᠱ᠌ᠠ ᠵᠡᠭᠦᠨ ᠬᠣᠰᠢᠭᠤᠨ᠎ᠤ ᠠᠷᠠᠳ᠎ᠤᠨ ᠵᠠᠰᠠᠭ᠎ᠤᠨ ᠣᠷᠳᠣᠨ ᠠᠢ᠌ᠮᠠᠭ᠎ᠤᠨ ᠰᠣᠶᠣᠯ ᠵᠢᠭᠤᠯᠴᠢᠯᠠᠯ ᠷᠠᠳᠢᠣ᠋ ᠲᠧᠯᠸᠢᠰ᠎ᠤᠨ ᠲᠣᠪᠴᠢᠶ᠎ᠠ᠎ᠲᠠᠢ ᠢᠳᠡᠪᠬᠢᠲᠡᠶ ᠬᠠᠮᠵᠢᠯᠴᠠᠨ ᠵᠣᠬᠢᠴᠠᠭᠤᠯᠤᠨ ᠰᠢᠢᠳᠪᠦᠷᠢᠯᠡᠬᠦ ᠴᠢᠬᠤᠯᠠᠲᠠᠶ ᠡᠯ᠎ᠡ ᠵᠦᠢᠯ᠎ᠤᠨ ᠠᠵᠢᠯ᠎ᠢ ᠵᠣᠬᠢᠴᠠᠭᠤᠯᠤᠨ ᠠᠬᠢᠭᠤᠯᠵᠤ᠂ ᠭᠠᠷᠳᠠᠮ ᠭᠦᠢᠴᠡᠳᠬᠡᠬᠦ ᠵᠢ ᠲᠡᠭᠦᠯᠳᠡᠷᠵᠢᠭᠦᠯᠦᠨ᠂ ᠭᠣᠤᠯᠳᠠᠯᠭ᠎ᠠ᠎ᠲᠠᠢ ᠰᠣᠶᠣᠯ ᠵᠢᠭᠤᠯᠴᠢᠯᠠᠯ᠎ᠤᠨ ᠲᠥᠷᠥᠯ ᠵᠦᠢᠯ᠎ᠤᠨ ᠪᠡᠯᠡᠳᠬᠡᠯ ᠪᠠ ᠲᠥᠯᠥᠪᠵᠢᠭᠦᠯᠭᠡ ᠵᠢ ᠰᠠᠢ᠌ᠲᠤᠷ ᠬᠢᠵᠦ᠂ ᠥᠪᠡᠷᠲᠡᠭᠡᠨ ᠵᠠᠰᠠᠬᠤ ᠣᠷᠣᠨ᠎ᠤ ᠲᠤᠰᠬᠠᠶ ᠪᠠᠯᠠ ᠮᠥᠩᠭᠥ ᠵᠢᠨ ᠳᠡᠮᠵᠢᠯᠭᠡ ᠵᠢ ᠢᠳᠡᠪᠬᠢᠲᠡᠶ ᠤᠯᠬᠤ ᠬᠡᠷᠡᠭᠲᠡᠶ᠃ ᠬᠣᠶᠠᠷ᠎ᠲᠤ᠂ ᠠᠢ᠌ᠮᠠᠭ᠎ᠤᠨ ᠰᠣᠶᠣᠯ ᠵᠢᠭᠤᠯᠴᠢᠯᠠᠯ ᠷᠠᠳᠢᠣ᠋ ᠲᠧᠯᠸᠢᠰ᠎ᠤᠨ ᠲᠣᠪᠴᠢᠶ᠎ᠠ ᠠᠰᠠᠭᠤᠳᠠᠯ ᠵᠶ᠋ᠠᠷ ᠤᠳᠤᠷᠢᠳᠤᠮᠵᠢ ᠪᠣᠯᠭ᠋ᠠᠵᠤ᠂ ᠭᠣᠤᠯᠳᠠᠯᠭ᠎ᠠ᠎ᠲᠠᠢ ᠠᠵᠢᠯ᠎ᠢ ᠠᠬᠢᠭᠤᠯᠬᠤ ᠳᠤᠮᠳᠠ ᠣᠷᠣᠰᠢᠵᠤ ᠪᠠᠢ᠌ᠭ᠎ᠠ ᠠᠰᠠᠭᠤᠳᠠᠯ᠎ᠢ ᠨᠠᠷᠢᠨ ᠬᠢᠨᠠᠮᠠᠭ᠋ᠠᠶ ᠡᠮᠬᠢᠯᠡᠵᠦ᠂ ᠬᠦᠴᠢᠷ ᠠᠰᠠᠭᠤᠳᠠᠯ᠂ ᠲᠦᠭᠵᠢᠷᠡᠯ ᠠᠰᠠᠭᠤᠳᠠᠯ ᠵᠡᠷᠭᠡ ᠵᠢ ᠨᠢᠭᠲᠠ ᠠᠩᠬᠠᠷᠴᠤ᠂ ᠱᠠᠲᠤ ᠬᠤᠪᠢᠶᠠᠨ ᠡᠮᠬᠢᠯᠡᠵᠦ᠂ ᠬᠥᠮᠦᠨ᠎ᠳᠤ ᠬᠦᠷᠲᠡᠯ᠎ᠡ ᠵᠠᠳᠠᠯᠵᠤ᠂ ᠠᠯᠬᠤᠮ ᠬᠤᠪᠢᠶᠠᠨ ᠠᠬᠢᠭᠤᠯᠬᠤ ᠵᠢ ᠪᠡᠶᠡᠯᠡᠭᠦᠯᠬᠦ ᠬᠡᠷᠡᠭᠲᠡᠶ᠃ ᠭᠤᠷᠪᠠ᠎ᠳᠤ᠂ ᠰᠣᠶᠣᠯ ᠵᠢᠭᠤᠯᠴᠢᠯᠠᠯ᠎ᠢ ᠨᠢᠭᠡ ᠴᠤᠬ᠍ᠴᠠᠵᠢᠭᠤᠯᠤᠨ ᠬᠥᠭᠵᠢᠭᠦᠯᠬᠦ ᠵᠢ ᠶᠡᠬᠡ᠎ᠪᠠᠷ ᠠᠬᠢᠭᠤᠯᠵᠤ᠂ ᠰᠣᠶᠣᠯ ᠪᠠ ᠵᠢᠭᠤᠯᠴᠢᠯᠠᠯ᠎ᠢ ᠨᠡᠢ᠌ᠳᠬᠡᠨ ᠠᠭᠤᠰᠤᠯᠴᠠᠭᠤᠯᠬᠤ ᠠᠵᠢᠯ᠎ᠢ ᠰᠠᠢ᠌ᠲᠤᠷ ᠬᠢᠬᠦ ᠬᠡᠷᠡᠭᠲᠡᠢ᠃ ᠨᠢᠭᠡᠳᠦᠯᠲᠡᠶ ᠪᠠᠷᠢᠮᠵᠢᠶ᠎ᠠ ᠶᠣᠰᠣᠭ᠋ᠠᠷ ᠪᠦᠬᠦᠯᠢ ᠴᠣᠭᠴᠠ ᠵᠢᠨ ᠲᠥᠯᠥᠪᠵᠢᠭᠦᠯᠭᠡ ᠬᠢᠵᠦ᠂ ᠨᠢᠭᠡ ᠴᠣᠭᠴᠠᠵᠢᠭᠤᠯᠤᠨ ᠪᠠᠢ᠌ᠭᠤᠯᠵᠤ᠂ ᠴᠡᠭ ᠵᠶ᠋ᠡᠷ ᠨᠡᠢ᠌ᠳᠡᠮ᠎ᠢ ᠳᠠᠢ᠌ᠴᠢᠯᠠᠨ᠂ ᠡᠷᠢᠬᠡ ᠰᠤᠪᠤᠳ᠎ᠢ ᠬᠡᠯᠬᠢᠵᠦ ᠬᠡᠯᠬᠢᠶ᠎ᠡ ᠪᠣᠯᠭ᠋ᠠᠨ᠂ 《ᠢᠳᠡᠵᠦ ᠤᠤᠭᠤᠬᠤ ᠬᠣᠨᠣᠵᠤ ᠬᠡᠪᠲᠡᠬᠦ ᠶᠠᠪᠤᠵᠤ ᠰᠠᠭᠤᠬᠤ ᠵᠤᠭ᠋ᠠᠴᠠᠨ ᠲᠣᠭᠣᠷᠢᠬᠤ ᠬᠤᠳᠠᠯᠳᠤᠨ ᠠᠪᠬᠤ ᠵᠤᠭ᠎ᠠ ᠴᠡᠩᠭᠡᠯ》᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠵᠢᠭᠤᠯᠴᠢᠯᠠᠯ᠎ᠤᠨ ᠦᠢᠯᠡᠰ᠎ᠤᠨ ᠬᠡᠯᠪᠡᠷᠢ ᠪᠠᠢ᠌ᠳᠠᠯ᠎ᠢ ᠲᠠᠰᠤᠷᠠᠯᠲᠠ ᠥᠬᠡᠶ ᠪᠠᠶᠠᠯᠢᠭᠵᠢᠭᠤᠯᠤᠨ᠂ ᠬᠡᠪᠴᠢᠶᠡᠵᠢᠭᠦᠯᠦᠨ ᠬᠥᠭᠵᠢᠭᠦᠯᠬᠦ ᠦᠢᠯᠡᠳᠦᠯ᠎ᠢ ᠪᠣᠶ ᠪᠣᠯᠭ᠋ᠠᠬᠤ ᠵᠢᠨ ᠬᠠᠮᠲᠤ᠂ ᠡᠭᠦᠨ ᠵᠶ᠋ᠡᠷ ᠵᠢᠯᠣᠭᠣᠳᠣᠯᠭ᠎ᠠ ᠪᠣᠯᠭ᠋ᠠᠵᠤ᠂ ᠲᠤᠰᠬᠠᠶ ᠮᠡᠷᠭᠡᠵᠢᠯ᠎ᠤᠨ ᠪᠦᠯᠬᠦᠮ ᠨᠡᠢ᠌ᠲᠡ ᠵᠢ ᠵᠣᠬᠢᠶᠠᠨ ᠪᠠᠢ᠌ᠭᠤᠯᠤᠨ ᠴᠠᠭ ᠦᠶ᠎ᠡ᠎ᠲᠠᠢ ᠦᠨᠡᠨ ᠬᠦ᠌ ᠵᠡᠷᠭᠡ᠎ᠪᠠᠷ ᠤᠷᠤᠭᠰᠢᠯᠠᠭᠰᠠᠨ᠂ ᠠᠯᠠᠱ᠌ᠠ ᠵᠢᠨ ᠪᠣᠳᠠᠲᠤ ᠪᠠᠢ᠌ᠳᠠᠯ᠎ᠲᠠᠢ ᠨᠡᠢ᠌ᠴᠡᠭᠰᠡᠨ ᠵᠢᠯᠣᠭᠣᠳᠬᠤ ᠴᠢᠨᠠᠷᠲᠠᠶ ᠪᠢᠴᠢᠭ ᠮᠠᠲ᠋ᠧᠷᠢᠶᠠᠯ᠎ᠢ ᠨᠠᠢ᠌ᠷᠠᠭᠤᠯᠤᠨ ᠵᠤᠬᠢᠶᠠᠬᠤ ᠬᠡᠷᠡᠭᠲᠡᠢ  ᠃

ᠢᠷᠡᠯᠲᠡ᠄ ᠠᠯᠠᠱ᠌ᠠ ᠠᠢ᠌ᠮᠠᠭ᠎ᠤᠨ ᠰᠣᠶᠣᠯ ᠵᠢᠭᠤᠯᠴᠢᠯᠠᠯ ᠷᠠᠳᠢᠣ᠋ ᠲᠧᠯᠸᠢᠰ᠎ᠤᠨ ᠲᠣᠪᠴᠢᠶ᠎ᠠ
          
ᠬᠠᠮᠢᠶ᠎ᠡ ᠪᠦᠬᠦᠢ ᠰᠣᠨᠢᠨ
ᠴᠤᠤᠶᠠᠩ ᠬᠤᠳᠠ — ᠤᠯᠠᠭ᠋ᠠᠨᠬᠠᠳᠠ ᠬᠤᠳᠠ ᠬᠤᠩᠱ᠌ᠠᠨ᠎ᠤ ᠰᠣᠶᠣᠯ᠎ᠢ ᠰᠣᠶᠣᠯ᠎ᠤᠨ ᠥᠪ ᠵᠶ᠋ᠡᠷ ᠭᠤᠶᠤᠴᠢᠯᠠᠨ ᠮᠡᠳᠡᠭᠦᠯᠬᠦ ᠠᠵᠢᠯ᠎ᠢ ᠠᠬᠢᠭᠤᠯᠬᠤ ᠰᠠᠭᠤᠳᠠᠯ᠎ᠤᠨ ᠬᠤᠷᠠᠯ ᠬᠤᠷᠠᠯᠳᠤᠪᠠ
ᠣᠷᠳᠣᠰ ᠬᠣᠲᠠ ᠵᠢᠨ ᠰᠣᠶᠣᠯ ᠪᠠ ᠵᠢᠭᠤᠯᠴᠢᠯᠠᠯ᠎ᠤᠨ ᠲᠣᠪᠴᠢᠶ᠎ᠠ ᠬᠤᠳᠠᠯᠳᠤᠭ᠎ᠠ ᠡᠵᠡᠩᠨᠡᠬᠦ ᠣᠷᠴᠢᠨ ᠨᠥᠬᠥᠴᠡᠯ᠎ᠢ ᠰᠢᠯᠢᠳᠡᠭᠵᠢᠭᠦᠯᠬᠦ ᠠᠵᠢᠯ᠎ᠢ ᠠᠬᠢᠭᠤᠯᠬᠤ ᠬᠤᠷᠠᠯ ᠬᠤᠷᠠᠯᠳᠤᠭᠤᠯᠪᠠ
ᠲᠦᠩᠯᠢᠶᠣᠤ ᠬᠣᠲᠠ ᠵᠢᠨ ᠰᠣᠶᠣᠯ ᠵᠢᠭᠤᠯᠴᠢᠯᠠᠯ ᠷᠠᠳᠢᠣ᠋ ᠲᠧᠯᠸᠢᠰ᠎ᠤᠨ ᠲᠣᠪᠴᠢᠶ᠎ᠠ《ᠭᠤᠷᠪᠠᠨ ᠵᠦᠢᠯ᠎ᠤᠨ ᠠᠷᠭ᠎ᠠ ᠬᠡᠮᠵᠢᠶ᠎ᠡ》᠎ᠪᠠᠷ ᠨᠠᠰᠤᠵᠢᠯ᠎ᠤᠨ ᠠᠰᠠᠷᠠᠮᠵᠢ ᠵᠢᠨ ᠮᠡᠬᠡᠯᠡᠯ᠎ᠳᠤ ᠴᠣᠬᠢᠯᠲᠠ ᠥᠭᠴᠦ ᠴᠡᠭᠴᠡᠯᠡᠨ ᠵᠠᠰᠠᠬᠤ ᠲᠤᠰᠬᠠᠶ ᠠᠵᠢᠯᠯᠠᠭ᠎ᠠ ᠵᠢ ᠪᠦᠲᠦᠮᠵᠢᠲᠡᠶ ᠥᠷᠨᠢᠭᠦᠯᠪᠡ
ᠬᠢᠩᠭ᠋ᠠᠨ ᠠᠶ᠋ᠢᠮᠠᠭ᠎ᠤᠨ ᠰᠣᠶᠣᠯ ᠵᠢᠭᠤᠯᠴᠢᠯᠠᠯ ᠪᠡᠶ᠎ᠡ ᠵᠢᠨ ᠲᠠᠮᠢᠷ᠎ᠤᠨ ᠲᠣᠪᠴᠢᠶ᠎ᠠ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠲᠤᠰᠬᠠᠶ ᠰᠡᠳᠦᠪᠲᠦ ᠰᠤᠷᠤᠯᠴᠠᠯᠭ᠎ᠠ ᠪᠣᠯᠪᠠᠰᠤᠷᠠᠯ ᠥᠷᠨᠢᠭᠦᠯᠪᠡ
ᠠᠯᠠᠱ᠌ᠠ ᠠᠶ᠋ᠢᠮᠠᠭ ᠵᠢᠭᠤᠯᠴᠢᠯᠠᠯ᠎ᠤᠨ ᠦᠢ᠍ᠯᠡᠴᠢᠯᠡᠭᠡᠨ᠎ᠤ ᠶᠠᠰᠤ ᠴᠢᠨᠠᠷ᠎ᠤᠨ ᠪᠠᠲᠤᠯᠠᠭ᠎ᠠ ᠵᠢᠨ ᠮᠥᠩᠭᠥ ᠵᠢ 100 % ᠎ᠪᠠᠷ ᠲᠦᠷ ᠪᠤᠴᠠᠭ᠋ᠠᠵᠤ᠂ ᠵᠢᠭᠤᠯᠴᠢᠯᠠᠯ᠎ᠤᠨ ᠬᠤᠷᠢᠶᠠᠨ᠎ᠤ ᠪᠠᠯᠠ ᠮᠥᠩᠬᠦᠨ᠎ᠤ ᠳᠠᠷᠤᠯᠲᠠ ᠵᠢ ᠨᠠᠮᠳᠠᠭᠤᠯᠪᠠ
 
            